ᠲᠠᠯ᠎ᠠ ᠶᠢᠨ ᠣᠰᠣ ᠭᠠᠴᠠᠭᠠᠨ ᠤ ᠠᠮᠢᠳᠣ ᠪᠣᠳᠠᠰ ᠤᠨ ᠣᠷᠭᠠᠨᠢᠭ ᠪᠣᠷᠳᠣᠭᠤᠷ ᠤᠨ ᠣᠶᠢᠯᠡᠳᠪᠣᠷᠢᠯᠠᠯ ᠡᠬᠢᠯᠡᠬᠦ ᠶᠣᠰᠣᠯᠠᠯ ᠵᠢᠴᠢ ᠬᠤᠶᠠᠳᠣᠭᠠᠷ ᠣᠳᠠᠭᠠᠨ ᠤ ᠮᠠᠯᠴᠢᠳ ᠤᠨ ᠨᠠᠭᠠᠳᠣᠮ ᠶᠠᠪᠣᠭᠳᠠᠯ᠎ᠠ
ᠨᠡᠶᠢᠲᠡᠯᠡᠭᠰᠡᠨ ᠴᠠᠭ᠄
2019-09-12
     9 ᠰᠠᠷ᠎ᠠ ᠶᠢᠨ 11 ᠤ ᠡᠳᠣᠷ ᠠᠴᠠ 12 ᠡᠳᠣᠷ ᠪᠣᠯᠳᠠᠯ᠎ᠠ᠂ ᠰᠢᠨ᠎ᠠ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠬᠡᠯᠡᠬᠦ ᠰᠦᠯᠳᠡ ᠰᠣᠮᠣᠨ ᠤ ᠲᠠᠯ᠎ᠠ ᠶᠢᠨ ᠣᠰᠣ ᠭᠠᠴᠠᠭᠠᠨ ᠤ ᠵᠢᠯ  ᠤᠨ 1.8 ᠳᠦᠮᠡᠨ ᠳᠣᠨ ᠠᠮᠢᠳᠣ ᠪᠣᠳᠠᠰ ᠤᠨ ᠣᠷᠭᠠᠨᠢᠭ ᠪᠣᠷᠳᠣᠭᠤᠷ ᠤᠨ ᠣᠶᠢᠯᠡᠳᠪᠣᠷᠢ ᠠᠰᠢᠭᠯᠠᠯᠳᠠ ᠳᠤ ᠣᠷᠣᠭᠰᠠᠨ ᠶᠣᠰᠣᠯᠠᠯ ᠵᠢᠴᠢ ᠬᠤᠶᠠᠳᠣᠭᠠᠷ ᠣᠳᠠᠭᠠᠨ ᠤ ᠮᠠᠯᠴᠢᠳ ᠤᠨ ᠨᠠᠭᠠᠳᠣᠮ ᠦᠪᠡᠳᠡᠭᠰᠢ ᠶᠠᠬᠡᠪᠡᠷ ᠶᠠᠪᠣᠭᠳᠠᠯ᠎ᠠ ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠣ᠋᠂ ᠬᠤᠰᠢᠭᠤ ᠠᠷᠡᠳ ᠤᠨ  ᠲᠦᠯᠦᠬᠡᠯᠡᠭᠴᠢᠳ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠣᠶᠠᠡᠮᠡᠨᠳᠣᠬᠤ᠂ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ ᠨᠠᠮ ᠤᠨ ᠬᠤᠷᠢᠶᠠᠨ ᠤ ᠠᠯᠪᠡᠨ ᠭᠡᠷ ᠤᠨ ᠡᠷᠬᠢᠯᠡᠭᠴᠢ ᠵᠣᠣ ᠶᠦᠡᠭ ᠹᠸᠡᠭ ᠪᠣᠯᠣᠨ ᠬᠤᠰᠢᠭᠤ ᠣᠳᠣᠷᠢᠳᠣᠯᠭ᠎ᠠ ᠸᠠᠩ ᠵᠢᠷᠭᠠᠯ᠂ ᠪᠠᠶᠠᠨᠴᠡᠩᠬᠡᠯ ᠨᠠᠷ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃      ᠠᠵᠢᠯᠯᠠᠭᠠᠨ ᠳᠡᠭᠡᠷ᠎ᠡ ᠰᠦᠯᠳᠡ ᠰᠣᠮᠣ ᠪᠣᠯᠣᠨ ᠲᠠᠯ᠎ᠠ ᠶᠢᠨ ᠣᠰᠣ ᠭᠠᠴᠠᠭᠠᠨ ᠤ ᠣᠳᠣᠷᠢᠳᠣᠯᠭ᠎ᠠ ᠠᠴᠠ ᠳᠣᠰᠪᠣᠷᠢ ᠰᠣᠮᠣ ᠭᠠᠴᠠᠭᠠᠨ ᠤ ᠠᠵᠣ ᠠᠬᠤᠢ ᠶᠢᠨ ᠨᠠᠶᠢᠬᠡᠮ ᠤᠨ ᠬᠦᠭᠵᠢᠯᠳᠡ ᠶᠢᠨ ᠪᠠᠶᠢᠳᠡᠯ ᠢ ᠳᠠᠨᠢᠯᠴᠠᠭᠤᠯᠣᠭᠰᠠᠨ  ᠤ ᠬᠠᠮᠳᠣ ᠪᠦᠬᠦ ᠭᠠᠴᠠᠭᠠᠨ ᠤ ᠲᠠᠯᠠᠨ ᠨᠠᠰᠤᠲᠠᠢ 8 ᠨᠠᠰᠣᠳᠡᠨ ᠪᠣᠯᠣᠨ ᠣᠷᠳᠣᠰ ᠤᠨ ᠨᠠᠷᠢᠨ ᠨᠣᠣᠰᠣᠳᠣ ᠬᠤᠨᠢ ᠮᠠᠯᠵᠢᠬᠤ ᠳᠣᠮᠣ ᠡᠷᠣᠬᠡ᠂ ᠨᠣᠳᠤᠭ ᠲᠤ ᠪᠠᠨ ᠬᠠᠷᠢᠵᠣ ᠣᠶᠢᠯᠡᠰ ᠪᠣᠰᠬᠠᠭᠴᠢ ᠵᠡᠷᠭᠡ ᠵᠢᠱᠢᠶᠠᠴᠢ ᠬᠦᠮᠣᠨ ᠢ 7 ᠬᠦᠭᠢᠬᠦᠯᠣᠨ ᠱᠠᠩᠨᠠᠯ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠣ᠋᠂ ᠬᠤᠰᠢᠭᠤ ᠠᠷᠡᠳ ᠤᠨ ᠲᠦᠯᠦᠬᠡᠯᠡᠭᠴᠢᠳ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠣᠶᠠᠡᠮᠡᠨᠳᠣᠬᠤ ᠨᠡᠷ ᠠᠮᠢᠳᠣ ᠪᠣᠳᠠᠰ ᠤᠨ ᠣᠷᠭᠠᠨᠢᠭ ᠪᠣᠷᠳᠣᠭᠤᠷ ᠤᠨ ᠣᠶᠢᠯᠡᠳᠪᠣᠷᠢ ᠶᠢᠨ ᠠᠰᠢᠭᠯᠠᠯᠳᠠ ᠳᠤ ᠣᠷᠣᠭᠰᠠᠨ ᠳᠣᠣᠵᠠ ᠶᠢ ᠬᠠᠶᠢᠴᠢᠯᠡᠨ ᠫᠠᠶᠢᠰᠠ ᠰᠡᠬᠦᠭᠰᠠᠨ ᠪᠠᠶᠢᠨ᠎ᠠ᠃      ᠬᠤᠶᠠᠷ ᠡᠳᠣᠷ ᠤᠨ ᠬᠤᠭᠤᠴᠠᠭ᠎ᠠ ᠲᠠᠢ ᠶᠠᠪᠤᠭᠳᠠᠭᠰᠠᠨ ᠡᠨ᠋ᠨ ᠣᠳᠠᠭᠠᠨ ᠤ ᠨᠠᠭᠠᠳᠣᠮ ᠳᠡᠭᠡᠷ᠎ᠡ ᠡᠷ᠎ᠠ ᠶᠢᠨ ᠭᠤᠷᠪᠡᠨ ᠨᠠᠭᠠᠳᠣᠮ ᠪᠣᠯᠣᠨ ᠡᠯ᠎ᠡ ᠮᠠᠯᠵᠢᠯ ᠤᠨ ᠬᠤᠷᠰᠢᠶ᠎ᠠ ᠪᠠᠷ ᠨᠢᠬᠡᠴᠢᠯᠡᠭᠰᠠᠨ ᠳᠡᠭᠡᠰᠣ ᠳᠠᠳᠠᠬᠤ ᠣᠷᠣᠯᠳᠣᠭᠠᠨ᠂ ᠰᠠᠭᠠᠳ ᠳᠠᠪᠠᠭ᠋ᠣ ᠣᠷᠣᠯᠳᠣᠭᠠᠨ᠂ ᠰᠠᠭᠰᠣᠨ ᠪᠦᠮᠪᠦᠭᠡ ᠶᠢᠨ ᠣᠷᠣᠯᠳᠣᠭᠠᠨ ᠵᠡᠷᠭᠡ ᠰᠣᠶᠣᠯ ᠳᠠᠮᠢᠷ ᠤᠨ ᠣᠷᠣᠯᠳᠣᠭᠠᠨ ᠢ ᠦᠷᠨᠢᠬᠦᠯᠣᠭ᠍ᠰᠠᠨ ᠤ ᠬᠠᠮᠳᠣ ᠪᠠᠰᠠ ᠡᠷᠳᠡᠨᠢ᠂ ᠠ᠊ ᠴᠢᠮᠡᠭ᠂ ᠨᠠᠷᠠᠰᠣ ᠵᠡᠷᠭᠡ ᠳᠣᠭᠯᠠᠭᠴᠢᠳ ᠠᠴᠠ ᠰᠣᠶᠣᠯ ᠣᠷᠠᠯᠢᠭ ᠤᠨ ᠳᠣᠭᠯᠠᠯᠳᠠ ᠭᠠᠷᠭᠠᠵᠣ ᠮᠠᠯᠴᠢᠳ ᠤᠨ ᠬᠠᠷᠠᠭ᠎ᠠ ᠶᠢ ᠪᠠᠶᠠᠰᠬᠠᠨ ᠰᠤᠨᠤᠷ ᠢ ᠮᠢᠯᠢᠶᠠᠵᠦ ᠰᠣᠶᠣᠯ  ᠤᠨ ᠠᠮᠢᠳᠣᠷᠠᠯ ᠢ ᠪᠠᠶᠠᠯᠢᠭᠵᠢᠭᠤᠯᠣᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号