9 ᠰᠠᠷ᠎ᠠ ᠶᠢᠨ 6 ᠤ ᠡᠳᠦᠷ᠂ ᠪᠦᠬᠦ ᠣᠯᠣᠰ ᠤᠨ ᠨᠠᠮᠣᠷ ᠡᠪᠣᠯ ᠤᠨ ᠣᠯᠠᠷᠢᠯ ᠤᠨ ᠣᠢ ᠰᠢᠭᠤᠢ ᠨᠣᠳᠤᠭ | ᠪᠡᠯᠴᠢᠬᠡᠷ ᠤᠨ ᠭᠠᠯ ᠰᠡᠷᠭᠡᠶᠢᠯᠡᠨ ᠣᠨᠳᠠᠷᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠵᠦ ᠮᠠᠨ ᠤ | ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠣᠷᠣᠯᠴᠠᠪᠠ᠃ | ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ | ᠬᠤᠷᠠᠯ ᠳᠤ ᠣᠷᠣᠯᠴᠠᠪᠠ᠃ ᠬᠤᠷᠠᠯ ᠠᠴᠠ ᠵᠢᠭᠠᠬᠤ ᠳᠠᠭᠠᠨ ᠪᠦᠬᠦ ᠣᠯᠣᠰ ᠤᠨ ᠣᠯᠠᠩᠬᠢ ᠭᠠᠵᠠᠷ ᠶᠠᠭ ᠰᠠᠶᠢᠬᠠᠨ | ᠨᠠᠮᠣᠷ ᠡᠪᠣᠯ ᠤᠨ ᠣᠯᠠᠷᠢᠯ ᠤᠨ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠯᠳᠡ ᠶᠢᠨ ᠵᠠᠩᠬᠢᠯᠠᠭ᠎ᠠ ᠶᠢᠨ | ᠬᠤᠭᠤᠴᠠᠭᠠᠨ ᠳᠤ ᠪᠠᠶᠢᠨ᠎ᠠ᠃ ᠡᠸ᠋ᠯᠨᠢᠨᠤ᠋ ᠶᠢᠨ ᠨᠦᠯᠦᠬᠡ ᠡᠨᠡ ᠡᠪᠣᠯ ᠣᠷᠬᠢᠯ ᠳᠠᠭᠠᠨ ᠬᠦᠷᠦᠨ᠎ᠡ᠂ ᠭᠤᠣᠯᠳᠠᠯᠭ᠎ᠠ ᠲᠠᠢ | ᠭᠠᠵᠠᠷ ᠣᠷᠣᠨ ᠤ ᠣᠢ ᠰᠢᠭᠤᠢ ᠨᠣᠳᠤᠭ ᠪᠡᠯᠴᠢᠬᠡᠷ ᠤᠨ ᠭᠠᠯ ᠤᠨ ᠳᠦᠭᠰᠢᠬᠦᠷᠢ ᠦᠩᠬᠡᠷᠡᠭᠰᠡᠨ ᠠᠴᠠ ᠦᠨᠳᠦᠷ | ᠪᠣᠯᠣᠨ᠎ᠠ᠂ ᠭᠠᠯ ᠰᠡᠷᠭᠡᠶᠢᠯᠡᠨ ᠣᠨᠳᠠᠷᠭᠠᠬᠤ ᠪᠠᠶᠢᠳᠠᠯ ᠪᠠᠴᠢᠮ᠂ ᠪᠣᠳᠣᠯᠢᠶᠠᠨᠳᠠᠢ ᠪᠠᠶᠢᠵᠦ ᠡᠬᠦᠷᠭᠡ ᠳᠦᠢᠯ ᠤᠨ ᠬᠦᠨᠲᠦ | ᠪᠠᠶᠢᠨ᠎ᠠ ᠬᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ | ᠦᠵᠡᠯ ᠰᠠᠨᠠᠭ᠎ᠠ ᠪᠠᠷ ᠵᠢᠯᠣᠭᠤᠳᠣᠭᠤᠯᠵᠦ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠣᠳᠠᠯ ᠤᠨ ᠬᠤᠷᠢᠶᠠᠨ ᠤ | ᠳᠦᠷᠦ ᠶᠢᠨ ᠪᠣᠳᠣᠯᠭ᠎ᠠ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠣᠢ ᠰᠢᠭᠤᠢ ᠨᠣᠳᠤᠭ | ᠪᠡᠯᠴᠢᠬᠡᠷ ᠤᠨ ᠭᠠᠯ ᠰᠡᠷᠭᠡᠶᠢᠯᠡᠨ ᠣᠨᠳᠠᠷᠭᠠᠬᠤ ᠠᠵᠢᠯ ᠤᠨ ᠳᠣᠭᠳᠠᠴᠡ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ ᠣᠷᠢᠳᠴᠢᠯᠠᠨ ᠰᠡᠷᠡᠮᠵᠢᠯᠡᠨ ᠪᠠᠶᠢᠴᠠᠭᠠᠯᠳᠠ ᠬᠢᠬᠦ ᠪᠠ ᠡᠬᠢ ᠡᠬᠦᠰᠦᠯ ᠠᠴᠠ ᠨᠢ ᠡᠵᠡᠮᠳᠡᠬᠦ ᠶᠢ | ᠴᠢᠩᠭᠠᠳᠬᠠᠵᠦ ᠪᠠᠴᠢᠮ ᠪᠠᠶᠢᠳᠠᠯ ᠢ ᠰᠶᠢᠳᠪᠤᠷᠢᠯᠡᠬᠦ ᠴᠢᠳᠠᠪᠣᠷᠢ ᠪᠠᠨ ᠳᠡᠭᠡᠭᠰᠢᠯᠡᠬᠦᠯᠤᠨ ᠰᠠᠭᠤᠷᠢ ᠪᠠᠳᠣᠯᠠᠭ᠎ᠠ ᠶᠢᠨ | ᠴᠢᠳᠠᠪᠣᠷᠢ ᠶᠢᠨ ᠪᠠᠶᠢᠭᠤᠯᠣᠯᠲᠠ ᠶᠢ ᠴᠢᠩᠭᠠᠳᠬᠠᠵᠦ ᠣᠢ ᠰᠢᠭᠤᠢ ᠨᠣᠳᠤᠭ ᠪᠡᠯᠴᠢᠬᠡᠷ ᠤᠨ ᠬᠦᠨᠲᠦ ᠶᠡᠭᠡ ᠭᠠᠯ ᠤᠨ | ᠠᠶᠣᠯ ᠭᠠᠷᠬᠤ ᠶᠢ ᠡᠷᠡᠰ ᠬᠤᠷᠢᠭᠯᠠᠨ ᠠᠷᠠᠳ ᠳᠦᠮᠡᠨ ᠤ ᠠᠮᠢ ᠨᠠᠰᠣ ᠡᠳ᠋ ᠬᠦᠷᠦᠩᠬᠡ ᠶᠢᠨ ᠠᠮᠣᠷ ᠳᠦᠪᠰᠢᠨ ᠪᠠ | ᠣᠯᠣᠰ ᠤᠨ ᠠᠮᠣᠷ ᠳᠦᠪᠰᠢᠨ ᠢ ᠬᠠᠮᠠᠭᠠᠯᠠᠬᠤ ᠬᠡᠷᠡᠭᠲᠡᠢ ᠬᠡᠪᠡ᠃ |