ᠲᠠᠯ᠎ᠠ ᠶᠢᠨ ᠤᠰᠤ ᠭᠠᠴᠠᠭᠠᠨ ᠤ ᠠᠮᠢᠳᠣ ᠪᠣᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠤᠷᠢ ᠠᠰᠢᠭᠯᠠᠯᠳᠠ ᠳᠤ ᠣᠷᠣᠯ᠎ᠠ
ᠨᠡᠶᠢᠲᠡᠯᠡᠭᠰᠡᠨ ᠴᠠᠭ᠄
2019-09-12
     ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭ᠎ᠠ ᠨᠢ ᠣᠷᠴᠢᠨ ᠳᠣᠭᠤᠷᠢᠨ ᠳᠤ ᠤᠷᠭᠠᠨᠢᠭ ᠪᠤᠷᠳᠤᠭᠤᠷ ᠦᠢᠯᠡᠳᠪᠤᠷᠢᠯᠡᠬᠦ ᠡᠯᠪᠡᠭ ᠪᠠᠶᠠᠯᠢᠭ ᠲᠦᠬᠦᠬᠡᠢ ᠮᠠᠲ᠋ᠧᠷᠢᠶᠠᠯ ᠲᠠᠢ ᠲᠠᠪᠠᠭᠤᠯᠢᠭ ᠪᠠᠶᠢᠳᠡᠯ ᠢᠶᠠᠨ ᠠᠰᠢᠭᠯᠠᠵᠤ ᠬᠠᠶᠠᠭᠳᠠᠮᠠᠯ ᠢ ᠡᠷᠳᠡᠨᠢ ᠪᠣᠯᠭᠠᠨ ᠬᠠᠮᠳᠣ ᠶᠢᠨ ᠠᠵᠣ ᠠᠬᠤᠢ ᠢ ᠬᠦᠭᠵᠢᠬᠦᠯᠵᠦ ᠮᠠᠯᠴᠢᠨ ᠲᠦᠮᠡᠨ ᠤ ᠪᠠᠨ ᠤᠷᠤᠯᠭ᠎ᠠ  ᠶᠢ ᠨᠡᠮᠡᠭᠳᠡᠬᠦᠯᠵᠣ ᠠᠮᠢᠳᠣ ᠪᠣᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠤᠷᠢ ᠢ ᠪᠠᠶᠢᠭᠤᠯᠣᠨ ᠠᠰᠢᠭᠯᠠᠯᠳᠠ ᠳᠤ ᠤᠷᠤᠭᠤᠯᠤᠯ᠎ᠠ᠃      ᠰᠦᠯᠳᠡ ᠰᠤᠮᠤᠨ ᠤ ᠲᠠᠯ᠎ᠠ ᠶᠢᠨ ᠤᠰᠤ ᠭᠠᠴᠠᠭᠠᠨ ᠤ ᠮᠠᠯᠴᠢᠨ ᠡᠷᠳᠡᠨᠢᠨᠴᠢᠯᠠᠭᠤ ᠲᠤᠭᠳᠠᠭᠰᠠᠨ ᠬᠤᠭᠤᠴᠠᠭ᠎ᠠ ᠪᠤᠯᠪᠠᠯ᠂ ᠭᠠᠴᠠᠭᠠᠨ ᠤ ᠪᠠᠨ ᠠᠮᠢᠳᠣ ᠪᠣᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠤᠷᠢ ᠳᠤ ᠲᠦᠬᠦᠬᠡᠢ ᠮᠠᠲ᠋ᠧᠷᠢᠶᠠᠯ ᠬᠦᠷᠬᠡᠵᠤ ᠣᠴᠢᠳᠠᠭ᠃ ᠲᠦᠬᠦᠬᠡᠢ ᠮᠠᠲ᠋ᠧᠷᠢᠶᠠᠯ ᠨᠢ ᠲᠤᠰ ᠨᠤᠳᠤᠭ ᠲᠠᠬᠢ ᠬᠤᠪᠬᠠᠶᠢᠷᠠᠵᠤ ᠦᠵᠢᠷᠡᠭᠰᠡᠨ ᠮᠤᠳᠤ᠂ ᠪᠤᠷᠭᠠᠰᠤ᠂ ᠰᠢᠪᠠᠭ ᠵᠡᠷᠬᠡ ᠪᠤᠯᠬᠤᠷ ᠤᠯᠳᠠᠬᠤ ᠳᠤ ᠠᠮᠠᠷᠬᠠᠨ ᠠᠴᠠ ᠤᠳᠤ ᠪᠤᠯᠳᠠᠯ᠎ᠠ ᠲᠦᠮᠡᠬᠡᠳ ᠲᠦᠬᠦᠷᠢᠭ ᠤᠨ ᠤᠷᠤᠯᠭ᠎ᠠ ᠤᠯᠵᠠᠢ᠃      ᠮᠠᠯᠴᠢᠨ ᠡᠷᠳᠡᠨᠢᠨᠴᠢᠯᠠᠭᠤ᠄ ︽ᠡᠨᠡ ᠵᠢᠯ ᠠᠷᠪᠠᠭᠠᠳ ᠲᠦᠮᠡ ᠤᠯᠬᠤ ᠪᠠᠷ ᠴᠢᠷᠮᠠᠶᠢᠵᠤ ᠪᠠᠶᠢᠨ᠎ᠠ᠃ ᠪᠠᠰᠠ ᠨᠢᠬᠡ ᠪᠦᠯᠦᠭ ᠬᠦᠴᠢᠷᠳᠡᠭᠰᠡᠨ ᠮᠠᠯᠴᠢᠳ ᠢ ᠲᠠᠭᠠᠭᠤᠯᠵᠤ ᠲᠡᠳᠡᠨ ᠳᠤ ᠤᠷᠤᠯᠭ᠎ᠠ ᠤᠷᠤᠭᠤᠯᠤᠶ᠎ᠠ ᠬᠡᠵᠤ ᠪᠤᠳᠤᠵᠤ ᠪᠠᠶᠢᠨ᠎ᠠ︾ ᠬᠡᠪᠡ᠃      460 ᠭᠠᠷᠣᠢ ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠲᠠᠢ ᠲᠠᠯ᠎ᠠ ᠶᠢᠨ ᠤᠰᠤ ᠭᠠᠴᠠᠭᠠᠨ ᠤ ᠡᠨᠡᠬᠦ ᠠᠮᠢᠳᠣ ᠪᠣᠳᠠᠰ ᠤᠨ ᠤᠷᠭᠠᠨᠢᠭ ᠪᠤᠷᠳᠤᠭᠤᠷ ᠤᠨ ᠦᠢᠯᠡᠳᠪᠤᠷᠢ ᠬᠤᠶᠠᠷ ᠵᠢᠯ ᠭᠠᠷᠤᠢ ᠶᠢᠨ ᠪᠡᠯᠡ ᠬᠤᠷᠠᠮᠳᠤᠭᠤᠯᠤᠯᠳᠠ ᠂ ᠮᠡᠷᠬᠡᠵᠢᠯ ᠤᠨ ᠰᠦᠪᠡᠭᠴᠢᠯᠠᠯᠳᠠ᠂ ᠪᠦᠳᠦᠬᠡᠨ ᠪᠠᠶᠢᠭᠤᠯᠤᠯᠳᠠ ᠪᠠᠷ ᠲᠠᠮᠵᠢᠭᠠᠳ ᠡᠨᠡ ᠵᠢᠯ ᠤᠨ ᠲᠤᠯᠤᠳᠤᠭᠠᠷ ᠰᠠᠷ᠎ᠠ ᠳᠤ ᠦᠢᠯᠡᠳᠪᠤᠷᠢᠯᠡᠯ ᠢᠶᠠᠨ ᠵᠢᠩᠬᠢᠨᠢ ᠪᠠᠷ ᠡᠬᠢᠯᠡᠬᠦᠯᠵᠡᠢ᠃ ᠤᠷᠭᠠᠨᠢᠭ ᠪᠤᠷᠳᠤᠭᠤᠷ ᠤᠨ ᠲᠦᠬᠦᠬᠡᠢ ᠮᠠᠲ᠋ᠧᠷᠢᠶᠠᠯ  ᠨᠢ ᠮᠠᠯ ᠤᠨ ᠰᠢᠬᠡᠭ᠂ ᠠᠮᠢᠳᠣᠷᠠᠯ ᠤᠨ ᠬᠠᠶᠠᠭᠳᠠᠮᠠᠯ ᠪᠣᠯᠣᠨ ᠮᠣᠳᠣ ᠪᠣᠷᠭᠠᠰᠣ ᠳᠠᠷᠢᠶᠠᠨ ᠰᠦᠷᠠᠯ ᠵᠡᠷᠭᠡ ᠶᠢ ᠠᠰᠢᠭᠯᠠᠵᠤ ᠪᠠᠶᠢᠭ᠎ᠠ ᠪᠤᠯᠬᠤᠷ ᠤᠳᠠᠭᠠᠨ ᠵᠢᠯ ᠰᠢᠢᠳᠪᠤᠷᠢᠯᠡᠬᠦ ᠠᠷᠭ᠎ᠠ ᠦᠬᠡᠢ ᠪᠠᠶᠢᠭᠰᠠᠨ ᠬᠠᠶᠠᠭᠳᠠᠮᠠᠯ ᠢ ᠡᠷᠳᠡᠨᠢ ᠪᠤᠯᠭᠠᠵᠤ ᠴᠢᠳᠠᠵᠠᠢ᠃      ᠦᠪᠤᠷ ᠮᠤᠩᠭᠤᠯ ᠤᠨ ᠠᠮᠢᠳᠤ ᠪᠤᠳᠠᠰ ᠤᠨ ᠤᠷᠭᠠᠨᠢᠭ ᠪᠤᠷᠳᠤᠭᠤᠷ ᠤᠨ ᠰᠢᠨᠵᠢᠯᠡᠭᠡ ᠮᠡᠷᠬᠡᠵᠢᠯ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠵᠠᠬᠢᠷᠤᠯ ᠦᠷᠬᠡᠨᠪᠤᠤ᠄ ︽ᠡᠨᠡ ᠵᠢᠯ 6000 ᠲᠤᠨ ᠦᠢᠯᠡᠳᠪᠤᠷᠢᠯᠡᠬᠦ  ᠪᠠᠷ ᠲᠦᠯᠦᠪᠯᠡᠵᠤ ᠪᠠᠶᠢᠨ᠎ᠠ᠃ ᠤᠳᠤ ᠲᠡᠬᠡᠷ᠎ᠡ ᠬᠤᠶᠠᠷ ᠭᠠᠵᠠᠷ ᠤᠨ ᠵᠠᠬᠢᠶᠠᠯᠠᠭ᠎ᠠ ᠢᠷᠡᠵᠡᠢ᠂ ᠮᠠᠨ ᠤ ᠡᠨᠡ ᠪᠤᠷᠳᠤᠭᠤᠷ ᠢ ᠠᠪᠤᠨ᠎ᠠ ᠬᠡᠵᠤ ᠪᠠᠶᠢᠨ᠎ᠠ︾ ᠬᠡᠵᠦ ᠶᠠᠷᠢᠵᠦ ᠪᠠᠶᠢᠪᠠ᠃      ᠤᠷᠭᠠᠨᠢᠭ ᠪᠤᠷᠳᠤᠭᠤᠷ ᠤᠨ ᠦᠢᠯᠡᠳᠪᠤᠷᠢ ᠶᠢᠨ ᠪᠦᠬᠦ ᠶᠠᠪᠤᠴᠠ ᠳᠤ ᠲᠤᠰᠬᠠᠶᠢᠯᠠᠨ ᠶᠠᠫᠤᠨ ᠤᠯᠤᠰ ᠠᠴᠠ ᠮᠡᠷᠬᠡᠵᠢᠯᠳᠡᠨ ᠤᠷᠢᠨ ᠦᠢᠯᠡᠴᠢᠯᠡᠭᠡ ᠵᠢᠯᠤᠭᠤᠳᠤᠯᠭ᠎ᠠ ᠬᠢᠯᠬᠡᠵᠤ ᠪᠠᠶᠢᠭ᠎ᠠ ᠪᠤᠯᠬᠤᠷ ᠮᠡᠷᠬᠡᠵᠢᠯ ᠲᠠᠪᠰᠢᠩᠭᠤᠢ᠂ ᠮᠠᠰᠢᠨ ᠲᠤᠨᠤᠭ ᠲᠡᠷᠢᠬᠦᠨ ᠤ ᠮᠦᠷᠳᠡᠬᠡᠨ ᠬᠦᠮᠦᠨ ᠤ ᠬᠦᠴᠦ ᠴᠦᠬᠡᠨ ᠬᠡᠷᠡᠭᠯᠡᠬᠦ ᠶᠢ ᠪᠡᠶᠡᠯᠡᠬᠦᠯᠵᠡᠢ᠃ ᠲᠤᠰ ᠭᠠᠴᠠᠭᠠᠨ ᠤ ᠮᠠᠯᠴᠢᠨ ᠬᠦᠮᠦᠵᠢᠯᠳᠤ ᠶᠢᠨ ᠠᠮᠢᠳᠤᠷᠠᠯ ᠬᠦᠴᠢᠷᠳᠡᠯᠳᠡᠢ ᠪᠤᠯᠬᠤᠷ ᠦᠢᠯᠡᠳᠪᠤᠷᠢ ᠳᠤ ᠬᠦᠯᠦᠰᠦᠯᠡᠨ ᠵᠠᠷᠤᠵᠤ ᠪᠤᠢ᠃      ᠮᠠᠯᠴᠢᠨ ᠬᠦᠮᠦᠵᠢᠯᠳᠤ᠄ ︽ᠮᠠᠨ ᠤ ᠬᠢᠨ ᠠᠮᠢᠳᠤᠷᠠᠯ ᠬᠦᠴᠢᠷ ᠲᠠᠢ᠂ ᠠᠳᠡ ᠠᠵᠢᠯᠯᠠᠪᠠᠯ ᠰᠠᠷ᠎ᠠ ᠶᠢᠨ ᠴᠠᠯᠢᠩ 4500 ᠲᠦᠬᠦᠷᠢᠭ᠂ ᠬᠡᠷ ᠠᠴᠠ ᠪᠠᠨ ᠪᠠᠰᠠ ᠤᠶᠢᠷᠠᠬᠠᠨ᠃ ᠠᠮᠢᠳᠤᠷᠠᠯ ᠢᠶᠠᠨ ᠪᠠᠰᠠ ᠲᠡᠬᠡᠭᠰᠢᠯᠡᠬᠦᠯᠴᠢᠬᠡᠶ᠎ᠡ ᠬᠡᠳ ᠦᠢᠯᠡᠳᠪᠤᠷᠢ ᠳᠤ ᠢᠷᠡᠵᠦ ᠬᠢᠭᠰᠡᠨ ᠶᠤᠮ︾ ᠬᠡᠪᠡ᠃      ᠲᠤᠰ ᠤᠷᠭᠠᠨᠢᠭ ᠪᠤᠷᠳᠤᠭᠤᠷ ᠤᠨ ᠦᠢᠯᠡᠳᠪᠤᠷᠢ ᠵᠢᠯ ᠳᠤ 18000 ᠲᠤᠨ ᠪᠤᠷᠳᠤᠭᠤᠷ  ᠣᠶᠢᠯᠠᠳᠪᠣᠷᠢᠯᠠᠵᠣ ᠤᠳᠤ ᠲᠠᠯ᠎ᠠ ᠶᠢᠨ ᠤᠰᠤ ᠭᠠᠴᠠᠭᠠᠨ ᠤ ᠵᠠᠭᠤ ᠬᠤᠷᠢᠭᠠᠳ ᠡᠷᠦᠬᠡ ᠨᠢᠬᠡᠨᠳᠡ ᠦᠢᠯᠡᠳᠪᠤᠷᠢ ᠳᠤ ᠬᠤᠪᠢ ᠤᠷᠤᠵᠠᠢ᠃ ᠡᠶᠢᠮᠦᠷᠬᠦᠦ ᠤᠷᠭᠠᠨᠢᠭ ᠪᠤᠷᠳᠤᠭᠤᠷ ᠤᠨ ᠬᠠᠮᠤᠭ ᠶᠡᠭᠡ ᠴᠢᠳᠠᠮᠵᠢ ᠨᠢ ᠲᠠᠷᠤᠢ ᠲᠠᠷᠢᠮᠠᠯ ᠤᠨ ᠪᠦᠳᠦᠬᠡᠭᠳᠡᠬᠦᠨ᠂ ᠲᠠᠷᠢᠶᠠᠯᠠᠩ ᠤᠨ ᠡᠮ ᠳᠤ ᠲᠦᠰᠢᠭᠯᠡᠬᠦ ᠶᠢ ᠦᠬᠡᠶᠢᠰᠬᠡᠬᠦ ᠮᠦᠷᠳᠡᠬᠡᠨ ᠤᠷᠳᠤ ᠬᠤᠭᠤᠴᠠᠭ᠎ᠠ ᠲᠠᠷᠢᠶᠠᠯᠠᠩ ᠤᠨ ᠡᠮ ᠬᠡᠷᠡᠭᠯᠡᠭᠰᠡᠨ ᠬᠦᠷᠦᠰᠦ ᠰᠢᠷᠤᠢ ᠶᠢ ᠲᠠᠰᠤᠷᠠᠯᠳᠠ ᠦᠬᠡᠢ ᠰᠠᠶᠢᠵᠢᠷᠠᠭᠤᠯᠬᠤ ᠪᠠᠷ ᠲᠠᠮᠵᠢᠨ ᠠᠮᠤᠷ ᠲᠦᠪᠰᠢᠨ ᠢᠳᠡᠬᠡᠨ ᠢ ᠪᠤᠶᠢᠵᠢᠭᠤᠯᠵᠤ ᠲᠡᠶᠢᠯᠦᠨ᠎ᠡ᠃ ᠤᠷᠭᠠᠨᠢᠭ ᠪᠤᠷᠳᠤᠭᠤᠷ ᠤᠨ ᠴᠢᠨᠠᠷ ᠴᠢᠨᠰᠠᠭ᠎ᠠ ᠦᠷ᠎ᠡ ᠠᠰᠢᠭ  ᠢ ᠪᠠᠳᠤᠯᠠᠬᠤ ᠶᠢᠨ ᠲᠦᠯᠦᠬᠡ ᠲᠠᠯ᠎ᠠ ᠶᠢᠨ ᠤᠰᠤ ᠭᠠᠴᠠᠭᠠᠨ ᠤ ᠬᠢᠨ ᠪᠠᠰᠠ ᠲᠤᠰᠬᠠᠶᠢᠯᠠᠨ 2.3 ᠮᠤ᠋ ᠶᠢᠨ ᠲᠤᠷᠰᠢᠯᠳᠠ ᠶᠢᠨ ᠲᠤᠯᠠᠭᠠᠨ ᠬᠦᠯᠡᠮᠵᠢ ᠪᠠᠶᠢᠭᠤᠯᠵᠤ ᠤᠷᠭᠠᠨᠢᠭ ᠪᠤᠷᠳᠤᠭᠤᠷ ᠤᠨ ᠴᠢᠨᠠᠷ ᠲᠡᠰ ᠢ ᠴᠠᠭ ᠦᠷᠬᠦᠯᠵᠢ ᠰᠢᠯᠭᠠᠨ ᠪᠠᠳᠤᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号