ᠬᠤᠰᠢᠭᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠪᠠᠭᠰᠢ ᠶᠢᠨ ᠪᠠᠶᠠᠷ ᠢ ᠤᠳᠬ᠎ᠠ ᠠᠭᠤᠯᠭ᠎ᠠ ᠲᠠᠢ ᠲᠡᠮᠲᠡᠭᠯᠡᠯ᠎ᠡ
ᠨᠡᠶᠢᠲᠡᠯᠡᠭᠰᠡᠨ ᠴᠠᠭ᠄
2019-09-11
      ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ︽ᠦᠨᠡᠨ ᠰᠡᠳᠬᠢᠯ ᠳᠤᠨᠢ ᠲᠠᠯᠠᠷᠬᠠᠨ᠂  ᠦᠶᠦᠭ ᠬᠠᠶᠢᠷ᠎ᠠ ᠳᠤᠨᠢ ᠦᠰᠦᠶ᠎ᠡ︾ ᠭᠤᠤᠯ ᠰᠡᠲᠦᠪᠲᠤ ᠬᠦᠮᠦᠵᠢᠯ ᠤᠨ ᠠᠵᠢᠯᠯᠠᠭ᠎ᠠ ᠦᠷᠨᠢᠬᠦᠯᠵᠣ ᠭᠤᠴᠢᠨ ᠳᠠᠪᠣᠳᠠᠬᠢ ᠪᠠᠭᠰᠢ ᠶᠢᠨ ᠪᠠᠶᠠᠷ ᠢᠶᠠᠨ ᠪᠠᠶᠠᠷᠯᠡᠨ  ᠪᠡᠯᠬᠡᠯᠡᠯ᠎ᠡ᠃       ᠳᠣᠰ ᠣᠳᠠᠭᠠᠨ ᠤ ᠠᠵᠢᠯᠯᠠᠭ᠎ᠠ ᠳᠤ ᠶᠡᠭᠡ ᠠᠩᠬᠢ ᠶᠢᠨ ᠲᠤᠭᠤᠶᠢᠯᠠᠩ ᠤᠨ ᠪᠦᠬᠦ  ᠬᠡᠥᠭᠡᠳ᠂ ᠪᠠᠭᠰᠢ᠂ ᠬᠡᠷ ᠤᠨ ᠠᠬᠠᠮᠠᠳ ᠣᠷᠣᠯᠴᠠᠨ ᠬᠡᠥᠬᠡᠳ ᠤᠳ ᠠᠴᠠ ᠪᠠᠭᠰᠢ ᠨᠠᠷ ᠲᠠᠭᠠᠨ ᠰᠤᠷᠭᠤᠭ ᠴᠡᠴᠡᠭ ᠬᠦᠷᠭᠡᠭᠰᠡᠨ ᠤ ᠬᠠᠮᠳᠣ ᠭᠡᠷ ᠤᠨ ᠠᠬᠠᠮᠠᠳ ᠲᠠᠭᠠᠨ ᠦᠪᠡᠷ ᠤᠨ ᠢᠶᠠᠨ ᠬᠢᠭᠰᠡᠨ ᠪᠡᠯᠡᠭ ᠢᠶᠠᠨ ᠬᠦᠷᠭᠡᠨ ᠲᠠᠭᠤᠤ ᠰᠢᠯᠦᠭ ᠵᠡᠷᠭᠡ ᠣᠷᠡᠨ ᠰᠠᠶᠢᠬᠠᠨ ᠤ ᠲᠤᠭᠯᠠᠯᠲᠠ ᠪᠠᠷ ᠢᠶᠠᠨ ᠪᠠᠭᠰᠢ ᠨᠠᠷ ᠲᠤ ᠪᠠᠨ ᠪᠠᠶᠠᠷ ᠤᠨ ᠡᠳᠦᠷ ᠤᠨ ᠮᠡᠨᠳᠦ ᠬᠦᠷᠭᠡᠯ᠎ᠡ᠃      ᠠᠵᠢᠯᠯᠠᠭᠠᠨ ᠳᠤ ᠪᠠᠰᠠ ᠮᠤᠩᠭᠤᠯ ᠦᠨᠳᠦᠰᠦᠲᠡᠨ ᠤ ᠬᠡᠥᠬᠡᠳ ᠤᠨ ᠴᠴᠡᠷᠯᠢᠭ ᠤᠨ ᠪᠦᠬᠦ ᠪᠠᠭᠰᠢ ᠨᠠᠷ ᠠᠴᠠ ︽ᠨᠢᠬᠡ ᠲᠦᠬᠦᠷᠢᠭ ᠢᠶᠠᠨ ᠬᠠᠨᠳᠢᠪᠯᠠᠬᠤ ᠲᠦᠭᠡᠮᠡᠯ ᠬᠠᠶᠢᠷ᠎ᠠ ᠶᠢᠨ ᠠᠵᠢᠯᠯᠠᠭ᠎ᠠ︾ ᠶᠢ ᠦᠷᠨᠢᠬᠦᠯᠦᠭᠰᠡᠨ ᠪᠠᠶᠢᠨ᠎ᠠ᠃ ᠤᠶᠢᠯᠠᠭᠠᠭᠰᠠᠨ ᠢᠶᠠᠷ ᠮᠤᠩᠭᠤᠯ ᠦᠨᠳᠦᠰᠦᠲᠡᠨ ᠤ ᠬᠡᠥᠬᠡᠳ ᠤᠨ ᠴᠴᠡᠷᠯᠢᠭ ᠤᠨ ᠪᠦᠬᠦ ᠪᠠᠭᠰᠢ ᠨᠠᠷ ᠰᠠᠷ᠎ᠠ ᠪᠤᠯᠭᠠᠨ ︽ᠨᠢᠬᠡ ᠲᠦᠬᠦᠷᠢᠭ ᠢᠶᠠᠨ ᠬᠠᠨᠳᠢᠪᠯᠠᠬᠤ ᠲᠦᠭᠡᠮᠡᠯ ᠬᠠᠶᠢᠷ᠎ᠠ ᠶᠢᠨ ᠠᠵᠢᠯᠯᠠᠭ᠎ᠠ︾ ᠶᠢ ᠨᠠᠮ ᠤᠨ ᠡᠳᠦᠷᠯᠢᠭ ᠤᠨ ᠠᠵᠢᠯᠯᠠᠭ᠎ᠠ ᠪᠠᠷ ᠦᠷᠬᠦᠯᠵᠢ ᠶᠢᠨ ᠴᠢᠨᠠᠷ ᠲᠠᠢ ᠦᠷᠨᠢᠭᠦᠯᠵᠦ ᠰᠤᠷᠭᠠᠭᠤᠯᠢ ᠶᠢᠨ ᠬᠦᠴᠢᠷᠳᠡᠯᠳᠡᠢ ᠬᠡᠥᠬᠡᠳ ᠢ ᠲᠡᠮᠵᠢᠨ ᠳᠣᠰᠠᠯᠠᠵᠣ ᠪᠠᠶᠢᠨ᠎ᠠ᠃          
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号