ᠣᠯᠠᠭᠠᠠᠳᠤᠭ ᠲᠣᠰᠬᠤᠨ ᠪᠠᠶᠠᠵᠢᠨ ᠴᠢᠨᠡᠭᠡᠯᠢᠭᠵᠢᠭᠦ ᠠᠶᠠᠨ ᠵᠠᠮ ᠳᠤ ᠨᠢᠭᠡ ᠡᠷᠤᠭᠡ ᠨᠢᠭᠡ ᠭᠥᠮᠤᠨ ᠢ ᠴᠦ ᠣᠷᠬᠢᠭᠳᠠᠭᠤᠯᠬᠤ ᠦᠭᠡᠢ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2019-09-11
    ᠣᠯᠠᠭᠠᠠᠳᠤᠭ ᠲᠣᠰᠬᠤᠨ ᠪᠣᠯ ᠮᠠᠨ ᠤ ᠬᠤᠰᠢᠭᠤᠨ ᠤ ᠤᠯᠠᠭᠠᠠᠳᠤᠯᠤᠭᠠᠢ ᠪᠠᠯᠭᠠᠰᠤᠨ ᠤ ᠪᠠᠷᠠᠭᠤᠨ ᠡᠮᠦᠨ᠎ᠡ ᠵᠠᠬ᠎ᠠ ᠳᠤ ᠪᠠᠶᠢᠷᠢᠯᠠᠨ ᠬᠤᠰᠢᠭᠤ ᠵᠠᠰᠠᠭ ᠤᠨ ᠣᠷᠳᠣᠨ ᠠᠴᠠ 45 ᠺᠢᠯᠣᠮᠧᠲᠷ ᠵᠠᠶᠢᠲᠠᠶ  ᠪᠠᠶᠢᠵᠤ᠂  ᠪᠦᠬᠦ  ᠲᠤᠰᠬᠤᠨ ᠳᠤ ᠨᠠᠶᠢᠳᠠ 5 ᠬᠤᠷᠰᠢᠶ᠎ᠠ 469 ᠡᠷᠦᠬᠡ 1225 ᠬᠥᠮᠦᠨ ᠠᠮᠠ ᠲᠠᠢ ᠪᠠᠶᠢᠵᠣ ᠡᠭᠦᠨ ᠳᠤ ᠪᠠᠶᠢᠩᠭᠤ ᠰᠠᠭᠤᠭ᠎ᠠ 273 ᠡᠷᠤᠭᠡ 890 ᠭᠥᠮᠤᠨ ᠠᠮᠠ ᠲᠠᠢ ᠪᠠᠶᠢᠳᠠᠭ᠃ ᠤᠶᠢᠷ᠎ᠠ ᠶᠢᠨ ᠵᠢᠯ ᠠᠴᠠ ᠣᠯᠠᠭᠠᠠᠳᠤᠭ ᠲᠣᠰᠬᠤᠨ  ᠨᠢ  ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠬᠥᠳᠡᠯᠮᠦᠷᠢ ᠬᠦᠴᠦᠨ ᠢ ᠭᠠᠳᠠᠭᠰᠢ ᠰᠢᠯᠵᠢᠭᠦᠯᠭᠦ ᠵᠡᠷᠭᠡ ᠠᠷᠭ᠎ᠠ ᠬᠡᠮᠵᠢᠶ᠎ᠡ ᠪᠠᠷ ᠲᠣᠰᠬᠤᠨ ᠤ ᠠᠷᠠᠳ ᠤᠨ ᠠᠮᠢᠳᠤᠷᠠᠯ ᠢ ᠳᠠᠰᠣᠷᠠᠯᠳᠠ ᠥᠭᠡᠢ ᠰᠠᠶᠢᠵᠢᠷᠠᠭᠤᠯᠵᠤ᠂ 2018 ᠣᠨ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 18 ᠲᠦᠮᠡᠨ ᠲᠥᠭᠦᠷᠢᠭ ᠬᠦᠷᠬᠡᠵᠣ᠂ 2021ᠣᠨ ᠪᠣᠯᠬᠤ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠣᠭᠲᠠᠭᠤᠨ ᠣᠷᠣᠯᠭ᠎ᠠ ᠶᠢ ᠳᠦᠰᠦᠬᠡᠯᠡᠪᠠᠯ 40 ᠲᠦᠮᠡᠨ  ᠲᠥᠭᠦᠷᠢᠭ ᠲᠤ ᠭᠥᠷᠭᠡᠨ ᠲᠣᠰᠬᠤᠨ ᠤ ᠠᠷᠠᠳ ᠢᠶᠠᠨ ᠳᠠᠶᠢᠴᠢᠯᠠᠨ ᠬᠠᠮᠲᠤᠪᠠᠷ ᠪᠠᠶᠠᠵᠢᠨ ᠴᠢᠨᠡᠭᠡᠯᠢᠭᠵᠢᠬᠦ ᠪᠠᠷ ᠬᠦᠴᠦᠯᠡᠵᠣ ᠪᠠᠶᠢᠭ᠎ᠠ  ᠶᠣᠮ᠃      ᠰᠤᠷᠪᠤᠯᠵᠢᠯᠠᠭᠴᠢ ᠣᠯᠠᠭᠠᠠᠳᠤᠭ ᠲᠣᠰᠬᠤᠨ ᠤ ᠬᠠᠮᠲᠤ ᠶᠢᠨ ︽ᠢᠳᠡᠰᠢᠨ ᠨᠣᠭᠤᠭ᠎ᠠ︾  ᠶᠢᠨ ᠰᠠᠭᠤᠷᠢᠨ ᠭᠠᠵᠠᠷ ᠲᠤ ᠭᠥᠷᠭᠦ  ᠳᠤ ᠲᠣᠰᠬᠤᠨ ᠤ ᠠᠷᠠᠳ ᠶᠠᠭ ᠰᠠᠢᠬᠠᠨ ᠬᠦᠯᠡᠮᠵᠢ ᠳᠤ ᠴᠤᠭᠤᠷ ᠨᠣᠭᠤᠭᠠᠨ ᠤ ᠴᠢᠬᠢ ᠶᠢ ᠰᠢᠯᠵᠢᠭᠦᠯᠣᠨ ᠲᠠᠷᠢᠵᠤ ᠪᠠᠶᠢᠯ᠎ᠠ᠃ ᠡᠨᠡ ᠪᠣᠯ ᠲᠣᠰᠬᠤᠨ ᠠᠴᠠ ᠢᠳᠡᠰᠢᠨ ᠨᠣᠭᠤᠭᠠᠨ ᠤ ᠰᠠᠷᠠᠪᠴᠢ ᠪᠠᠶᠢᠭᠤᠯᠤᠭᠰᠠᠨ   ᠤ ᠳᠠᠷᠠᠭᠠᠬᠢ ᠲᠠᠷᠢᠭᠰᠠᠨ ᠠᠩᠬᠠᠳᠠᠭᠴᠢ ᠢᠳᠡᠰᠢᠨ ᠨᠣᠭᠤᠭ᠎ᠠ ᠪᠣᠯᠤᠨ᠎ᠠ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠶᠠᠠᠳᠤ ᠪᠢᠳᠠᠨ ᠳᠤ ᠣᠳᠣᠬᠠᠨ ᠳᠤ ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ ᠡᠯ᠎ᠡ ᠲᠥᠷᠥᠯ ᠤᠨ ᠢᠳᠡᠰᠢᠨ ᠨᠣᠭᠤᠭ᠎ᠠ ᠶᠢ ᠰᠢᠯᠵᠢᠭᠦᠯᠦᠨ ᠲᠠᠷᠢᠬᠤ ᠠᠵᠢᠯ ᠢ ᠨᠢᠭᠡᠨᠲᠡ ᠪᠡᠶᠡᠯᠡᠭᠦᠯᠵᠦ ᠵᠢᠱᠢᠯᠲᠡ ᠪᠠᠷ ᠡᠨᠡ ᠵᠢᠯ ᠤᠨ 10 ᠰᠠᠷ᠎ᠠ ᠳᠤ ᠪᠥᠭᠦᠨ ᠢ ᠵᠠᠬ᠎ᠠ ᠳᠡᠯᠭᠡᠭᠦᠷ ᠲᠤ ᠭᠠᠷᠭᠠᠬᠤ ᠪᠣᠯᠤᠨ᠎ᠠ᠃ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠲᠤᠰᠬᠤᠨ ᠳᠤ  ᠨᠠᠩ ᠠᠷᠪᠢᠨ ᠠᠵᠤ ᠠᠬᠤᠢ ᠶᠢᠨ ᠦᠷ᠎ᠡ ᠠᠰᠢᠭ ᠢ ᠡᠭᠦᠳᠥᠭᠰᠠᠨ ᠮᠥᠷᠲᠡᠭᠡᠨ ᠪᠠᠰᠠ ᠲᠤᠬᠠᠶ ᠶᠢᠨ ᠭᠠᠵᠠᠷ ᠤᠨ ᠲᠤᠰᠬᠤᠨ ᠤ ᠠᠷᠠᠳ ᠲᠤ ᠡᠭᠦᠳᠡᠨ ᠲᠡᠭᠡᠷ᠎ᠡ ᠨᠢ ᠠᠵᠢᠯ ᠤᠨ ᠪᠠᠶᠢᠷᠢ ᠬᠠᠩᠭᠠᠭᠰᠠᠨ ᠶᠣᠮ ᠭᠡᠵᠤ ᠶᠠᠷᠢᠵᠤ ᠪᠠᠶᠢᠯ᠎ᠠ᠃     ᠲᠣᠰᠬᠤᠨ ᠤ ᠠᠷᠠᠳ ᠹᠠᠨ ᠹᠧᠨ ᠯᠢᠶᠠᠨ ᠰᠣᠷᠪᠣᠯᠵᠢᠯᠠᠭ᠎ᠠ ᠶᠢ ᠬᠦᠯᠢᠶᠡᠬᠦ ᠳᠡᠭᠡᠨ ᠲᠤᠰᠬᠤᠨ ᠠᠴᠠ  ᠡᠳᠡᠬᠡᠷ ᠢᠳᠡᠰᠢᠨ ᠨᠤᠭᠤᠭᠠᠨ ᠤ ᠰᠠᠷᠠᠪᠴᠢ ᠶᠢ ᠪᠠᠶᠢᠭᠤᠯᠤᠭᠰᠠᠨ ᠨᠢ ᠮᠠᠨ ᠤ ᠣᠯᠠᠨ ᠲᠦᠮᠡᠨ ᠳᠤ ᠠᠪᠴᠤ ᠬᠡᠯᠡᠪᠡᠯ ᠡᠯ᠎ᠡ ᠲᠠᠯ᠎ᠠ ᠪᠠᠷ ᠪᠦᠷ ᠰᠠᠶᠢᠨ ᠲᠠᠯ᠎ᠠ ᠲᠠᠢ᠂ ᠥᠩᠭᠡᠷᠡᠭᠰᠡᠨ ᠳᠤ ᠪᠢᠳᠡ ᠭᠢᠭᠦ ᠠᠵᠢᠯ ᠥᠭᠡᠢ ᠮᠥᠷᠳᠡᠭᠡᠨ ᠭᠥᠳᠡᠯᠮᠤᠷᠢ ᠭᠥᠴᠤ ᠪᠠᠶᠢᠭᠰᠠᠨ ᠴᠤ ᠬᠥᠯᠥᠰᠥᠨ ᠠᠵᠢᠯ ᠭᠢᠭᠦ ᠭᠠᠵᠠᠷ ᠦᠭᠡᠢ ᠪᠠᠶᠢᠭᠰᠠᠨ᠂ ᠤᠳᠤ ᠡᠳᠡᠭᠡᠷ ᠢ ᠪᠥᠷ ᠪᠠᠶᠠᠯᠠᠭᠦᠯᠥᠭᠰᠠᠨ ᠶᠣᠮ᠃ ᠬᠤᠰᠢᠭᠤ᠂ ᠪᠠᠯᠭᠠᠰᠤᠨ ᠤ ᠨᠠᠮ ᠵᠠᠰᠠᠭ ᠠᠴᠠ ᠮᠠᠨ ᠤ ᠣᠯᠠᠨ ᠲᠦᠮᠡᠨ ᠢ ᠣᠨᠴᠠᠭᠠᠢ ᠬᠠᠯᠠᠮᠵᠢᠯᠠᠵᠤ ᠪᠠᠶᠢᠨ᠎ᠠ᠂ ᠨᠠᠳᠠᠳᠤ ᠠᠪᠴᠤ ᠭᠡᠯᠡᠪᠠᠯ ᠨᠢᠭᠡ ᠡᠳᠦᠷ ᠬᠥᠯᠥᠰᠥᠨ ᠠᠵᠢᠯ ᠬᠢᠪᠡᠯ 150 ᠲᠥᠭᠦᠷᠢᠭ ᠤᠨ ᠭᠥᠯᠤᠰᠤ ᠮᠥᠩᠭᠦ ᠣᠯᠵᠤ᠂ ᠠᠶᠢᠯ ᠭᠡᠷ ᠤᠨ ᠢᠶᠠᠨ ᠣᠷᠣᠯᠭ᠎ᠠ ᠪᠠᠨ ᠴᠤ ᠨᠡᠮᠡᠭᠳᠡᠭᠦᠯᠵᠦ ᠪᠠᠶᠢᠨ᠎ᠠ ᠬᠡᠪᠡ᠃      2018 ᠣᠨ ᠤ ᠵᠢᠯ ᠤᠨ ᠡᠴᠦᠰ ᠲᠤ ᠣᠯᠠᠭᠠᠠᠳᠤᠭ ᠲᠣᠰᠬᠤᠨ ᠨᠢ 150 ᠲᠦᠮᠡᠨ ᠲᠥᠭᠦᠷᠢᠭ ᠤᠨ ᠲᠡᠭᠡᠳᠤ ᠱᠠᠲᠤᠨ ᠤ ᠪᠠᠯᠠ ᠮᠥᠩᠭᠦ ᠪᠠ 80 ᠲᠦᠮᠡᠨ ᠲᠥᠭᠦᠷᠢᠭ ᠤᠨ ᠲᠣᠰᠬᠤᠨ ᠤ ᠬᠠᠮᠲᠤ ᠶᠢᠨ ᠪᠠᠯᠠ ᠮᠥᠩᠭᠦ ᠶᠢ ᠴᠢᠷᠮᠠᠶᠢᠨ ᠣᠯᠵᠣ ᠪᠠᠷᠢᠯᠭ᠎ᠠ ᠶᠢᠨ ᠲᠠᠯᠠᠪᠠᠢ ᠨᠢ 101 ᠮᠤ᠋᠂ ᠡᠵᠡᠯᠠᠭᠦ ᠲᠠᠯᠠᠪᠠᠢ ᠨᠢ130 ᠮᠤ᠋ ᠶᠢᠨ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠢ ᠪᠦᠲᠦᠭᠡᠨ  ᠪᠠᠶᠢᠭᠤᠯᠵᠤ᠂ ᠡᠭᠦᠨ ᠳᠤ 4 ᠭᠥᠯᠡᠮᠵᠢᠳᠤ ᠰᠠᠷᠠᠪᠴᠢ ᠪᠠ 60 ᠰᠦᠯᠢᠶᠣᠣ ᠰᠠᠷᠠᠪᠴᠢ ᠪᠠᠶᠢᠭᠤᠯᠵᠠᠢ᠃ ᠲᠣᠰᠬᠤᠨ ᠤ ᠵᠥᠪᠯᠠᠯ ᠤᠨ ᠲᠥᠯᠥᠪᠯᠡᠭᠡ ᠪᠠᠷ ᠭᠤᠷᠪᠠᠨ ᠵᠢᠯ ᠤᠨ ᠬᠤᠭᠤᠴᠠᠭ᠎ᠠ ᠶᠢ ᠭᠡᠷᠡᠭᠰᠠᠨ ᠡᠨᠡᠭᠦ ᠰᠠᠭᠤᠷᠢᠨ ᠭᠠᠵᠠᠷ ᠢ ᠭᠠᠵᠠᠷ ᠣᠷᠣᠨ ᠤ ᠣᠨᠴᠠᠯᠢᠭᠳᠣ ᠢᠳᠡᠰᠢᠨ ᠨᠣᠭᠤᠭ᠎ᠠ ᠲᠠᠷᠢᠬᠤ᠂ ᠬᠦᠢᠲᠡᠨ ᠢᠶᠠᠷ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠠᠳᠠᠭᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ᠂ ᠮᠡᠳᠡᠭᠡ ᠵᠠᠩᠭᠢ ᠵᠡᠷᠭᠡ ᠴᠢᠳᠠᠮᠵᠢᠳᠣ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠤᠯᠤᠨ᠎ᠠ᠃ ︽ᠨᠠᠮ ᠤᠨ ᠡᠭᠦᠷ  +  ᠬᠤᠷᠰᠢᠶᠠᠵᠢᠯ + ᠠᠵᠤ ᠠᠬᠤᠢᠯᠠᠯ + ᠰᠠᠭᠤᠷᠢᠨ ᠭᠠᠵᠠᠷ  + ᠮᠠᠯᠵᠢᠬᠤ ᠲᠠᠷᠢᠶᠠᠯᠠᠬᠤ ᠡᠷᠦᠬᠡ︾ ᠶᠢᠨ ᠠᠵᠤ ᠣᠶᠢᠯᠡᠰᠵᠢᠭᠰᠡᠨ ᠡᠵᠡᠩᠨᠡᠯᠲᠡ ᠶᠢᠨ ᠵᠠᠭᠪᠤᠷ ᠶᠣᠰᠣᠭᠠᠷ ᠵᠢᠱᠢᠪᠠᠯ 2019 ᠣᠨ ᠡᠴᠦᠰ ᠲᠤ ᠪᠣᠯᠬᠤ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 25 ᠲᠦᠮᠡᠨ ᠲᠥᠭᠦᠷᠢᠭ ᠠᠴᠠ ᠳᠡᠭᠡᠭᠰᠢ ᠭᠥᠷᠭᠡᠵᠤ᠂ 2020 ᠣᠨ ᠤ ᠡᠴᠦᠰ ᠪᠣᠯᠬᠤ ᠳᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 30 ᠲᠦᠮᠡᠨ ᠲᠥᠭᠦᠷᠢᠭ ᠠᠴᠠ ᠳᠡᠭᠡᠭᠰᠢ ᠬᠦᠷᠬᠡᠬᠦ ᠪᠤᠯᠤᠨ᠎ᠠ᠃ ᠡᠭᠦᠨ ᠤ ᠬᠠᠮᠲᠤ ᠢᠳᠡᠰᠢᠨ ᠨᠣᠭᠤᠭ᠎ᠠ ᠵᠥᠭᠡᠭᠡᠪᠤᠷᠢᠯᠠᠭᠦ ᠪᠠ ᠲᠣᠰᠬᠤᠨ ᠤ ᠠᠷᠠᠳ ᠲᠤ ᠳᠥᠭᠦᠮ ᠦᠵᠡᠭᠦᠯᠬᠦ ᠶᠢᠨ ᠲᠥᠯᠥᠭᠡ ᠲᠣᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ ᠬᠢᠨ ᠪᠠᠰᠠ ᠲᠤᠰᠬᠤᠨ ᠤ ᠵᠠᠮ  ᠢ ᠰᠠᠯᠪᠢᠨ ᠵᠠᠰᠠᠬᠤ ᠠᠵᠢᠯ ᠢ ᠵᠣᠬᠢᠴᠠᠭᠤᠯᠤᠨ ᠰᠢᠢᠳᠪᠣᠷᠢᠯᠡᠵᠡᠢ᠃     ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠣᠯᠠᠭᠠᠠᠳᠤᠭ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠶᠠᠨᠲᠤ ᠰᠣᠷᠪᠣᠯᠵᠢᠯᠠᠭ᠎ᠠ ᠬᠦᠯᠢᠶᠡᠬᠦ ᠳᠡᠭᠡᠨ ᠣᠯᠠᠭᠠᠠᠳᠤᠭ ᠲᠣᠰᠬᠤᠨ ᠳᠤ ᠠᠵᠢᠯ ᠢᠶᠠᠷ ᠪᠠᠭᠤᠬᠤ ᠥᠶ᠎ᠠ ᠳᠤ ᠱᠢ ᠯᠢᠨ ᠬᠢᠮᠢ ᠶᠢᠨ ᠠᠵᠤ  ᠥᠢᠯᠡᠳᠪᠤᠷᠢ ᠠᠴᠠ ᠲᠣᠰᠬᠤᠨ ᠳᠤ ᠬᠦᠷᠬᠦ  2.4 ᠺᠢᠯᠣᠮᠧᠲᠷ ᠵᠠᠮ ᠰᠥᠷᠭᠡᠢ ᠡᠪᠳᠠᠷᠠᠵᠤ ᠬᠠᠭᠤᠴᠢᠷᠠᠭᠠᠳ ᠪᠠᠶᠢᠭᠰᠠᠨ᠂ ᠢᠩᠭᠢᠭᠡᠳ ᠪᠢᠳᠡ ᠪᠠᠶᠢᠭᠠᠯᠢ ᠶᠢᠨ ᠬᠡᠢ ᠨᠡᠬᠡᠬᠡᠨ ᠠᠰᠢᠭᠯᠠᠬᠤ ᠲᠠᠪᠤᠳᠤᠭᠠᠷ ᠥᠢᠯᠡᠳᠪᠤᠷᠢ ᠲᠠᠢ ᠣᠯᠠᠨ ᠤᠳᠠᠭ᠎ᠠ ᠵᠥᠪᠳᠡᠯᠴᠡᠭᠡᠳ 250 ᠲᠦᠮᠡᠨ ᠲᠦᠬᠦᠷᠢᠭ ᠤᠨ ᠪᠡᠯᠡ ᠭᠠᠷᠭᠠᠨ ᠳᠣᠰ ᠵᠠᠮ ᠢ ᠵᠠᠰᠠᠨ ᠰᠠᠯᠪᠢᠬᠦ ᠪᠠᠷ ᠪᠣᠯᠣᠭᠰᠠᠨ ᠶᠣᠮ᠃ ᠤᠳᠤᠬᠠᠨ  ᠳᠤ ᠡᠨᠡ ᠵᠠᠮ ᠢ ᠶᠠᠭ ᠵᠠᠰᠠᠬᠤ ᠪᠠᠷ ᠪᠠᠶᠢᠨ᠎ᠠ᠃ ᠡᠨᠡ ᠵᠠᠮ ᠢ ᠵᠠᠰᠠᠴᠢᠬᠠᠪᠠᠯ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤᠨ ᠶᠠᠪᠤᠵᠤ ᠰᠠᠭᠤᠬᠤ ᠳᠤ ᠳᠥᠭᠦᠮ  ᠪᠤᠯᠬᠤ ᠪᠥᠭᠡᠳ ᠢᠳᠡᠰᠢᠨ ᠨᠣᠭᠤᠭᠠᠨ ᠰᠠᠭᠤᠷᠢᠨ ᠭᠠᠵᠠᠷ ᠤᠨ ᠪᠦᠲᠦᠭᠡᠭᠳᠡᠬᠦᠨ ᠢ ᠲᠡᠭᠡᠭᠡᠪᠦᠷᠢᠯᠡᠬᠦ ᠳᠤ ᠨᠡᠩ ᠳᠥᠭᠦᠮ ᠪᠤᠯᠬᠤ ᠶᠤᠮ ᠬᠡᠪᠠ᠃     ᠣᠯᠠᠭᠠᠠᠳᠤᠭ ᠲᠣᠰᠬᠤᠨ ᠤ ᠠᠷᠠᠳ ᠦ᠋ ᠢᠦᠢ ᠫᠧᠩ ᠰᠣᠷᠪᠣᠯᠵᠢᠯᠠᠭ᠎ᠠ ᠬᠦᠯᠢᠶᠡᠬᠦ ᠳᠡᠭᠡᠨ ᠵᠠᠮ ᠮᠠᠭᠤ ᠪᠣᠯᠬᠤᠷ ᠲᠡᠷᠭᠡ ᠪᠠᠨ ᠵᠢᠯᠤᠭᠤᠳᠤᠭᠠᠳ ᠨᠠᠰᠢ ᠴᠠᠰᠢ ᠵᠠᠮᠨᠠᠬᠤ ᠳᠤ ᠲᠤᠩ ᠬᠦᠴᠢᠷᠲᠡᠶ᠂ ᠤᠳᠤ  ᠲᠣᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ ᠬᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠠᠵᠣ ᠠᠬᠤᠶᠢᠯᠡᠯ ᠲᠠᠢ ᠬᠠᠷᠢᠯᠴᠠᠵᠣ ᠵᠣᠬᠢᠴᠠᠭᠤᠯᠬᠤ ᠪᠠᠷ ᠳᠠᠮᠵᠢᠨ ᠡᠨᠡ ᠭᠡᠰᠡᠭ ᠵᠠᠮ ᠢ ᠰᠠᠯᠪᠢᠨ ᠵᠠᠰᠠᠬᠤ ᠪᠠᠷ ᠪᠤᠯᠤᠭᠰᠠᠨ ᠪᠠᠶᠢᠨ᠎ᠠ᠃ ᠪᠢ ᠮᠠᠰᠢ ᠪᠠᠶᠠᠷᠯᠠᠵᠤ ᠪᠠᠶᠢᠨ᠎ᠠ᠃ ᠮᠠᠨ ᠤ ᠲᠣᠰᠬᠤᠨ ᠤ ᠬᠥᠮᠦᠰ ᠴᠤ ᠪᠦᠷ ᠶᠡᠭᠡ ᠪᠠᠷ ᠲᠠᠮᠵᠢᠨ᠎ᠠ ᠬᠡᠪᠠ᠃     ᠣᠯᠠᠭᠠᠠᠳᠤᠭ ᠲᠣᠰᠬᠤᠨ ᠤ 55 ᠨᠠᠰᠤᠲᠠᠶ ᠲᠣᠰᠬᠤᠨ ᠤ ᠠᠷᠠᠳ ᠵᠤᠤ ᠶᠦᠨ ᠱᠠᠨ ᠰᠣᠷᠪᠣᠯᠵᠢᠯᠠᠭ᠎ᠠ ᠬᠦᠯᠢᠶᠡᠬᠦ ᠳᠡᠭᠡᠨ 2012 ᠣᠨ ᠠᠴᠠ ᠡᠮᠦᠨ᠎ᠡ ᠪᠢ ᠡᠬᠡᠨᠡᠷ ᠲᠠᠢ ᠪᠠᠨ ᠬᠤᠶᠠᠭᠤᠯᠠ ᠪᠠᠨ ᠪᠥᠷ ᠡᠪᠡᠳᠴᠢᠨ ᠳᠠᠬᠤᠯ  ᠳᠤ ᠨᠡᠷᠪᠡᠭᠳᠡᠭᠰᠠᠨ ᠮᠦᠷᠳᠡᠬᠡᠨ ᠭᠤᠷᠪᠠᠨ ᠭᠡᠤᠭᠡᠳ ᠴᠤ ᠰᠠᠣᠷᠭᠠᠭᠤᠯᠢ ᠰᠣᠶᠣᠯ ᠤᠨ ᠮᠦᠷ ᠬᠦᠬᠡᠬᠡᠵᠣ ᠪᠠᠶᠢᠭᠰᠠᠨ ᠪᠣᠯᠬᠤᠷ ᠠᠮᠢᠳᠤᠷᠠᠯ ᠮᠠᠰᠢ ᠬᠦᠴᠢᠷᠲᠡᠶ ᠪᠠᠶᠢᠵᠡᠢ᠃ 2012 ᠣᠨ ᠳᠤ ᠲᠤᠰᠬᠤᠨ ᠤ ᠨᠠᠮ ᠤᠨ ᠡᠭᠦᠷ ᠤᠨ ᠱᠥᠵᠢ ᠶᠢᠨ ᠲᠠᠨᠢᠯᠴᠠᠭᠤᠯᠭ᠎ᠠ ᠪᠠᠷ ᠲᠤᠰ ᠬᠢᠮᠢ ᠶᠢᠨ ᠣᠶᠢᠯᠡᠳᠪᠣᠷᠢ ᠳᠤ ᠢᠷᠠᠵᠤ ᠠᠵᠢᠯᠯᠠᠭᠰᠠᠨ ᠶᠤᠮ᠂ ᠴᠢᠯᠥᠭᠡ ᠵᠠᠪ ᠢᠶᠠᠷ ᠢᠶᠠᠨ ᠢᠳᠡᠰᠢᠨ ᠨᠣᠭᠤᠭᠠᠨ ᠰᠠᠭᠤᠷᠢᠨ ᠭᠠᠵᠠᠷ ᠲᠤ ᠠᠷ ᠰᠠᠷ ᠠᠵᠢᠯ ᠬᠢᠵᠦ ᠴᠠᠯᠢᠩ ᠮᠦᠩᠬᠦ ᠤᠯᠵᠤ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠤᠨ ᠠᠮᠢᠳᠤᠷᠠᠯ ᠢᠶᠠᠨ ᠲᠡᠭᠡᠭᠰᠢ ᠲᠠᠳᠠᠭᠰᠠᠭᠠᠷ ᠢᠷᠡᠭᠰᠠᠨ᠂ ᠮᠠᠨ ᠤ ᠠᠮᠢᠳᠣᠷᠠᠯ ᠣᠳᠣ ᠨᠡᠯᠢᠶᠠᠳ ᠵᠥᠭᠡᠷ ᠪᠤᠯᠤᠭᠰᠠᠨ᠂ ᠶᠡᠭᠡ ᠬᠡᠣᠬᠡᠨ ᠪᠠᠰᠠ ᠠᠵᠢᠯᠯᠠᠵᠠᠶ᠃ ᠬᠤᠶᠠᠷ ᠪᠠᠭ᠎ᠠ ᠨᠢ ᠣᠳᠣ ᠪᠠᠰᠠ ᠪᠢᠴᠢᠭ ᠦᠵᠡᠵᠦ ᠪᠠᠢᠨ᠎ᠠ᠃ ᠮᠠᠨ ᠤ ᠭᠡᠷ ᠤᠨ ᠣᠷᠣᠯᠭ᠎ᠠ ᠡᠨᠡ ᠬᠤᠶᠠᠷ ᠬᠡᠣᠬᠡᠳ ᠢ ᠪᠢᠴᠢᠭ ᠥᠵᠠᠭᠦᠯᠭᠦ ᠳᠤ ᠭᠥᠷᠴᠢᠭᠡᠨ᠎ᠠ ᠬᠡᠵᠣ ᠪᠠᠶᠠᠷᠳᠡᠢ ᠦᠬᠦᠯᠡᠵᠣ ᠪᠠᠶᠢᠯ᠎ᠠ᠃     ᠱᠢ ᠯᠢᠨ ᠬᠢᠮᠢ ᠶᠢᠨ ᠠᠵᠤ ᠥᠢᠯᠡᠳᠪᠤᠷᠢ ᠶᠢᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ   ᠨᠠᠮ ᠪᠠ ᠣᠯᠠᠨ ᠲᠦᠮᠡᠨ ᠤ ᠠᠵᠢᠯ ᠶᠢᠨ ᠬᠡᠯᠲᠡᠰ ᠤᠨ ᠳᠡᠳ᠋ ᠳᠠᠷᠤᠭ᠎ᠠ ᠮᠧᠩ ᠹᠠᠨ ᠱᠦᠶ ᠰᠣᠷᠪᠣᠯᠵᠢᠯᠠᠭ᠎ᠠ ᠬᠦᠯᠢᠶᠡᠬᠦ ᠳᠡᠭᠡᠨ ᠡᠨᠡ ᠬᠡᠳᠦᠨ ᠵᠢᠯ ᠤᠨ ᠲᠤᠷᠰᠢ ᠮᠠᠨ ᠤ ᠣᠶᠢᠯᠡᠳᠪᠣᠷᠢ ᠳᠤ ᠠᠵᠢᠯ ᠣᠯᠣᠭᠰᠠᠳ ᠤᠨ ᠳᠤᠭ᠎ᠠ ᠨᠡᠶᠢᠲᠡ 20 ᠭᠠᠷᠤᠶ ᠬᠥᠮᠥᠨ ᠤᠳᠠᠭ᠎ᠠ ᠳᠤ ᠬᠦᠷᠴᠣ᠂ ᠰᠠᠷ᠎ᠠ ᠪᠦᠷᠢ ᠬᠡᠳᠦᠨ ᠮᠢᠩᠭᠠᠨ ᠲᠥᠭᠦᠷᠢᠭ ᠤᠨ ᠲᠣᠭᠲᠠᠮᠠᠯ ᠣᠷᠣᠯᠭ᠎ᠠ ᠲᠠᠢ ᠪᠤᠯᠤᠭᠰᠠᠨ᠂ ᠬᠡᠳᠦᠨ ᠡᠷᠦᠬᠡ ᠨᠢᠭᠡᠨᠲᠡ ᠶᠠᠳᠠᠭᠤ ᠠᠴᠠ ᠲᠦᠢᠯᠪᠤᠷᠢᠲᠠᠶ ᠠᠩᠭᠢᠵᠢᠷᠠᠵᠤ᠂ ᠨᠡᠯᠢᠶᠡᠳ ᠲᠣᠭᠲᠠᠭᠤᠨ ᠪᠥᠭᠡᠳ ᠪᠠᠶᠠᠨ ᠴᠢᠨᠡᠭᠡᠯᠢᠭ ᠠᠮᠢᠳᠤᠷᠠᠯ ᠲᠠᠢ ᠪᠤᠯᠵᠠᠢ᠃ ᠡᠭᠦᠨ ᠤ ᠬᠠᠮᠲᠤ ᠪᠢᠳᠡ ᠪᠠᠰᠠ ᠲᠣᠰᠬᠤᠨ ᠤ ᠠᠷᠠᠳ ᠢ ᠬᠠᠪᠰᠤᠷᠤᠨ ᠬᠠᠪᠤᠷ ᠤᠨ ᠲᠠᠷᠢᠶᠠᠯᠠᠭ᠎ᠠ ᠶᠢᠨ ᠴᠠᠭ ᠲᠤ ᠲᠠᠷᠢᠶᠠᠯᠠᠩ ᠤᠨ ᠡᠳ᠋ ᠪᠠᠷᠠᠭᠠᠨ ᠤ ᠲᠠᠮᠵᠢᠯᠭᠡ ᠦᠵᠡᠭᠦᠯᠵᠦ ᠲᠣᠰᠬᠤᠨ ᠤ ᠠᠷᠠᠳ ᠤᠨ ᠶᠡᠭᠡ ᠲᠡᠭᠡᠳᠤ ᠰᠤᠷᠭᠠᠭᠤᠯᠢ ᠳᠤ ᠰᠢᠯᠭᠠᠨ ᠤᠷᠤᠭᠰᠠᠨ ᠦᠷ᠎ᠡ ᠬᠡᠣᠬᠡᠳ ᠲᠤ ᠠᠯᠲᠠᠨ ᠨᠠᠮᠤᠷ ᠤᠨ ᠰᠤᠷᠤᠯᠭ᠎ᠠ ᠶᠢᠨ ᠲᠡᠳᠬᠦᠮᠵᠢ ᠬᠠᠩᠭᠠᠨ ᠬᠦᠨᠳᠦ ᠡᠪᠡᠳᠴᠢᠨ ᠭᠠᠮᠰᠢᠭ ᠲᠤ ᠲᠠᠭᠠᠷᠢᠭᠳᠠᠭᠰᠠᠨ ᠣᠯᠠᠨ ᠲᠦᠮᠡᠨ ᠳᠤ ᠲᠥᠷ ᠴᠠᠭ ᠤᠨ ᠴᠢᠨᠠᠷ ᠲᠠᠢ ᠬᠠᠪᠰᠤᠷᠤᠯᠭ᠎ᠠ ᠦᠵᠡᠬᠦᠯᠵᠣ ᠪᠠᠶᠢᠨ᠎ᠠ᠃ ᠡᠨᠡ ᠬᠡᠳᠦᠨ ᠵᠢᠯ ᠪᠢᠳᠡ ᠵᠢᠯ ᠪᠦᠷᠢ ᠬᠡᠳᠦᠨ ᠠᠷᠪᠠᠨ ᠲᠣᠨ ᠰᠢᠭᠡᠰᠦᠯᠢᠭ ᠡᠳ᠋ ᠵᠡᠷᠬᠡ ᠶᠢ ᠳᠣᠰᠬᠤᠨ ᠤ ᠠᠷᠠᠳ ᠲᠦᠮᠡᠨ ᠳᠤ ᠬᠦᠷᠬᠡᠨ ᠬᠠᠪᠰᠤᠷᠤᠨ ᠲᠠᠳᠭᠦᠭᠰᠡᠭᠡᠷ ᠢᠷᠡᠭᠰᠠᠨ ᠶᠤᠮ ᠬᠡᠪᠠ᠃     ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠺᠠᠳ᠋ᠷ ᠨᠠᠷ ᠠᠵᠤ ᠠᠬᠤᠢᠯᠠᠯ ᠲᠠᠢ ᠢᠯᠠᠭᠦᠭᠡᠨ ᠬᠠᠷᠢᠯᠴᠠᠠ ᠵᠤᠭᠢᠴᠠᠭᠤᠯᠬᠤ ᠪᠠᠷ ᠳᠠᠮᠵᠢᠨ ᠠᠮᠢᠳᠤᠷᠠᠯ ᠶᠠᠳᠠᠭᠤ ᠬᠦᠴᠢᠷᠳᠡᠯᠲᠡᠶ᠂ ᠰᠤᠷᠭᠠᠭᠤᠯᠢ ᠳᠤ ᠰᠠᠭᠤᠬᠤ ᠳᠤ ᠬᠦᠴᠢᠷᠲᠡᠶ ᠠᠰᠠᠭᠤᠳᠠᠯ ᠪᠠ ᠢᠯᠠᠭᠦᠴᠠ ᠬᠥᠳᠡᠯᠮᠦᠷᠢ ᠬᠦᠴᠦᠨ ᠳᠤ ᠠᠵᠢᠯ ᠣᠯᠭᠤᠬᠤ ᠵᠡᠷᠭᠡ ᠠᠰᠠᠭᠤᠳᠠᠯ ᠮᠠᠰᠢ ᠰᠠᠶᠢᠨ ᠰᠢᠢᠳᠪᠣᠷᠢᠯᠡᠭᠳᠡᠵᠣ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠣᠷᠣᠨ ᠨᠤᠲᠤᠭ ᠠᠵᠤ ᠠᠬᠤᠢᠯᠠᠯ ᠵᠣᠬᠢᠴᠠᠯᠳᠤᠨ ᠬᠠᠮᠲᠤᠪᠠᠷ ᠪᠠᠶᠢᠭᠤᠯᠬᠤ ᠵᠡᠷᠭᠡ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠣᠯᠠᠭᠠᠠᠳᠤᠭ ᠲᠣᠰᠬᠤᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠭᠦ  ᠵᠠᠮ  ᠲᠡᠭᠡᠷ᠎ᠡ ᠨᠢᠭᠡ ᠡᠷᠤᠭᠡ ᠨᠢᠭᠡ ᠭᠥᠮᠤᠨ ᠢ ᠴᠦ ᠣᠷᠬᠢᠭᠳᠠᠭᠤᠯᠬᠤ ᠥᠬᠡᠶ ᠪᠠᠷ  ᠴᠢᠷᠮᠠᠶᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号