| | | | | 9 ᠰᠠᠷ᠎ᠠ ᠶᠢᠨ 10 ᠤ ᠡᠳᠦᠷ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠵᠢᠴᠢ ᠭᠤᠴᠢᠨ | ᠲᠠᠪᠤᠳᠠᠭᠢ ᠪᠠᠭᠰᠢ ᠶᠢᠨ ᠪᠠᠶᠠᠷ ᠢ ᠪᠡᠯᠭᠡᠯᠡᠬᠦ ᠱᠠᠩᠨᠠᠨ ᠭᠥᠭᠢᠭᠦᠯᠭᠦ ᠶᠡᠭᠡ ᠬᠤᠷᠠᠯ ᠬᠤᠷᠠᠯᠳᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠷᠠᠯ ᠢ ᠡᠷᠭᠢᠯᠡᠪᠡ᠃ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠢᠴᠢ ᠭᠡᠷ ᠲᠡᠭᠡᠨ ᠪᠠᠶᠢᠭ᠎ᠠ ᠰᠢᠶᠠᠨ | ᠭᠠᠵᠠᠷ ᠤᠨ ᠲᠠᠰ ᠤᠨ ᠪᠥᠬᠦ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ | | | | | | | | | | | | | ᠬᠤᠷᠠᠯ ᠲᠡᠭᠡᠷ᠎ᠡ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠴᠢᠬᠤᠯᠠ | ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠦᠨ ᠢ ᠱᠠᠩᠨᠠᠨ | ᠭᠥᠭᠢᠭᠦᠯᠥᠭᠰᠠᠨ ᠤ ᠬᠠᠮᠳᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ | ᠵᠠᠳᠠᠯᠵᠤ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ | ᠠᠵᠢᠯ ᠳᠤ ᠪᠠᠶᠢᠷᠢᠯᠠᠭᠤᠯᠤᠯᠳᠠ ᠭᠢᠪᠠ᠃ ᠬᠤᠷᠠᠯ ᠳᠤ ᠣᠷᠣᠯᠴᠠᠭᠰᠠᠨ ᠰᠤᠷᠤᠭᠴᠢᠳ ᠤᠨ ᠲᠥᠯᠥᠭᠡᠯᠡᠭᠴᠢ᠂ | ᠬᠥᠬᠢᠭᠦᠯᠦᠯ ᠬᠦᠷᠲᠡᠭᠰᠡᠨ ᠪᠠᠭᠰᠢ ᠨᠠᠷ ᠤᠨ ᠲᠥᠯᠥᠭᠡᠯᠡᠭᠴᠢ ᠲᠣᠰ ᠲᠣᠰ ᠦᠭᠡ ᠶᠠᠷᠢᠪᠠ᠃ | ᠡᠷᠳᠡᠨᠢᠪᠢᠯᠢᠭ ᠡᠩ ᠲᠡᠷᠢᠭᠦᠨ ᠳᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠪᠣᠯᠤᠨ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠲᠥᠯᠥᠭᠡᠯᠡᠨ ᠰᠤᠷᠭᠠᠨ ᠬᠥᠮᠦᠵᠢᠯ ᠤᠨ | ᠹᠷᠣᠨᠲ ᠳᠡᠭᠡᠷᠡᠬᠢ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠣᠯᠤᠨ ᠠᠵᠢᠯ ᠠᠴᠠ ᠪᠠᠨ | ᠳᠠᠷᠬᠠᠯᠠᠭᠳᠠᠭᠰᠠᠨ᠂ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠵᠦ ᠬᠥᠬᠢᠭᠦᠯᠦᠯ ᠬᠦᠷᠲᠡᠭᠰᠡᠨ ᠬᠥᠮᠦᠰ ᠲᠤ ᠬᠠᠯᠠᠭᠤᠨ ᠪᠠᠶᠠᠷ ᠭᠥᠷᠭᠡᠨ ᠥᠥᠰᠢᠨ ᠬᠤᠰᠢᠭᠤᠨ ᠤ | ᠰᠤᠷᠭᠠᠨ ᠬᠥᠮᠦᠵᠢᠯ ᠤᠨ ᠥᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ | ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠳᠠᠯᠠᠨ | ᠠᠷᠠᠳ ᠲᠥᠮᠡᠨ ᠬᠠᠨᠤᠮᠵᠢᠳᠠᠢ ᠰᠤᠷᠭᠠᠨ ᠬᠥᠮᠦᠵᠢᠯ ᠢ ᠡᠷᠬᠢᠯᠡᠬᠦ ᠲᠣᠭᠤᠷᠢᠨ ᠳᠤ ᠥᠭᠡᠷᠡᠴᠢᠯᠡᠯᠲᠡ ᠶᠢ ᠠᠳᠬᠤᠵᠤ | ᠲᠡᠩᠴᠡᠭᠦᠷᠢ ᠶᠢ ᠠᠭᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠡᠩᠨᠡᠭᠡ ᠶᠢ ᠬᠦᠴᠦᠷᠬᠡᠭᠵᠢᠭᠦᠯᠣᠨ ᠳᠤᠲᠠᠭᠤᠳᠠᠯ ᠢ | ᠨᠥᠬᠦᠪᠥᠷᠢᠯᠡᠬᠦ ᠪᠠᠷ ᠬᠦᠴᠦᠯᠡᠨ ᠴᠢᠷᠮᠠᠶᠢᠵᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ | ᠰᠢᠨ᠎ᠡ ᠬᠤᠪᠢᠷᠠᠯᠲᠠ ᠶᠢ ᠪᠡᠶᠡᠯᠡᠭᠦᠯᠤᠨ ᠰᠤᠷᠭᠠᠭᠤᠯᠢ ᠡᠷᠬᠢᠯᠡᠬᠦ ᠨᠥᠬᠦᠴᠡᠯ ᠰᠢᠨ᠎ᠡ ᠰᠠᠶᠢᠵᠢᠷᠠᠯᠲᠠ ᠲᠠᠢ ᠪᠤᠯᠵᠦ | ᠪᠠᠭᠰᠢ ᠶᠢᠨ ᠡᠩᠨᠡᠭᠡ ᠰᠠᠶᠢᠵᠢᠷᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠰᠢᠨ᠎ᠡ | ᠰᠢᠪᠲᠤᠯᠤᠯᠲᠠ ᠲᠠᠢ ᠪᠣᠯᠵᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ ᠭᠡᠵᠡᠢ᠃ | | ᠡᠷᠳᠡᠨᠢᠪᠢᠯᠢᠭ ᠵᠢᠭᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠰᠤᠷᠤᠭᠴᠢᠳ ᠤᠨ | ᠶᠣᠰᠣ ᠰᠤᠷᠲᠠᠬᠤᠨ᠂ ᠣᠶᠤᠨ ᠮᠠᠬᠠᠪᠣᠳ᠂ ᠭᠤᠸ᠎ᠠ ᠰᠠᠶᠢᠬᠠᠨ᠂ ᠠᠵᠢᠯ ᠬᠥᠳᠡᠯᠮᠦᠷᠢ ᠵᠡᠷᠭᠡ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠦ | ᠲᠡᠭᠡᠳᠤ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠪᠦᠬᠦ ᠲᠠᠯ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠦ ᠲᠡᠷᠢᠭᠦᠨ ᠵᠡᠷᠭᠡ ᠶᠢᠨ ᠰᠤᠷᠭᠠᠭᠤᠯᠢ | ᠡᠷᠬᠢᠯᠡᠬᠦ ᠨᠥᠬᠦᠴᠡᠯ ᠢ ᠡᠭᠦᠳᠤᠨ ᠬᠠᠮᠢᠶᠠᠷᠤᠯᠲᠠ ᠥᠢᠯᠡᠴᠢᠯᠡᠭᠡ ᠶᠢ ᠨᠠᠷᠢᠯᠢᠬᠵᠢᠭᠤᠯᠬᠤ ᠵᠡᠷᠭᠡ ᠲᠠᠯ᠎ᠠ ᠪᠠᠷ | ᠦᠷᠭᠦᠯᠵᠢᠯᠡᠨ ᠬᠦᠴᠦᠯᠡᠬᠦ ᠬᠡᠷᠡᠭᠲᠡᠶ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠳᠠᠷᠠᠨ ᠪᠦᠯᠬᠦᠮᠳᠡᠵᠦ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ | ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠢᠶᠠᠷ | ᠬᠤᠰᠢᠭᠤ ᠪᠠᠨ ᠬᠦᠴᠦᠷᠬᠡᠭᠵᠢᠭᠦᠯᠬᠦ᠂ ᠠᠷᠠᠳ ᠲᠥᠮᠡᠨ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ | ᠰᠢᠨ᠎ᠡ ᠠᠶᠠᠨ ᠵᠠᠮ ᠳᠡᠭᠡᠷ᠎ᠡ ᠡᠷᠡᠮᠡᠬᠡᠶᠢᠯᠡᠨ ᠳᠠᠪᠰᠢᠵᠤ ᠵᠠᠮ ᠨᠡᠭᠡᠭᠡᠨ ᠰᠢᠨ᠎ᠡ ᠶᠢ ᠡᠭᠦᠳᠤᠨ ᠰᠢᠨ᠎ᠡ ᠴᠠᠭ ᠦᠶ᠎ᠡ ᠶᠢᠨ | ᠥᠥᠰᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠦᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠭᠠᠷᠭᠠᠵᠤ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ ᠭᠡᠵᠡᠢ᠃ | | | | | | | | | | | | | | | ᠵᠤᠤ ᠹᠧᠶ ᠯᠦ ᠳ᠋ᠦᠩᠨᠡᠯᠳᠡ ᠶᠢᠨ ᠶᠠᠷᠢᠶᠠᠨ ᠳᠠᠭᠠᠨ᠂ ᠰᠤᠷᠭᠠᠨ ᠬᠥᠮᠦᠵᠢᠯ ᠨᠢ ᠲᠦᠭ ᠲᠦᠮᠡᠨ ᠠᠶᠢᠯ ᠡᠷᠦᠬᠡ | ᠲᠠᠢ ᠬᠤᠯᠪᠣᠭᠳᠠᠵᠤ ᠪᠦᠬᠦ ᠬᠤᠰᠢᠭᠤᠨ ᠤ ᠬᠡᠳᠦᠨ ᠲᠦᠮᠡᠨ ᠭᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠤᠨ | ᠲᠤᠬᠠᠶ ᠬᠦᠰᠡᠯ ᠡᠷᠡᠮᠡᠯᠵᠡᠯ ᠲᠡᠯᠪᠢᠭ᠌ᠳᠠᠵᠤ ᠪᠠᠶᠢᠭ᠎ᠠ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ | ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠡᠭᠦᠷᠭᠡᠯᠡᠵᠦ ᠪᠠᠶᠢᠭ᠎ᠠ ᠴᠠᠭ ᠦᠶ᠎ᠡ ᠶᠢᠨ ᠬᠦᠨᠳᠦ ᠡᠭᠦᠷᠭᠡ | ᠪᠣᠯᠤᠨ ᠲᠡᠤᠬᠡᠲᠤ ᠡᠭᠦᠷᠭᠡ ᠪᠠᠨ ᠭᠦᠨᠵᠡᠭᠡᠶ ᠲᠠᠨᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠦ ᠪᠣᠳᠠᠲᠤ ᠦᠷ᠎ᠡ ᠪᠦᠲᠦᠮᠵᠢ ᠪᠠᠷ ᠥᠷᠭᠡᠨ ᠣᠯᠠᠨ ᠲᠦᠮᠡᠨ ᠤ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠲᠤᠯᠭᠠᠮ᠎ᠠ ᠬᠡᠷᠡᠭᠴᠡᠭᠡ ᠳᠤ ᠬᠠᠷᠢᠭᠤᠯᠲᠠ ᠥᠭᠬᠦ ᠬᠡᠷᠡᠭᠲᠡᠶ ᠭᠡᠵᠡᠢ᠃ | ᠵᠤᠤ ᠹᠧᠶ ᠯᠦ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠶ᠃ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠭᠤᠤᠯᠠᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠠᠵᠢᠯ ᠤᠨ ᠲᠡᠮᠡᠴᠡᠬᠦ | ᠬᠠᠷᠠᠯᠲᠠ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢ ᠰᠤᠳᠤᠯᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ | ᠳᠤᠲᠠᠭᠤᠳᠠᠯ ᠢᠶᠠᠨ ᠨᠥᠬᠦᠪᠥᠷᠢᠯᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠬᠦ ᠬᠡᠷᠡᠭᠲᠡᠶ᠃ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠰᠠᠶᠢᠨ ᠪᠠᠭᠰᠢ ᠪᠣᠯᠬᠤ ᠪᠠᠷ | ᠴᠢᠷᠮᠠᠶᠢᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠠᠵᠤ ᠠᠬᠤᠶᠢᠯᠠᠯᠳᠠᠨ᠂ ᠨᠡᠶᠢᠬᠡᠮ ᠤᠨ | ᠡᠯ᠎ᠡ ᠡᠲᠡᠭᠡᠳ ᠤᠨ ᠬᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ | ᠰᠦᠪᠡᠭᠴᠢᠯᠡᠵᠦ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠴᠢᠬᠤᠯᠠᠴᠢᠯᠠᠬᠤ᠂ ᠰᠤᠷᠭᠠᠨ ᠬᠥᠮᠦᠵᠢᠯ ᠢ | ᠮᠠᠨᠳᠤᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ | ᠬᠥᠭᠵᠢᠬᠦ ᠶᠢ ᠴᠢᠩᠭᠠᠳᠬᠠᠵᠤ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠬᠡᠷᠡᠭᠲᠡᠶ ᠭᠡᠵᠡᠢ᠃ | | | | | | | | | | ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠪᠣᠯᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠵᠢᠴᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ | ᠬᠥᠬᠢᠭᠦᠯᠦᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠵᠢᠴᠢ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶᠠᠨ ᠤ ᠪᠦᠬᠦ ᠺᠠᠳ᠋ᠷ ᠠᠵᠢᠯᠲᠠᠨ ᠬᠤᠷᠠᠯ ᠳᠤ ᠤᠷᠤᠯᠴᠠᠪᠠ᠃ | | | | | | | | | | | | | |