ᠣᠶᠢᠷ᠎ᠠ ᠶᠢᠨ ᠵᠢᠯ ᠳᠤ ᠲᠤᠭ ᠪᠠᠯᠭᠠᠰᠤᠨ ᠤ ᠬᠤᠯᠤᠰᠤ ᠲᠣᠰᠬᠤᠨ ᠲᠤᠬᠠᠢ ᠶᠢᠨ ᠭᠠᠵᠠᠷ ᠤᠨ ᠠᠵᠤ | ᠠᠬᠤᠶᠢᠯᠠᠯ ᠨᠡᠯᠢᠶᠡᠳ ᠣᠯᠠᠨ ᠪᠠᠶᠢᠭ᠎ᠠ ᠠᠰᠢᠭᠲᠠᠢ ᠨᠥᠬᠦᠴᠡᠯ ᠢᠶᠠᠨ ᠭᠦᠶᠴᠡᠳ ᠪᠠᠳᠠᠷᠠᠭᠤᠯᠵᠤ᠂ ᠲᠣᠰᠬᠤᠨ ᠠᠵᠤ | ᠠᠬᠤᠶᠢᠯᠡᠯ ᠬᠠᠮᠲᠤᠪᠠᠷ ᠪᠠᠶᠢᠭᠤᠯᠬᠤ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠬᠠᠪᠰᠤᠷᠬᠤ︾᠂ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢ ᠨᠠᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠨ ᠠᠵᠤ | ᠠᠬᠤᠶᠢᠯᠡᠯ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ ᠤᠨ ᠠᠮᠢᠳᠤᠷᠠᠯ ᠤᠨ ᠦᠢᠯᠡᠰ ᠲᠤ ᠢᠳᠡᠪᠬᠢᠲᠡᠢ | ᠣᠷᠣᠯᠴᠠᠭᠤᠯᠵᠤ᠂ ᠬᠠᠷᠢᠯᠴᠠᠭ᠎ᠠ ᠶᠢ ᠨᠢᠭᠲᠠᠷᠠᠭᠤᠯᠬᠤ᠂ ᠡᠬᠢ ᠪᠠᠶᠠᠯᠢᠭ ᠢ ᠴᠣᠮᠬᠤᠳᠬᠠᠬᠤ ᠵᠡᠷᠭᠡ ᠣᠯᠠᠨ ᠵᠦᠶᠯ ᠤᠨ | ᠠᠷᠭ᠎ᠠ ᠬᠡᠯᠪᠡᠷᠢ ᠪᠠᠷ ᠳᠠᠮᠵᠢᠨ ᠠᠷᠠᠳ ᠤᠨ ᠠᠮᠢᠳᠤᠷᠠᠯ ᠢ ᠰᠢᠨ᠎ᠡ ᠰᠠᠶᠢᠵᠢᠷᠠᠯᠲᠠ ᠲᠠᠢ ᠪᠣᠯᠭᠠᠬᠤ ᠶᠢ ᠬᠦᠴᠦᠯᠡᠨ | ᠠᠬᠢᠭᠤᠯᠵᠤ᠂ ᠣᠷᠣᠨ ᠨᠤᠲᠤᠭ ᠤᠨ ᠠᠵᠤ ᠠᠬᠤᠶᠢᠯᠠᠯ ᠳᠤ ᠦᠶᠯᠡᠴᠢᠯᠡᠬᠦ᠂ ᠠᠵᠤ ᠠᠬᠤᠶᠢᠯᠠᠯ ᠣᠷᠣᠨ ᠨᠤᠲᠤᠭ ᠲᠤ | ᠠᠴᠢ ᠬᠠᠷᠢᠭᠤᠯᠬᠤ ᠶᠢ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ᠢ ᠡᠭᠦᠳᠴᠡᠶ᠃ | ᠲᠣᠰᠬᠤᠨ ᠤ ᠠᠷᠠᠳ ᠲᠢᠶᠠᠨ ᠱᠣᠣ ᠪᠥᠸᠧ ᠪᠦᠰᠡᠭᠦᠢ ᠲᠠᠢ ᠪᠠᠨ ᠬᠤᠶᠠᠭᠤᠯᠠ ᠥᠷᠯᠥᠭᠡ ᠡᠷᠲᠡᠯᠡᠨ | ᠢᠳᠡᠰᠢᠨ ᠨᠣᠭᠤᠭᠠᠨ ᠤ ᠲᠠᠷᠢᠶᠠᠨ ᠳᠠᠭᠠᠨ ᠶᠠᠭᠠᠷᠠᠯᠳᠤᠵᠤ ᠯᠠᠵᠣᠣ᠂ ᠬᠠᠰᠢ ᠲᠡᠭᠦᠨ ᠡᠨᠡ ᠵᠢᠯ ᠤᠨ ᠠᠩᠬᠠᠨ ᠤ | ᠪᠦᠯᠦᠭ ᠢᠳᠡᠰᠢᠨ ᠨᠣᠭᠤᠭ᠎ᠠ ᠪᠠᠨ ᠲᠣᠰᠬᠤᠨ ᠳᠤ ᠰᠠᠭᠤᠷᠢᠰᠢᠭ᠎ᠠ ᠠᠵᠤ ᠠᠬᠤᠶᠢᠯᠠᠯ ᠳᠤ ᠠᠪᠠᠴᠢᠨ | ᠬᠤᠳᠠᠯᠳᠤᠬᠤ ᠪᠠᠷ ᠲᠥᠯᠥᠪᠯᠡᠵᠦ ᠪᠠᠶᠢᠯ᠎ᠠ᠃ | ᠬᠤᠯᠤᠰᠤ ᠲᠣᠰᠬᠤᠨ ᠤ ᠠᠷᠠᠳ ᠲᠢᠶᠠᠨ ᠱᠣᠣ ᠪᠥᠸᠧ᠄ ︽ᠮᠠᠨ ᠤ ᠠᠳᠡ ᠡᠶᠢᠮᠦ ᠣᠯᠠᠨ ᠠᠵᠤ ᠠᠬᠤᠶᠢᠯᠠᠯ | ᠣᠷᠣᠵᠤ ᠢᠷᠡᠬᠡᠳ ᠨᠡᠭᠦᠷᠡᠰᠦᠨ ᠠᠭᠤᠷᠬᠠᠢ ᠶᠢᠨ ᠠᠵᠢᠯᠲᠠᠨ ᠴᠤ ᠣᠯᠠᠨ ᠪᠣᠯᠵᠠᠶ᠂ ᠡᠨᠡ ᠬᠡᠳᠦᠨ ᠵᠢᠯ ᠢᠳᠡᠰᠢᠨ | ᠨᠣᠭᠤᠭᠠᠨ ᠤ ᠪᠣᠷᠣᠯᠠᠭᠤᠯᠭ᠎ᠠ ᠵᠢᠯ ᠠᠴᠠ ᠵᠢᠯ ᠰᠠᠶᠢᠵᠢᠷᠠᠵᠤ ᠪᠠᠶᠢᠨ᠎ᠠ᠃ ᠵᠢᠯ ᠳᠤ ᠪᠠᠷᠤᠭ ᠠᠷᠪᠠᠨ ᠬᠡᠳᠦᠨ ᠲᠦᠮᠡᠨ | ᠲᠥᠭᠦᠷᠢᠭ ᠬᠤᠳᠠᠯᠳᠤᠵᠤ ᠪᠠᠶᠢᠨ᠎ᠠ᠃ ᠥᠩᠭᠡᠷᠡᠭᠡᠭᠰᠡᠨ ᠠᠴᠠ ᠬᠤᠯᠠ ᠰᠠᠶᠢᠨ ᠪᠣᠯᠵᠠᠢ︾ ᠬᠡᠪᠠ᠃ | ᠣᠶᠢᠷ᠎ᠠ ᠬᠠᠪᠢ ᠶᠢᠨ ᠠᠵᠤ ᠠᠬᠤᠶᠢᠯᠠᠯ ᠨᠢ ᠲᠢᠶᠠᠨ ᠱᠤᠤ ᠪᠥᠸᠧ ᠶᠢᠨ ᠣᠷᠣᠯᠭ᠎ᠠ ᠶᠢ ᠬᠡᠳᠦᠨ ᠳᠠᠬᠢᠨ ᠢᠶᠠᠷ | ᠨᠡᠮᠡᠭᠳᠡᠭᠦᠯᠵᠦ᠂ ᠤᠤᠯ ᠤᠨ ᠬᠤᠶᠠᠷ ᠢᠳᠡᠰᠢᠨ ᠨᠣᠭᠤᠭᠠᠨ ᠤ ᠲᠣᠮᠣ ᠫᠧᠩ ᠨᠢ ᠣᠳᠣ ᠪᠣᠯᠬᠤ ᠳᠤ ᠠᠷᠪᠠᠨ ᠬᠡᠳᠣ | ᠪᠣᠯᠵᠤ ᠬᠡᠪᠴᠢᠶᠡᠵᠢᠨ ᠢᠳᠡᠰᠢᠨ ᠨᠣᠭᠤᠭᠠᠨ ᠤ ᠲᠥᠷᠥᠯ ᠵᠦᠶᠯ ᠴᠦ ᠤᠯᠠᠮ ᠠᠴᠠ ᠤᠯᠠᠮ ᠣᠯᠠᠰᠢᠷᠠᠵᠤ ᠡᠳᠡᠨᠡᠶᠢᠬᠢᠨ | ᠤ ᠢᠳᠡᠰᠢᠨ ᠨᠣᠭᠤᠭ᠎ᠠ ᠲᠠᠷᠢᠵᠤ ᠣᠷᠣᠯᠭ᠎ᠠ ᠪᠠᠨ ᠨᠡᠮᠡᠭᠳᠡᠭᠦᠯᠬᠦ ᠤᠷᠮ᠎ᠠ ᠵᠣᠷᠢᠭ ᠢ ᠨᠡᠩ ᠬᠦᠪᠴᠢᠯᠡᠯ᠎ᠡ᠃ | ᠬᠤᠯᠤᠰᠤ ᠲᠣᠰᠬᠤᠨ ᠤ ᠠᠷᠠᠳ ᠲᠢᠶᠠᠨ ᠱᠣᠣ ᠪᠥᠸᠧ᠄ ︽ᠵᠢᠯ ᠤᠨ ᠣᠷᠣᠯᠭ᠎ᠠ ᠶᠢᠨ ᠭᠤᠣᠯ ᠨᠢ ᠬᠠᠰᠢᠯᠠ | ᠢᠳᠡᠰᠢᠨ ᠨᠣᠭᠤᠭᠠᠨ ᠲᠣᠮᠣ ᠫᠧᠩ ᠳᠤ ᠲᠦᠰᠢᠭᠯᠡᠳᠡᠭ᠂ ᠢᠳᠡᠰᠢᠨ ᠨᠣᠭᠤᠭ᠎ᠠ ᠨᠢᠭᠡ ᠮᠦ ᠲᠠᠷᠢᠪᠠᠯ ᠠᠷᠪᠠᠨ ᠮᠦ | ᠡᠷᠳᠡᠨᠢ ᠰᠢᠰᠢ ᠲᠠᠷᠢᠬᠤ ᠠᠴᠠ ᠪᠦᠷ ᠳᠡᠭᠡᠷ᠎ᠡ ᠪᠠᠶᠢᠳᠠᠭ᠃ ᠲᠠᠷᠠᠭᠠᠴᠢ ᠶᠢᠨ ᠠᠯᠬᠤᠮ ᠳᠤ ᠲᠠᠷᠢᠬᠤ ᠴᠠᠭ ᠢᠶᠠᠨ | ᠡᠷᠲᠡᠬᠡᠨ ᠰᠢᠭ ᠪᠣᠯᠭᠠᠶ᠎ᠠ ᠭᠡᠵᠦ ᠪᠣᠳᠣᠵᠤ ᠪᠠᠶᠢᠨ᠎ᠠ᠃ ᠢᠩᠬᠢᠬᠦ ᠳᠤ ᠢᠳᠡᠰᠢᠨ ᠨᠣᠭᠤᠭᠠᠨ ᠤ ᠲᠣᠮᠣ ᠫᠧᠩ ᠢᠶᠠᠨ | ᠳᠤᠯᠠᠭᠠᠯᠠᠮᠵᠢ ᠶᠢᠨ ᠬᠦᠯᠡᠮᠵᠢ ᠪᠣᠯᠭᠠᠨ ᠥᠭᠡᠷᠡᠴᠢᠯᠡᠨ ᠰᠠᠶᠢᠵᠢᠷᠠᠭᠤᠯᠵᠤ᠂ ᠢᠳᠡᠰᠢᠨ ᠨᠣᠭᠤᠭ᠎ᠠ ᠪᠠᠨ ᠤᠷᠢᠳᠴᠢᠯᠠᠨ | ᠵᠠᠬ᠎ᠠ ᠳᠡᠯᠭᠡᠭᠦᠷ ᠲᠤ ᠭᠠᠷᠭᠠᠵᠤ᠂ ᠰᠠᠶᠢᠨ ᠦᠨ᠎ᠡ ᠪᠠᠷ ᠬᠤᠳᠠᠯᠳᠤᠶ᠎ᠠ ᠭᠡᠵᠦ ᠪᠣᠳᠣᠵᠤ ᠪᠠᠶᠢᠨ᠎ᠠ︾ ᠬᠡᠪᠠ᠃ | ᠣᠷᠣᠨ ᠨᠤᠲᠤᠭ ᠪᠣᠯᠣᠨ ᠠᠵᠤ ᠠᠬᠤᠶᠢᠯᠡᠯ ᠤᠨ ᠬᠤᠯᠪᠤᠭᠠᠯᠠᠯ ᠠᠴᠠ ᠭᠠᠭᠴᠠ ᠲᠢᠶᠠᠨ ᠱᠣᠣ ᠪᠥᠸᠧ ᠶᠢᠨ | ᠨᠢᠭᠡ ᠭᠡᠷ ᠤᠨ ᠬᠢᠨ ᠠᠰᠢᠭ ᠬᠦᠷᠲᠡᠭᠰᠡᠨ ᠲᠡᠳᠦᠢ ᠪᠢᠰᠢ ᠶᠤᠮ᠃ 2018 ᠣᠨ 9 ᠰᠠᠷ᠎ᠠ ᠳᠤ ᠲᠣᠰᠬᠤᠨ ᠤ ᠬᠢᠨ | ᠬᠥᠭᠵᠢᠯᠲᠡ ᠪᠠᠷ ᠠᠨᠠᠢ ᠪᠠᠶᠢᠭᠰᠠᠨ ᠬᠥᠳᠡᠯᠮᠦᠷᠢ ᠦᠶᠯᠡᠴᠢᠯᠡᠭᠡᠨ ᠤ ᠤᠤᠯ ᠤᠨ ᠺᠣᠮᠫᠠᠨᠢ ᠪᠠᠨ ᠳᠠᠬᠢᠨ ᠰᠢᠨ᠎ᠡ ᠪᠠᠷ | ᠳ᠋ᠦᠩ ᠢ ᠮᠢᠩ ᠵᠦ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠪᠣᠯᠭᠠᠨ ᠴᠣᠭᠴᠠᠯᠠᠵᠤ᠂ ᠠᠵᠤ ᠠᠬᠤᠶᠢᠯᠠᠯ | ᠲᠠᠢ ᠬᠢ ᠬᠠᠷᠢᠯᠴᠠᠭ᠎ᠠ ᠪᠠᠨ ᠨᠡᠩ ᠨᠢᠭᠲᠠᠷᠠᠭᠤᠯᠤᠭᠰᠠᠨ ᠢᠶᠠᠷ ᠡᠨᠡ ᠵᠢᠯ ᠤᠨ 3 ᠰᠠᠷ᠎ᠠ ᠳᠤ ᠬᠤᠯᠤᠰᠤ ᠨᠡᠭᠦᠷᠡᠰᠦᠨ | ᠠᠭᠤᠷᠬᠠᠢ ᠶᠢᠨ ᠲᠣᠮᠣ ᠵᠠᠬᠢᠶᠠᠯᠠᠭ᠎ᠠ ᠶᠢ ᠳᠠᠭᠠᠭᠠᠴᠢᠯᠠᠨ ᠬᠢᠭᠰᠡᠨ ᠪᠠᠶᠢᠨ᠎ᠠ᠃ | ᠡᠬᠢ ᠪᠠᠶᠠᠯᠢᠭ ᠢ ᠴᠣᠮᠬᠤᠳᠬᠠᠬᠤ ᠶᠢᠨ ᠲᠥᠯᠥᠭᠡ ᠺᠣᠮᠫᠠᠨᠢ ᠨᠢ ᠪᠠᠰᠠ ᠳᠣᠤᠷ᠎ᠠ ᠪᠠᠨ ᠲᠡᠭᠡᠭᠡᠪᠦᠷᠢ ᠶᠢᠨ | ᠺᠣᠮᠫᠠᠨᠢ ᠪᠠᠶᠢᠭᠤᠯᠵᠤ᠂ ᠲᠣᠰᠬᠤᠨ ᠤ ᠪᠠᠨ ᠲᠣᠮᠣ ᠲᠡᠷᠭᠡ᠂ ᠰᠢᠷᠣᠶ ᠲᠦᠯᠬᠢᠬᠦ ᠮᠠᠰᠢᠨ ᠢ ᠵᠢᠯᠣᠭᠤᠴᠢ ᠲᠠᠢ ᠨᠢ | ᠬᠥᠯᠥᠰᠥᠯᠡᠵᠦ᠂ ᠲᠡᠳᠡᠨ ᠢ ᠭᠡᠷ ᠤᠨ ᠡᠭᠦᠳᠡᠨ ᠳᠡᠭᠡᠷ᠎ᠡ ᠨᠢ ᠠᠵᠢᠯ ᠣᠯᠭᠤᠨ ᠥᠩᠭᠡᠷᠡᠭᠰᠡᠨ ᠤ ᠥᠪᠡᠷ ᠢᠶᠠᠨ ᠠᠵᠢᠯ | ᠡᠷᠢᠵᠦ ᠬᠢᠬᠦ᠂ ᠠᠵᠢᠯ ᠬᠢᠬᠦ ᠦᠭᠡᠢ ᠪᠠᠶᠢᠭᠰᠠᠨ ᠪᠠᠶᠢᠳᠠᠯ ᠢ ᠥᠭᠡᠷᠡᠴᠢᠯᠡᠪᠡ᠃ | ᠳ᠋ᠦᠩ ᠢ ᠮᠢᠩ ᠵᠦ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠤᠨ ᠬᠠᠤᠯᠢ ᠶᠢᠨ ᠬᠥᠮᠥᠨ ᠶᠠᠩ | ᠸᠧᠨ ᠯᠢᠨ᠄ ︽ᠪᠢᠳᠠᠨ ᠤ ᠬᠡᠷᠡᠭᠯᠡᠵᠦ ᠪᠠᠶᠢᠭ᠎ᠠ ᠮᠠᠰᠢᠨ ᠮᠧᠬᠠᠨᠢᠭ ᠨᠢ ᠪᠦᠷ ᠮᠠᠨ ᠤ ᠲᠣᠰᠬᠤᠨ ᠤ ᠠᠷᠠᠳ ᠤᠨ ᠬᠢ | ᠪᠣᠯᠣᠨ᠎ᠠ᠂ ᠥᠪᠡᠷ ᠢᠶᠠᠨ ᠮᠠᠰᠢᠨ ᠮᠧᠬᠠᠨᠢᠭ ᠢᠶᠠᠨ ᠪᠡᠯᠡᠳᠦᠭᠡᠳ ᠠᠵᠢᠯᠯᠠᠵᠤ ᠪᠠᠶᠢᠨ᠎ᠠ᠃ ᠡᠬᠦᠪᠡᠷ ᠳᠠᠮᠵᠢᠨ ᠭᠠᠴᠠᠭᠠᠨ | ᠤ ᠠᠷᠠᠳ ᠨᠢᠭᠡ ᠬᠡᠰᠡᠭ ᠣᠷᠣᠯᠭ᠎ᠠ ᠪᠠᠨ ᠨᠡᠮᠡᠭᠳᠡᠭᠦᠯᠦᠭᠰᠡᠨ ᠶᠣᠮ︾ ᠬᠡᠪᠠ᠃ | ᠲᠣᠰᠬᠤᠨ ᠤ ᠬᠠᠮᠲᠤ ᠶᠢᠨ ᠣᠷᠣᠯᠭ᠎ᠠ ᠨᠡᠮᠡᠭᠳᠡᠪᠡᠯ ᠲᠣᠰᠬᠤᠨ ᠤ ᠠᠷᠠᠳ ᠴᠤ ᠠᠰᠢᠭ ᠬᠦᠷᠲᠡᠬᠦ ᠪᠣᠯᠣᠨ᠎ᠠ᠃ | 2016 ᠣᠨ ᠠᠴᠠ ᠡᠬᠢᠯᠡᠨ ᠲᠣᠰᠬᠤᠨ ᠤ ᠬᠠᠮᠲᠤ ᠶᠢᠨ ᠣᠷᠣᠯᠭ᠎ᠠ ᠶᠢ ᠠᠰᠢᠭᠯᠠ ᠲᠣᠰᠬᠤᠨ ᠤ 712 ᠮᠠᠯᠴᠢᠨ | ᠲᠠᠷᠢᠶᠠᠴᠢᠨ ᠳᠤ ᠬᠠᠭᠠᠰ ᠲᠣᠭᠠᠨ ᠤ ᠡᠮ ᠡᠮᠨᠡᠯᠭᠡ ᠶᠢᠨ ᠳᠠᠭᠠᠳᠬᠠᠯ ᠪᠣᠯᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠠᠢ᠃ 2015 ᠣᠨ ᠳᠤ ᠬᠤᠯᠤᠰᠤ ᠨᠡᠭᠦᠷᠡᠰᠦᠨ ᠠᠭᠤᠷᠬᠠᠶ ᠨᠢ | ᠲᠤᠬᠠᠶ ᠶᠢᠨ ᠭᠠᠵᠠᠷ ᠲᠠᠭᠠᠨ ᠠᠰᠢᠭ ᠬᠦᠷᠲᠡᠭᠡᠬᠦ ᠵᠠᠷᠴᠢᠮ ᠶᠣᠰᠣᠭᠠᠷ ᠲᠤᠬᠠᠶ ᠶᠢᠨ ᠭᠠᠵᠠᠷ ᠤᠨ ᠴᠥᠭᠡᠨ ᠪᠤᠰᠤ | ᠣᠶᠤᠲᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠶᠳᠪᠦᠷᠢᠯᠡᠵᠦ | ᠥᠭᠴᠡᠶ᠃ ᠵᠠᠩ ᠵᠢᠶᠠᠨ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠂ ᠲᠡᠭᠦᠰᠦᠭᠰᠡᠨ ᠤ ᠳᠠᠷᠠᠭ᠎ᠠ ᠲᠡᠷᠡ | ᠲᠣᠰᠬᠤᠨ ᠤ ᠠᠵᠤ ᠠᠬᠤᠶᠢᠯᠠᠯ ᠳᠤ ᠠᠵᠢᠯᠯᠠᠵᠤ᠂ ᠣᠷᠣᠨ ᠨᠤᠲᠤᠭ ᠪᠣᠯᠣᠨ ᠠᠵᠤ ᠠᠬᠤᠶᠢᠯᠡᠯ ᠤᠨ | ᠵᠣᠬᠢᠴᠠᠭᠤᠯᠤᠭᠴᠢ ᠪᠣᠯᠤᠭᠰᠠᠨ ᠤ ᠬᠤᠪᠢ ᠳᠤ ᠨᠤᠲᠤᠭ ᠤᠨ ᠬᠥᠮᠥᠨ ᠤ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ | ᠂ ᠠᠭᠤᠷᠬᠠᠢ ᠶᠢᠨ ᠣᠷᠣᠨ ᠢ ᠨᠡᠭᠦᠯᠭᠡᠬᠦ᠂ ᠭᠠᠷᠳᠠᠮ ᠭᠦᠶᠴᠡᠳᠬᠡᠬᠦ ᠵᠡᠷᠭᠡ ᠠᠵᠢᠯ ᠢ ᠬᠠᠷᠢᠭᠤᠴᠠᠪᠠ᠃ | ᠬᠤᠯᠤᠰᠤ ᠨᠡᠭᠦᠷᠡᠰᠦᠨ ᠠᠭᠤᠷᠬᠠᠢ ᠶᠢᠨ ᠠᠵᠢᠯᠲᠠᠨ ᠵᠠᠩ ᠵᠢᠶᠠᠨ᠄ ︽ᠪᠢ ᠠᠳᠡ ᠠᠵᠢᠯᠯᠠᠭᠠᠳ ᠲᠠᠪᠤᠨ ᠵᠢᠯ | ᠪᠣᠯᠵᠤ ᠪᠠᠶᠢᠨ᠎ᠠ᠂ ᠨᠤᠲᠤᠭ ᠲᠠᠭᠠᠨ ᠠᠵᠢᠯᠯᠠᠭᠠᠳ ᠲᠤᠩ ᠰᠠᠶᠢᠬᠠᠨ ᠰᠠᠨᠠᠭᠳᠠᠵᠤ ᠪᠠᠶᠢᠨ᠎ᠠ᠃ ᠭᠤᠣᠯ ᠨᠢ ᠭᠡᠷ ᠠᠴᠠ | ᠪᠠᠰᠠ ᠣᠶᠢᠷ᠎ᠠ᠂ ᠠᠪᠤ ᠡᠵᠢ ᠳᠤ ᠬᠠᠨᠢ ᠪᠣᠯᠵᠤ ᠪᠣᠯᠤᠨ᠎ᠠ᠃ ᠮᠠᠨ ᠤ ᠠᠳᠡᠬᠢ ᠲᠤᠬᠠᠶ ᠶᠢᠨ ᠭᠠᠵᠠᠷ ᠤᠨ ᠶᠡᠭᠡ | ᠰᠤᠷᠭᠠᠭᠤᠯᠢ ᠲᠡᠭᠦᠰᠦᠭᠰᠡᠨ ᠣᠶᠤᠲᠠᠳ ᠮᠠᠨ ᠤ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠦᠨ ᠮᠠᠰᠢ ᠣᠯᠠᠨ᠂ | ᠠᠵᠤ ᠠᠬᠤᠶᠢᠯᠠᠯ ᠤᠨ ᠬᠠᠷᠠᠭᠠᠯᠵᠠᠯ ᠠᠰᠠᠷᠠᠮᠵᠢ ᠨᠢ ᠴᠦ ᠮᠠᠰᠢ ᠰᠠᠶᠢᠨ᠃ ᠠᠵᠤ ᠠᠬᠤᠶᠢᠯᠠᠯ ᠪᠢᠳᠡᠨ ᠳᠤ ᠡᠨᠡ | ᠲᠠᠪᠴᠠᠩ ᠢ ᠣᠯᠭᠤᠭᠰᠠᠨ ᠳᠤ ᠲᠤᠩ ᠲᠠᠯᠠᠷᠬᠠᠵᠤ ᠪᠠᠶᠢᠨ᠎ᠠ︾ ᠬᠡᠪᠠ᠃ | ᠬᠤᠯᠤᠰᠤ ᠨᠡᠭᠦᠷᠡᠰᠦᠨ ᠠᠭᠤᠷᠬᠠᠢ ᠶᠢᠨ ᠨᠠᠮ ᠤᠨ ᠬᠤᠷᠢᠶᠠᠨ ᠤ ᠳᠡᠳ᠋ ᠱᠦᠵᠢ ᠴᠧᠨ ᠪᠣᠤ ᠢᠩ᠄ ︽ᠮᠠᠨ ᠤ | ᠬᠤᠯᠤᠰᠤ ᠨᠡᠭᠦᠷᠡᠰᠦᠨ ᠠᠭᠤᠷᠬᠠᠶ ᠪᠣᠯᠤᠨ ᠬᠤᠯᠤᠰᠤ ᠲᠣᠰᠬᠤᠨ ᠤ ᠨᠠᠮ ᠤᠨ ᠬᠤᠷᠢᠶ᠎ᠠ ᠨᠢᠭᠡ ᠳᠤ ᠭᠠᠵᠠᠷ ᠣᠷᠣᠨ ᠤ | ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠤᠯᠤᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠢᠳᠡ ᠤᠯᠠᠮ ᠨᠢᠭᠡ ᠠᠯᠬᠤᠮ ᠭᠦᠨᠵᠡᠭᠡᠶ ᠠᠭᠤᠰᠤᠯᠴᠠᠪᠠ᠃ ᠬᠤᠶᠡᠷ | ᠲᠤ ᠪᠢᠳᠡ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ | ᠨᠠᠶᠢᠳᠠᠪᠤᠷᠢᠵᠢᠭᠤᠯᠤᠭᠰᠠᠨ ᠪᠠᠶᠢᠨ᠎ᠠ᠃ ᠶᠠᠳᠠᠭᠤ ᠶᠢ ᠲᠡᠳᠬᠦᠬᠦ ᠲᠠᠯ᠎ᠠ ᠪᠠᠷ ᠪᠢᠳᠡ ᠪᠠᠰᠠ ᠨᠡᠯᠢᠶᠡᠳ ᠠᠵᠢᠯ ᠬᠢᠵᠡᠶ᠂ | ᠵᠢᠱᠢᠶᠡᠯᠡᠪᠡᠯ ᠭᠠᠭᠴᠠ ᠬᠡᠦᠬᠡᠳ ᠲᠠᠢ ᠭᠡᠷ ᠪᠦᠯᠢ ᠶᠢ ᠬᠠᠪᠰᠤᠷᠤᠨ ᠲᠡᠳᠬᠦᠭᠰᠡᠨ᠂ ᠪᠢᠳᠡ ᠵᠢᠯ ᠪᠦᠷᠢ ᠶᠢᠨ | ᠰᠤᠷᠭᠠᠭᠤᠯᠢ ᠡᠬᠢᠯᠡᠬᠦ ᠤᠯᠠᠷᠢᠯ ᠪᠠ ᠴᠠᠭᠠᠨ ᠰᠠᠷ᠎ᠠ ᠶᠢᠨ ᠬᠤᠭᠤᠴᠠᠭᠠᠨ ᠳᠤ ᠲᠡᠳᠡᠨ ᠳᠤ ᠡᠳ᠋ ᠪᠣᠳᠠᠰ ᠤᠨ ᠲᠠᠯ᠎ᠠ ᠪᠠᠷ | ᠬᠠᠪᠰᠤᠷᠤᠯᠭ᠎ᠠ ᠦᠵᠡᠭᠦᠯᠵᠣ ᠪᠠᠶᠢᠨ᠎ᠠ᠃ ᠪᠢᠳᠡ ᠨᠢᠭᠡ ᠵᠦᠢᠯ ᠤᠨ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠯᠳᠦᠭᠦᠯᠬᠦ ᠪᠠᠷ ᠪᠡᠯᠡᠳᠬᠡᠭᠰᠡᠨ ᠠᠴᠠ ᠭᠠᠳᠠᠨ᠎ᠠ ᠪᠢᠳᠡ ᠪᠠᠰᠠ ᠲᠤᠬᠠᠶ ᠶᠢᠨ ᠭᠠᠵᠠᠷ ᠤᠨ | ᠣᠶᠤᠲᠠᠨ ᠢ ᠢᠳᠡᠪᠬᠢᠲᠡᠶ ᠪᠠᠷ ᠬᠠᠪᠰᠤᠷᠴᠤ ᠠᠵᠢᠯ ᠣᠯᠭᠤᠨ᠎ᠠ︾ ᠬᠡᠪᠠ᠃ | ᠣᠷᠣᠨ ᠨᠤᠲᠤᠭ ᠠᠵᠤ ᠠᠬᠤᠶᠢᠯᠡᠯ ᠤᠨ ᠬᠠᠮᠲᠤ ᠶᠢᠨ ᠴᠢᠷᠮᠠᠶᠢᠯᠭ᠎ᠠ ᠪᠠᠷ ᠬᠤᠯᠤᠰᠤ ᠲᠣᠰᠬᠤᠨ ᠤ ᠠᠷᠠᠳ | ᠣᠯᠠᠨ ᠤ ᠣᠷᠣᠯᠭ᠎ᠠ ᠡᠳᠦᠷ ᠢᠷᠡᠬᠦᠶ᠎ᠡ ᠳᠡᠭᠡᠭᠰᠢᠯᠡᠵᠦ᠂ ᠲᠣᠰᠬᠤᠨ ᠤ ᠳᠦᠷᠢ ᠲᠥᠷᠬᠦ ᠰᠢᠨᠡᠴᠢᠯᠡᠭᠳᠡᠨ | ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠬᠠᠮᠳᠣᠪᠡᠷ ᠴᠣᠭᠴᠠᠯᠠᠵᠤ ᠪᠠᠶᠢᠨ᠎ᠠ᠃ |