ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠠᠵᠢᠯ ᠠᠴᠠ ᠪᠠᠨ ᠠᠮᠠᠷᠠᠭᠰᠠᠨ ᠪᠠᠭᠰᠢᠨᠡᠷ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2019-09-12
     9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠷ ᠠᠵᠢᠯ ᠠᠴᠠ ᠪᠠᠨ ᠠᠮᠠᠷᠠᠭᠰᠠᠨ  ᠪᠠᠭᠰᠢᠨᠡᠷ ᠤᠨ ᠲᠥᠯᠥᠭᠡᠯᠡᠭᠴᠢ ᠨᠠᠰᠤᠨᠪᠠᠶᠠᠷ ᠪᠣᠯᠤᠨ ᠰᠢᠶᠠᠩ ᠭᠦᠸᠧ ᠴᠢᠩ ᠢ ᠪᠣᠯᠭᠤᠭᠠᠨ ᠲᠣᠬᠤᠨᠢᠭᠤᠯᠵᠤ ᠬᠤᠰᠢᠭᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠢ ᠲᠥᠯᠥᠭᠡᠯᠡᠨ ᠪᠥᠬᠦ ᠬᠤᠰᠢᠭᠤᠨ ᠤ ᠥᠷᠭᠡᠨ ᠣᠯᠠᠨ ᠪᠠᠭᠰᠢ ᠠᠵᠢᠯᠳᠠᠨ ᠪᠣᠯᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠤᠭ᠍ᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠵᠢᠴᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠪᠠ᠃
     ᠪᠥᠬᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ᠂ ᠰᠤᠷᠭᠠᠨ ᠬᠥᠮᠦᠵᠢᠯ ᠤᠨ ᠠᠵᠢᠯᠲᠠᠨ ᠨᠠᠰᠤᠨᠪᠠᠶᠠᠷ ᠤᠨ ᠭᠡᠷ ᠲᠤ ᠡᠷᠳᠡᠨᠢᠪᠢᠯᠢᠭ ᠨᠡᠷ ᠬᠦᠷᠴᠣ ᠲᠠᠭᠦᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ ᠲᠡᠭᠦᠨ ᠤ ᠣᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ ᠵᠢᠳᠬᠦᠵᠣ ᠶᠠᠪᠤᠭᠰᠠᠨ ᠳᠤ ᠲᠠᠯᠠᠷᠬᠠᠪᠠ᠃ ᠡᠷᠳᠡᠨᠢᠪᠢᠯᠢᠭ ᠬᠡᠯᠡᠬᠦ ᠳᠡᠭᠡᠨ ᠪᠠᠭᠰᠢ ᠶᠢᠨ ᠠᠵᠢᠯ ᠪᠣᠯ ᠰᠦᠭ ᠰᠦᠨᠡᠰᠦ ᠶᠢ ᠱᠤᠭᠤᠵᠤ ᠠᠮᠢ ᠨᠠᠰᠤ ᠶᠢ ᠱᠤᠭᠤᠵᠤ ᠬᠥᠮᠦᠨ ᠢ ᠱᠤᠭᠤᠬᠤ ᠠᠵᠢᠯ ᠮᠥᠨ᠂ ᠲᠠᠭᠦᠨ ᠤ ᠥᠥᠰᠢᠨ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠳᠣᠪᠣᠶᠢᠮ᠎ᠠ ᠬᠤᠪᠢ ᠨᠡᠮᠡᠷᠢ ᠳᠤ ᠴᠢᠩ ᠰᠠᠳᠬᠢᠯ ᠤᠨ ᠲᠠᠯᠠᠷᠬᠠᠯ ᠲᠠᠪᠰᠢᠭᠦᠯᠤᠨ ᠨᠠᠰᠤᠲᠠᠨ ᠤ ᠠᠮᠢᠳᠤᠷᠠᠯ ᠵᠣᠯ ᠵᠢᠷᠭᠠᠯ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠬᠦᠰᠡᠨ ᠵᠥᠩᠨᠡᠪᠡ᠃ ᠮᠥᠨᠴᠤ ᠬᠤᠶᠢᠰᠢᠳᠠ ᠰᠤᠷᠭᠠᠨ ᠬᠥᠮᠦᠵᠢᠯ ᠤᠨ ᠣᠶᠢᠯᠡᠰ᠂ ᠰᠤᠷᠭᠠᠭᠤᠯᠢ ᠪᠠ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠦᠷᠭᠦᠯᠵᠢᠯᠡᠨ ᠠᠩᠬᠠᠷᠬᠤ ᠶᠢ ᠬᠦᠰᠡᠵᠦ ᠪᠠᠶᠢᠨ᠎ᠠ ᠭᠡᠵᠡᠢ᠃ ᠨᠠᠰᠤᠨᠪᠠᠶᠠᠷ ᠪᠠᠭᠰᠢ ᠠᠴᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠠᠷ ᠢ ᠬᠠᠯᠠᠮᠵᠢᠯᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠰᠤᠷᠭᠠᠨ ᠬᠥᠮᠦᠵᠢᠯ ᠤᠨ ᠠᠵᠢᠯ ᠢ ᠦᠷᠭᠦᠯᠵᠢᠯᠡᠨ ᠬᠠᠯᠠᠮᠵᠢᠯᠠᠨ ᠳᠠᠮᠵᠢᠵᠤ ᠥᠥᠰᠢᠨ ᠬᠤᠰᠢᠭᠤᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    
    ᠠᠵᠢᠯ ᠠᠴᠠ ᠪᠠᠨ ᠠᠮᠠᠷᠠᠭᠰᠠᠨ ᠪᠠᠭᠰᠢ ᠰᠢᠶᠠᠩ ᠭᠦᠸᠧ ᠴᠢᠩ ᠤᠨ ᠭᠡᠷ ᠲᠤ ᠰᠢᠶᠠᠩ ᠭᠦᠸᠧ ᠴᠢᠩ ᠪᠠᠭᠰᠢ ᠬᠡᠳᠦ᠋ᠢᠪᠡᠷ ᠨᠠᠰᠤ ᠠᠭᠰᠢᠷᠠᠭᠰᠠᠨ ᠴᠤ ᠴᠤᠭ ᠵᠢᠪᠬᠤᠭ᠎ᠠ ᠪᠠᠳᠠᠷᠠᠩᠭᠤᠶ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠦᠵᠡᠭᠡᠳ ᠡᠷᠳᠡᠨᠢᠪᠢᠯᠢᠭ ᠱᠦᠵᠢ ᠲᠦᠢᠯ ᠢᠶᠠᠷ ᠪᠠᠶᠠᠷᠯᠠᠵᠤ ᠰᠠᠨᠠᠭ᠎ᠠ ᠰᠠᠳᠭᠢᠯ ᠢᠶᠠᠨ ᠠᠭᠤᠵᠢᠭᠤ ᠪᠠᠶᠢᠯᠭᠠᠨ ᠪᠡᠶ᠎ᠡ ᠪᠠᠨ ᠰᠠᠶᠢᠨ ᠰᠣᠪᠢᠯᠠᠭᠠᠷᠠᠢ ᠬᠡᠵᠣ ᠰᠠᠨᠠᠭᠤᠯᠵᠠᠢ᠃     ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠠᠶᠢᠵᠣ ᠪᠠᠭᠰᠢ ᠪᠣᠯ ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠤᠨ ᠮᠠᠨᠳᠣᠯᠳᠠ ᠶᠢᠨ ᠡᠭᠢ ᠮᠥᠨ᠃ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠤᠨ ᠰᠢᠯᠢᠳᠡᠭ ᠤᠯᠠᠮᠵᠢᠯᠠᠯ ᠰᠠᠶᠢᠨ ᠰᠤᠷᠲᠠᠯ ᠢᠶᠠᠨ ᠦᠷᠬᠦᠯᠵᠢᠯᠡᠨ ᠪᠠᠳᠠᠷᠠᠭᠤᠯᠵᠤ᠂ ᠰᠤᠷᠭᠠᠨ ᠬᠥᠮᠦᠵᠢᠯ ᠤᠨ ᠥᠢᠯᠡᠰ ᠲᠤ ᠬᠤᠪᠢ ᠨᠡᠮᠡᠷᠢ ᠦᠵᠡᠭᠦᠯᠬᠦ ᠶᠢ ᠭᠥᠰᠡᠵᠤ ᠪᠠᠶᠢᠨ᠎ᠠ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号