ᠰᠢ ᠶᠢᠨ ᠫᠢᠩ᠄ ᠠᠮᠤᠷ ᠲᠦᠪᠰᠢᠨ ᠡᠵᠡᠮᠳᠡᠵᠥ ᠳᠡᠶᠢᠯᠬᠦ ᠪᠠ ᠨᠡᠬᠡᠬᠡᠯᠳᠡ ᠬᠢᠵᠥ ᠰᠢᠨ᠎ᠡ ᠶᠢ ᠡᠬᠦᠳᠬᠦ ᠶᠢ ᠵᠡᠷᠬᠡ ᠪᠠᠷ ᠴᠢᠬᠤᠯᠠᠴᠢᠯᠠᠬᠤ ᠶᠢ ᠪᠠᠷᠢᠮᠳᠠᠯᠠᠵᠥ ᠦᠷᠬᠡᠨ ᠤᠯᠠᠨ ᠠᠷᠠᠳ ᠲᠦᠮᠡᠨ ᠤ ᠰᠦᠯᠵᠢᠶᠡᠨ ᠤ ᠤᠷᠤᠨ ᠵᠠᠢ ᠳᠠᠬᠢ ᠬᠦᠷᠳᠡᠮᠵᠢ ᠶᠢᠨ ᠲᠦᠷᠦᠭᠳᠡᠯ ᠵᠢᠷᠭᠠᠯᠳᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2019-09-18
     ᠤᠶᠢᠷ᠎ᠠ ᠶᠢᠨ ᠡᠳᠤᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠯᠤᠰ ᠤᠨ ᠰᠦᠯᠵᠢᠶᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠤ ᠴᠢᠬᠤᠯᠠ ᠵᠢᠭᠠᠪᠤᠷᠢ ᠦᠭᠴᠦ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠷᠬᠢᠯᠡᠵᠥ᠂ ᠪᠦᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠤᠯᠤᠨ ᠮᠡᠷᠭᠡᠵᠢᠯ ᠴᠢᠳᠠᠪᠤᠷᠢ ᠶᠢ ᠲᠡᠭᠡᠭᠰᠢᠯᠡᠬᠦᠯᠬᠦ ᠪᠤᠯ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠠᠭᠤᠯᠭ᠎ᠠ ᠪᠤᠯᠤᠨ᠎ᠠ᠃ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠨᠢ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠥᠬᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ ᠶᠢ ᠪᠠᠷᠢᠮᠳᠠᠯᠠᠵᠥ᠂ ᠬᠤᠪᠢ ᠬᠦᠮᠥᠨ ᠤ ᠮᠡᠳᠡᠭᠡ ᠵᠠᠩᠬᠢ ᠶᠢᠨ ᠠᠮᠤᠷ ᠲᠦᠪᠰᠢᠨ ᠢ ᠪᠠᠳᠤᠯᠠᠵᠥ᠂ ᠠᠷᠠᠳ ᠢᠷᠭᠡᠳ ᠤᠨ ᠰᠦᠯᠵᠢᠶᠡᠨ ᠤ ᠤᠷᠤᠨ ᠵᠠᠢ ᠳᠠᠬᠢ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠬᠡᠷᠡᠭᠳᠡᠢ︔ ᠰᠦᠯᠵᠢᠶᠡᠨ ᠤ ᠠᠮᠤᠷ ᠲᠦᠪᠰᠢᠨ ᠤ ᠰᠤᠷᠭᠠᠨ ᠬᠦᠮᠥᠵᠢᠯ᠂ ᠮᠡᠷᠬᠡᠵᠢᠯ᠂ ᠠᠵᠥ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠪᠠᠷᠢᠮᠳᠠᠯᠠᠵᠥ᠂ ᠴᠢᠳᠠᠪᠤᠷᠢᠳᠡᠨ ᠬᠦᠮᠦᠵᠢᠭᠦᠯᠬᠦ᠂ ᠮᠡᠷᠬᠡᠵᠢᠯ ᠤᠨ ᠰᠢᠨ᠎ᠡ ᠶᠢ ᠡᠭᠦᠳᠬᠦ᠂ ᠠᠵᠥ ᠦᠢᠯᠡᠰ ᠤᠨ ᠬᠦᠭᠵᠢᠯᠳᠡ ᠶᠢᠨ ᠰᠠᠶᠢᠨ ᠰᠠᠶᠢᠬᠠᠨ ᠠᠮᠢ ᠠᠬᠤᠢ ᠶᠢ ᠪᠦᠷᠢᠯᠳᠦᠬᠦᠯᠬᠦ ᠬᠡᠷᠡᠭᠳᠡᠢ᠃ ᠬᠦᠭᠵᠢᠯᠳᠡ ᠶᠢ ᠠᠬᠢᠭᠤᠯᠬᠤ ᠪᠠ ᠬᠠᠤᠯᠢ ᠶᠤᠰᠤᠭᠠᠷ ᠬᠠᠮᠢᠶᠠᠷᠬᠤ ᠶᠢ ᠨᠢᠬᠡᠳᠬᠡᠬᠦ ᠶᠢ ᠪᠠᠷᠢᠮᠳᠠᠯᠠᠨ᠂ ᠵᠤᠬᠢᠶᠠᠮᠠᠯ ᠤᠶᠤᠨ ᠴᠢᠳᠠᠪᠤᠷᠢ᠂ ᠪᠤᠳᠠᠰ ᠤᠨ ᠰᠦᠯᠵᠢᠶ᠎ᠡ᠂ ᠲᠠᠷᠠᠭᠠᠴᠢ ᠶᠢᠨ ᠦᠶ᠎ᠡ ᠶᠢᠨ ᠴᠢᠮᠡᠭᠡ ᠬᠤᠯᠪᠤᠭᠠᠨ ᠤ ᠰᠦᠯᠵᠢᠶ᠎ᠡ ᠵᠡᠷᠬᠡ ᠰᠢᠨ᠎ᠡ ᠮᠡᠷᠬᠡᠵᠢᠯ ᠰᠢᠨ᠎ᠡ ᠬᠡᠷᠡᠭᠯᠡᠭᠡ ᠶᠢ ᠶᠡᠭᠡ ᠪᠠᠷ ᠪᠤᠢ ᠪᠤᠯᠭᠠᠬᠤ ᠪᠠᠷ ᠪᠠᠷᠠᠬᠤ ᠦᠬᠡᠢ᠂ ᠬᠠᠤᠯᠢ ᠴᠠᠭᠠᠵᠠ ᠬᠠᠤᠯᠢ ᠲᠤᠭᠳᠠᠭᠠᠯ ᠪᠤᠯᠤᠨ ᠪᠠᠷᠢᠮᠵᠢᠶ᠎ᠠ ᠳᠦᠷᠢᠮᠵᠢᠯ ᠢ ᠢᠳᠡᠪᠬᠢᠳᠡᠢ ᠠᠰᠢᠡᠡᠯᠠᠨ ᠰᠢᠨ᠎ᠡ ᠮᠡᠷᠬᠡᠵᠢᠯ ᠤᠨ ᠬᠡᠷᠡᠭᠯᠡᠭᠡ ᠶᠢ ᠲᠠᠭᠠᠭᠤᠯᠬᠤ ᠬᠡᠷᠡᠭᠳᠡᠢ᠃ ᠠᠮᠤᠷ ᠲᠦᠪᠰᠢᠨ᠂ ᠡᠵᠡᠮᠳᠡᠵᠥ ᠳᠡᠶᠢᠯᠬᠦ ᠪᠠ ᠨᠡᠬᠡᠬᠡᠯᠳᠡ ᠬᠢᠵᠥ ᠰᠢᠨ᠎ᠡ ᠶᠢ ᠡᠬᠦᠳᠬᠦ ᠶᠢ ᠵᠡᠷᠬᠡ ᠪᠠᠷ ᠴᠢᠬᠤᠯᠠᠴᠢᠯᠠᠬᠤ ᠶᠢ ᠪᠠᠷᠢᠮᠳᠠᠯᠠᠨ᠂ ᠨᠡᠬᠡᠬᠡᠯᠳᠡᠳᠤ ᠤᠷᠴᠢᠨ ᠳᠤ ᠰᠠᠭᠤᠷᠢᠯᠠᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠵᠥ᠂ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠨ᠂ ᠦᠷᠬᠡᠨ ᠤᠯᠠᠨ ᠠᠷᠠᠳ ᠲᠦᠮᠡᠨ ᠤ ᠰᠦᠯᠵᠢᠶᠡᠨ ᠤ ᠤᠷᠤᠨ ᠵᠠᠢ ᠳᠠᠬᠢ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      2019 ᠤᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ 16 ᠤ ᠡᠳᠤᠷ ᠲᠢᠶᠠᠨᠵᠢᠨ ᠳᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ ᠤᠨ ᠤᠬᠠᠭᠤᠯᠬᠤ ᠬᠡᠯᠳᠡᠰ ᠤᠨ ᠲᠠᠷᠤᠭ᠎ᠠ ᠬᠤᠸᠠᠩ ᠺᠦᠨ ᠮᠢᠩ ᠡᠬᠢᠯᠡᠯᠳᠡ ᠶᠢᠨ ᠶᠤᠰᠤᠯᠠᠯ ᠲᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠩᠰᠢᠨ ᠨᠡᠶᠢᠳᠡᠯᠡᠭᠰᠡᠡ ᠪᠦᠬᠡᠳ ᠶᠠᠷᠢᠶ᠎ᠠ ᠲᠠᠯᠪᠢᠪᠠ᠃ ᠲᠡᠷᠡ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠥ᠂ ᠮᠡᠳᠡᠭᠡ ᠵᠠᠩᠬᠢᠴᠢᠯᠠᠯᠳᠠ ᠶᠢᠨ ᠬᠦᠭᠵᠢᠯᠳᠡ ᠶᠢᠨ ᠶᠡᠭᠡ ᠬᠠᠨᠳᠤᠰᠢ ᠶᠢ ᠬᠦᠨᠵᠡᠬᠡᠢ ᠡᠵᠡᠮᠰᠢᠨ᠂ ᠰᠦᠯᠵᠢᠶᠡᠨ ᠤ ᠠᠮᠤᠷ ᠲᠦᠪᠰᠢᠨ ᠤ ᠦᠷᠢᠰᠦᠯᠳᠦᠬᠡᠨ ᠢ ᠢᠳᠡᠪᠬᠢᠳᠡᠢ ᠠᠷᠭᠠᠴᠠᠭᠠᠵᠥ᠂ ᠦᠷᠬᠡᠨ ᠤᠯᠠᠨ ᠠᠷᠠᠳ ᠲᠦᠮᠡᠨ ᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠳᠠᠬᠢ ᠭᠤᠤᠯ ᠴᠤᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ︽ᠲᠦᠷᠪᠡ ᠶᠢ ᠪᠠᠷᠢᠮᠳᠠᠯᠠᠬᠤ︾ ᠵᠠᠷᠴᠢᠮ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠥ᠂ ᠠᠷᠠᠳ ᠤᠯᠠᠨ ᠤ ᠰᠦᠯᠵᠢᠶᠡᠨ ᠤ ᠤᠷᠤᠨ ᠵᠠᠢ ᠳᠠᠬᠢ ᠠᠮᠢ ᠪᠡᠶ᠎ᠡ ᠶᠢᠨ ᠠᠰᠢᠭ ᠲᠤᠰᠠ ᠶᠢ ᠡᠷᠴᠢᠮ ᠲᠠᠢ ᠬᠠᠮᠠᠭᠠᠯᠠᠬᠤ ᠬᠡᠷᠡᠭᠳᠡᠢ ᠬᠡᠵᠥ ᠬᠡᠯᠡᠪᠡ᠃      ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ 2014 ᠤᠨ ᠠᠴᠠ ᠡᠬᠢᠯᠡᠨ ᠵᠢᠯ ᠪᠤᠯᠭᠠᠨ ᠨᠢᠬᠡ ᠬᠤᠭᠤᠴᠠᠭ᠎ᠠ ᠡᠷᠬᠢᠯᠡᠭᠰᠡᠬᠡᠷ ᠢᠷᠡᠵᠠᠢ᠃ ᠲᠤᠰ ᠬᠤᠭᠤᠴᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠰᠦᠯᠵᠢᠶᠠᠨ ᠤ ᠠᠮᠤᠷ ᠲᠦᠪᠰᠢᠨ ᠠᠷᠠᠳ ᠲᠦᠮᠡᠨ ᠤ ᠲᠦᠯᠥᠬᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠤᠪ ᠢᠶᠠᠨ ᠪᠤᠯᠭᠠᠵᠥ᠂ 9 ᠰᠠᠷ᠎ᠠ ᠶᠢᠨ 16 ᠠᠴᠠ 22 ᠤᠨ ᠡᠳᠤᠷ ᠪᠤᠯᠳᠠᠯ᠎ᠠ ᠰᠦᠯᠵᠢᠶᠡᠨ ᠤ ᠠᠮᠤᠷ ᠲᠦᠪᠰᠢᠨ ᠤ ᠦᠵᠡᠰᠬᠦᠯᠡᠩ ᠤᠨ ᠴᠤᠭᠯᠠᠭᠠᠨ᠂ ᠰᠦᠯᠵᠢᠶᠡᠨ ᠤ ᠠᠮᠤᠷ ᠲᠦᠪᠰᠢᠨ ᠤ ᠮᠡᠷᠬᠡᠵᠢᠯ ᠤᠨ ᠲᠦᠷᠦᠬᠦᠴᠤᠳ ᠤᠨ ᠶᠠᠷᠢᠶᠠᠨ ᠤ ᠲᠠᠪᠴᠠᠩ᠂ ᠰᠦᠯᠵᠢᠶᠡᠨ ᠤ ᠠᠮᠤᠷ ᠲᠦᠪᠰᠢᠨ ᠤ ᠭᠤᠤᠯ ᠰᠡᠳᠤᠪᠳᠤ ᠡᠳᠦᠷᠯᠢᠭ ᠵᠡᠷᠬᠡ ᠠᠵᠢᠯᠯᠠᠭ᠎ᠠ ᠨᠤᠭᠤᠳ ᠢ ᠶᠠᠪᠤᠭᠳᠠᠭᠤᠯᠬᠤ ᠪᠤᠯᠤᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号