ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ︽ᠦᠨᠡᠨ ᠰᠡᠳᠬᠢᠯ ᠳᠤᠨᠢ | ᠲᠠᠯᠠᠷᠬᠠᠨ᠂ ᠦᠶᠦᠭ ᠬᠠᠶᠢᠷ᠎ᠠ ᠳᠤᠨᠢ ᠦᠰᠦᠶᠡ︾ ᠭᠤᠤᠯ ᠰᠡᠲᠦᠪᠲᠤ ᠬᠦᠮᠦᠵᠢᠯ ᠤᠨ ᠠᠵᠢᠯᠯᠠᠭ᠎ᠠ ᠦᠷᠨᠢᠬᠦᠯᠵᠣ | ᠭᠤᠴᠢᠨ ᠳᠠᠪᠣᠳᠠᠬᠢ ᠪᠠᠭᠰᠢ ᠶᠢᠨ ᠪᠠᠶᠠᠷ ᠢᠶᠠᠨ ᠪᠠᠶᠠᠷᠯᠡᠨ ᠪᠡᠯᠬᠡᠯᠡᠯ᠎ᠡ᠃ | ᠳᠣᠰ ᠣᠳᠠᠭᠠᠨ ᠤ ᠠᠵᠢᠯᠯᠠᠭ᠎ᠠ ᠳᠤ ᠶᠡᠭᠡ ᠠᠩᠬᠢ ᠶᠢᠨ ᠲᠤᠭᠤᠶᠢᠯᠠᠩ ᠤᠨ ᠪᠦᠬᠦ ᠬᠡᠥᠭᠡᠳ᠂ ᠪᠠᠭᠰᠢ᠂ ᠬᠡᠷ | ᠤᠨ ᠠᠬᠠᠮᠠᠳ ᠣᠷᠣᠯᠴᠠᠨ ᠬᠡᠥᠬᠡᠳ ᠤᠳ ᠠᠴᠠ ᠪᠠᠭᠰᠢ ᠨᠠᠷ ᠲᠠᠭᠠᠨ ᠰᠤᠷᠭᠤᠭ ᠴᠡᠴᠡᠭ ᠬᠦᠷᠭᠡᠭᠰᠡᠨ ᠤ ᠬᠠᠮᠳᠣ ᠭᠡᠷ | ᠤᠨ ᠠᠬᠠᠮᠠᠳ ᠲᠠᠭᠠᠨ ᠦᠪᠡᠷ ᠤᠨ ᠢᠶᠠᠨ ᠬᠢᠭᠰᠡᠨ ᠪᠡᠯᠡᠭ ᠢᠶᠠᠨ ᠬᠦᠷᠭᠡᠨ ᠲᠠᠭᠤᠤ ᠰᠢᠯᠦᠭ ᠵᠡᠷᠭᠡ ᠣᠷᠡᠨ ᠰᠠᠶᠢᠬᠠᠨ | ᠤ ᠲᠤᠭᠯᠠᠯᠲᠠ ᠪᠠᠷ ᠢᠶᠠᠨ ᠪᠠᠭᠰᠢ ᠨᠠᠷ ᠲᠤ ᠪᠠᠨ ᠪᠠᠶᠠᠷ ᠤᠨ ᠡᠳᠦᠷ ᠤᠨ ᠮᠡᠨᠳᠦ ᠬᠦᠷᠭᠡᠯ᠎ᠡ᠃ | ᠠᠵᠢᠯᠯᠠᠭᠠᠨ ᠳᠤ ᠪᠠᠰᠠ ᠮᠤᠩᠭᠤᠯ ᠦᠨᠳᠦᠰᠦᠲᠡᠨ ᠤ ᠬᠡᠥᠬᠡᠳ ᠤᠨ ᠴᠴᠡᠷᠯᠢᠭ ᠤᠨ ᠪᠦᠬᠦ ᠪᠠᠭᠰᠢ ᠨᠠᠷ ᠠᠴᠠ | ︽ᠨᠢᠬᠡ ᠲᠦᠬᠦᠷᠢᠭ ᠢᠶᠠᠨ ᠬᠠᠨᠳᠢᠪᠯᠠᠬᠤ ᠲᠦᠭᠡᠮᠡᠯ ᠬᠠᠶᠢᠷ᠎ᠠ ᠶᠢᠨ ᠠᠵᠢᠯᠯᠠᠭ᠎ᠠ︾ ᠶᠢ ᠦᠷᠨᠢᠬᠦᠯᠦᠭᠰᠡᠨ ᠪᠠᠶᠢᠨ᠎ᠠ᠃ | ᠤᠶᠢᠯᠠᠭᠠᠭᠰᠠᠨ ᠢᠶᠠᠷ ᠮᠤᠩᠭᠤᠯ ᠦᠨᠳᠦᠰᠦᠲᠡᠨ ᠤ ᠬᠡᠥᠬᠡᠳ ᠤᠨ ᠴᠴᠡᠷᠯᠢᠭ ᠤᠨ ᠪᠦᠬᠦ ᠪᠠᠭᠰᠢ ᠨᠠᠷ ᠰᠠᠷ᠎ᠠ ᠪᠤᠯᠭᠠᠨ | ︽ᠨᠢᠬᠡ ᠲᠦᠬᠦᠷᠢᠭ ᠢᠶᠠᠨ ᠬᠠᠨᠳᠢᠪᠯᠠᠬᠤ ᠲᠦᠭᠡᠮᠡᠯ ᠬᠠᠶᠢᠷ᠎ᠠ ᠶᠢᠨ ᠠᠵᠢᠯᠯᠠᠭ᠎ᠠ︾ ᠶᠢ ᠨᠠᠮ ᠤᠨ ᠡᠳᠦᠷᠯᠢᠭ ᠤᠨ | ᠠᠵᠢᠯᠯᠠᠭ᠎ᠠ ᠪᠠᠷ ᠦᠷᠬᠦᠯᠵᠢ ᠶᠢᠨ ᠴᠢᠨᠠᠷ ᠲᠠᠢ ᠦᠷᠨᠢᠭᠦᠯᠵᠦ ᠰᠤᠷᠭᠠᠭᠤᠯᠢ ᠶᠢᠨ ᠬᠦᠴᠢᠷᠳᠡᠯᠳᠡᠢ ᠬᠡᠥᠬᠡᠳ ᠢ ᠲᠡᠮᠵᠢᠨ | ᠳᠣᠰᠠᠯᠠᠵᠣ ᠪᠠᠶᠢᠨ᠎ᠠ᠃ | |