ᠪᠦᠬᠦ ᠬᠤᠰᠢᠭᠤᠨ ᠤ ᠵᠡᠮᠳᠡᠭᠴᠣᠳ ᠤᠨ ᠦᠨᠳᠦᠰᠦᠨ ᠦᠢᠯᠡᠴᠢᠯᠡᠬᠡᠨ ᠤ ᠪᠠᠶᠢᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠰᠣᠷᠠᠭ ᠵᠠᠩᠬᠢ ᠶᠢᠨ ᠬᠦᠳᠡᠯᠦᠩᠬᠦᠢ ᠳᠤᠭ᠎ᠠ ᠪᠠᠷᠢᠮᠳᠠ ᠶᠢᠨ ᠰᠢᠨᠡᠴᠢᠯᠡᠯᠳᠡ ᠬᠢᠭᠡᠳ ᠵᠡᠮᠳᠡᠭᠴᠣᠳ ᠤᠨ ᠳᠣᠰᠬᠠᠢ ᠳᠣᠰᠢᠶᠠᠯᠳᠣ ᠬᠡᠰᠢᠬᠦᠨ ᠤ ᠮᠡᠷᠭᠡᠵᠢᠯ ᠴᠢᠳᠠᠪᠣᠷᠢ ᠶᠢ ᠳᠡᠭᠡᠭᠰᠢᠯᠡᠬᠦᠯᠬᠦ ᠪᠣᠯᠪᠠᠰᠣᠷᠠᠯ ᠶᠠᠪᠣᠭᠳᠠᠪᠠ
ᠨᠡᠶᠢᠲᠡᠯᠡᠭᠰᠡᠨ ᠴᠠᠭ᠄
2019-09-11
      9 ᠰᠠᠷ᠎ᠠ 3 ᠤ ᠡᠳᠦᠷ ᠮᠠᠨ ᠤ ᠬᠤᠰᠢᠭᠤ ᠪᠦᠬᠦ ᠬᠤᠰᠢᠭᠤᠨ ᠤ ᠵᠡᠮᠳᠡᠭᠴᠣᠳ ᠤᠨ ᠦᠨᠳᠦᠰᠦᠨ ᠦᠢᠯᠡᠴᠢᠯᠡᠬᠡᠨ ᠤ ᠪᠠᠶᠢᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠰᠣᠷᠠᠭ ᠵᠠᠩᠬᠢ ᠶᠢᠨ ᠬᠦᠳᠡᠯᠦᠩᠬᠦᠢ ᠳᠤᠭ᠎ᠠ ᠪᠠᠷᠢᠮᠳᠠ ᠶᠢᠨ ᠰᠢᠨᠡᠴᠢᠯᠡᠯᠳᠡ ᠬᠢᠭᠡᠳ ᠵᠡᠮᠳᠡᠭᠴᠣᠳ ᠤᠨ ᠳᠣᠰᠬᠠᠢ ᠳᠣᠰᠢᠶᠠᠯᠳᠣ ᠬᠡᠰᠢᠬᠦᠨ ᠤ ᠮᠡᠷᠭᠡᠵᠢᠯ ᠴᠢᠳᠠᠪᠣᠷᠢ  ᠶᠢ ᠳᠡᠭᠡᠭᠰᠢᠯᠡᠬᠦᠯᠬᠦ ᠪᠣᠯᠪᠠᠰᠣᠷᠠᠯ ᠢ ᠡᠷᠬᠢᠯᠡᠨ ᠶᠠᠪᠣᠭᠳᠠᠭᠤᠯᠪᠠ᠃      ᠬᠤᠰᠢᠭᠤ ᠵᠡᠮᠳᠡᠭᠴᠣᠳ ᠤᠨ ᠬᠤᠯᠪᠣᠭ᠎ᠠ᠂ ᠵᠢᠶᠠ ᠴᠧᠩ ᠪᠣᠯᠪᠠᠰᠣᠷᠠᠯ ᠤᠨ ᠰᠣᠷᠭᠠᠭᠤᠯᠢ᠂ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠺᠤᠮᠫᠠᠨᠢ ᠶᠢᠨ ᠬᠠᠷᠢᠭᠤᠴᠠᠯᠭᠠᠳᠠᠨ ᠵᠢᠴᠢ ᠪᠦᠬᠦ ᠬᠤᠰᠢᠭᠤᠨ ᠤ ᠵᠡᠮᠳᠡᠭᠴᠣᠳ ᠤᠨ ᠳᠣᠰᠬᠠᠢ ᠳᠣᠰᠢᠶᠠᠯᠳᠣ ᠬᠡᠰᠢᠬᠦᠨ ᠨᠡᠷ ᠪᠣᠯᠪᠠᠰᠣᠷᠠᠯ ᠳᠤ ᠣᠷᠣᠯᠴᠠᠪᠠ᠃      ᠪᠣᠯᠪᠠᠰᠣᠷᠠᠯ ᠠᠴᠠ ᠱᠠᠭᠠᠷᠳᠠᠬᠤ ᠳᠠᠭᠠᠨ᠂ ᠳᠠᠨᠢᠯᠳᠠ ᠪᠠᠨ ᠳᠡᠭᠡᠭᠰᠢᠯᠡᠬᠦᠯᠵᠦ ᠬᠦᠳᠡᠯᠦᠩᠬᠦᠢ ᠳᠤᠭ᠎ᠠ ᠪᠠᠷᠢᠮᠳᠠ  ᠶᠢᠨ ᠰᠢᠨᠡᠴᠢᠯᠡᠯᠳᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ ᠨᠠᠷᠢᠯᠢᠭ ᠪᠠᠶᠢᠭᠤᠯᠣᠨ ᠨᠢᠭᠳᠠ ᠪᠠᠶᠢᠷᠢᠯᠠᠭᠤᠯᠵᠦ᠂ ᠦᠪᠡᠷᠳᠡᠭᠡᠨ ᠵᠠᠰᠠᠬᠤ ᠣᠷᠣᠨ ᠤ ᠶᠡᠷᠦᠩᠬᠡᠢ ᠱᠠᠭᠠᠷᠳᠠᠯᠭ᠎ᠠ ᠶᠣᠰᠣᠭᠠᠷ ᠡᠯ᠎ᠡ ᠭᠤᠭᠴᠣᠭᠠᠨ ᠤ ᠠᠵᠢᠯ ᠢ ᠰᠠᠶᠢᠳᠣᠷ ᠪᠠᠶᠢᠷᠢᠯᠠᠭᠤᠯᠣᠨ ᠳᠣᠷᠰᠢᠯᠭ᠎ᠠ ᠰᠣᠷᠭᠠᠮᠵᠢ ᠲᠠᠢ ᠪᠠᠨ ᠣᠶᠠᠯᠳᠣᠭᠤᠯᠣᠨ ᠠᠵᠢᠯ ᠤᠨ ᠳᠦᠰᠦᠯ ᠢᠶᠠᠨ ᠳᠡᠬᠦᠯᠳᠡᠷᠵᠢᠬᠦᠯᠵᠦ ᠦᠩᠬᠡᠷᠡᠭᠰᠡᠨ ᠳᠤ ᠬᠢᠭᠰᠡᠨ ᠠᠵᠢᠯ ᠤᠨ ᠪᠠᠭᠤᠷᠠᠢ ᠳᠠᠯ᠎ᠠ ᠶᠢ ᠵᠣᠬᠢᠴᠠᠭᠤᠯᠣᠨ ᠳᠡᠬᠦᠯᠳᠡᠷᠵᠢᠬᠦᠯᠬᠦ ᠬᠡᠷᠡᠭᠲᠡᠢ ᠬᠡᠪᠡ᠃      ᠪᠣᠯᠪᠠᠰᠣᠷᠠᠯ ᠤᠨ ᠬᠤᠭᠤᠴᠠᠭᠠᠨ ᠳᠤ ᠬᠤᠰᠢᠭᠤ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠺᠤᠮᠫᠠᠨᠢ  ᠶᠢᠨ ᠬᠠᠷᠢᠭᠤᠴᠠᠯᠭᠠᠳᠠᠨ ᠠᠴᠠ ᠬᠦᠨᠳᠦ ᠬᠡᠮᠳᠣᠭ᠍ᠰᠠᠨ ᠵᠡᠮᠳᠡᠭᠴᠣᠳ ᠤᠨ ᠬᠠᠮᠢᠶ᠎ᠠ ᠪᠦᠬᠦᠢ ᠳᠠᠭᠠᠳᠬᠠᠯ ᠤᠨ ᠳᠣᠬᠠᠢ ᠳᠠᠶᠢᠯᠣᠮᠵᠢ ᠬᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号