ᠮᠠᠨ ᠤ ᠬᠤᠰᠢᠭᠤᠨ ᠤ 2019 ᠣᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠶᠠᠪᠤᠭᠳᠠᠵᠠᠢ
ᠨᠡᠶᠢᠲᠡᠯᠡᠭᠰᠡᠨ ᠴᠠᠭ᠄
2019-09-18
     ᠤᠢᠢᠷ᠎ᠠ ᠶᠢᠨ ᠡᠳᠦᠷ ᠦᠣᠰᠢᠨ ᠬᠤᠰᠢᠭᠤᠨ ᠤ ᠲᠠᠷᠢᠶᠠᠯᠠᠩ ᠮᠠᠯ ᠠᠬᠤᠢ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠤ᠂ ᠦᠣᠰᠢᠨ ᠬᠤᠰᠢᠭᠤᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠣᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ᠦᠣᠰᠢᠨ ᠬᠤᠰᠢᠭᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠭᠠᠯᠠᠭᠤᠲᠤ ᠪᠠᠯᠭᠠᠰᠣᠨ ᠳᠤ ᠶᠠᠪᠤᠭᠳᠠᠭᠰᠠᠨ ᠪᠠᠶᠢᠨ᠎ᠠ᠃      ᠲᠤᠰ ᠣᠳᠠᠭᠠᠨ ᠤ ᠪᠣᠯᠪᠠᠰᠤᠷᠠᠯ ᠤᠨ ᠠᠩᠭᠢ ᠶᠢ ᠡᠷᠬᠢᠯᠡᠭᠰᠡᠨ ᠵᠤᠷᠢᠯᠭ᠎ᠠ ᠪᠤᠯ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠠᠵᠢᠯ ᠤᠨ ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠦᠨᠳᠦᠷ ᠬᠡᠪ ᠴᠢᠨᠠᠷ ᠲᠠᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠬᠤᠢ ᠶᠢᠨ ᠡᠵᠡᠩᠨᠡᠯᠲᠠ ᠶᠢᠨ ᠭᠤᠣᠯ ᠴᠣᠭᠴᠠ ᠶᠢ ᠬᠦᠮᠦᠵᠢᠬᠦᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠭᠵᠢᠯᠲᠡ ᠳᠤ ᠦᠢᠯᠡᠴᠢᠯᠡᠨ᠂ ᠦᠷᠭᠡᠨ ᠣᠯᠠᠨ ᠮᠠᠯᠴᠢᠨ ᠲᠠᠷᠢᠶᠠᠴᠢᠳ ᠤᠨ ᠦᠪᠡᠷ ᠢ ᠪᠠᠨ ᠬᠦᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠤᠯᠤᠨ᠎ᠠ᠃      ᠪᠣᠯᠪᠠᠰᠣᠷᠠᠯ ᠨᠢ 7 ᠡᠳᠦᠷ ᠤᠨ ᠬᠤᠭᠤᠴᠠᠭ᠎ᠠ ᠲᠠᠢ ᠶᠠᠪᠤᠬᠳᠠᠵᠤ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠭᠡᠷ ᠪᠦᠯᠢ ᠶᠢᠨ ᠮᠠᠯ ᠲᠠᠷᠢᠶᠠᠯᠠᠩ ᠤᠨ ᠦᠢᠯᠡᠰ ᠤᠨ ᠡᠵᠨᠩᠨᠡᠭᠴᠢ᠂ ᠲᠠᠷᠢᠵᠤ ᠲᠡᠵᠢᠬᠡᠬᠦ ᠲᠤᠮᠤ ᠡᠷᠦᠬᠡ᠂ ᠪᠠᠶᠠᠵᠢᠯ ᠤᠨ ᠳᠠᠭᠠᠭᠤᠯᠤᠭᠴᠢ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠭᠤᠣᠯᠯᠠᠬᠤ ᠬᠦᠴᠦᠨ ᠵᠡᠷᠭᠡ 60 ᠭᠠᠷᠣᠢ ᠬᠦᠮᠦᠰ ᠪᠤᠯᠪᠠᠰᠤᠷᠠᠯ ᠳᠤ ᠣᠷᠣᠯᠴᠠᠵᠠᠢ᠃ ᠪᠣᠯᠪᠠᠰᠣᠷᠠᠯ ᠤᠨ ᠠᠩᠭᠢ ᠨᠢ ᠬᠤᠲᠠ ᠪᠠ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠰᠬᠠᠢ ᠮᠡᠷᠭᠡᠵᠢᠯᠳᠡᠨ᠂ ᠦᠢᠯᠡᠳᠦᠯᠭᠡ ᠶᠢᠨ ᠲᠣᠷᠰᠢᠯᠭ᠎ᠠ ᠪᠠᠷ ᠪᠠᠶᠠᠯᠢᠭ ᠪᠠᠭᠰᠢ ᠡᠷᠳᠡᠮᠳᠡᠨ ᠨᠠᠷ ᠢ ᠲᠤᠰᠬᠠᠶᠢᠯᠠᠨ ᠤᠷᠢᠵᠦ ᠣᠨᠣᠯ ᠤᠨ ᠬᠢᠴᠢᠶᠡᠯᠯᠡᠭᠡ᠂ ᠲᠣᠬᠠᠢ ᠶᠢᠨ ᠭᠠᠵᠠᠷ ᠤᠨ ᠵᠢᠭᠠᠨ ᠰᠤᠷᠭᠠᠯᠲᠠ᠂ ᠲᠣᠷᠰᠢᠯᠭ᠎ᠠ ᠰᠣᠯᠢᠯᠴᠠᠬᠤ ᠬᠤᠷᠠᠯ ᠵᠡᠷᠭᠡ ᠠᠷᠭ᠎ᠠ ᠬᠡᠯᠪᠡᠷᠢ ᠶᠢ ᠤᠶᠠᠯᠳᠤᠭᠤᠯᠤᠨ᠂ ᠬᠦᠳᠡᠭᠡ ᠲᠣᠰᠬᠤᠨ ᠢ ᠬᠦᠭᠵᠢᠬᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ ᠲᠡᠭᠡᠭᠰᠢᠯᠡᠬᠦᠯᠬᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠤᠨ ᠬᠡᠷᠡᠭᠯᠡᠯᠲᠡ ᠵᠢᠴᠢ ᠪᠦᠬᠦ ᠤᠯᠤᠰ ᠤᠨ ᠲᠠᠷᠢᠶᠠᠯᠠᠩ ᠤᠨ  ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠡᠭᠦᠯᠡᠨ ᠪᠣᠳᠤᠯᠳᠠ ᠶᠢᠨ ᠳᠠᠪᠴᠠᠩ ᠤᠨ ᠬᠡᠷᠡᠭᠯᠡᠬᠦ ᠠᠷᠭ᠎ᠠ ᠵᠡᠷᠭᠡ ᠠᠭᠤᠯᠭ᠎ᠠ ᠶᠢᠨ ᠬᠢᠴᠢᠶᠡᠯᠯᠡᠭᠡ ᠬᠢᠯᠭᠡᠭᠰᠡᠨ ᠪᠠᠶᠢᠨ᠎ᠠ᠃      ᠲᠣᠰ ᠣᠳᠠᠭᠠᠨ ᠤ ᠪᠣᠯᠪᠠᠰᠤᠷᠠᠯ ᠢᠶᠠᠷ ᠳᠠᠮᠵᠢᠨ᠂ ᠨᠡᠩ ᠣᠯᠠᠨ ᠮᠡᠳᠡᠯᠭᠡ ᠮᠡᠷᠭᠡᠵᠢᠯ ᠲᠠᠢ᠂ ᠴᠢᠳᠠᠮᠠᠭᠠᠢ ᠮᠦᠷᠳᠡᠭᠡᠨ ᠬᠠᠮᠢᠶᠠᠷᠤᠯᠲᠠ ᠳᠠᠭᠠᠨ ᠭᠠᠷᠮᠠᠭᠠᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠵᠤ᠂ ᠦᠣᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠳᠤ ᠴᠢᠩᠭ᠎ᠠ ᠬᠦᠴᠦᠲᠡᠢ ᠴᠢᠳᠠᠪᠤᠷᠢᠲᠠᠨ ᠤ ᠲᠦᠰᠢᠭ ᠲᠤᠯᠭᠠᠭᠤᠷᠢ ᠬᠠᠩᠭᠠᠨ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠭᠦᠯᠬᠦ ᠳᠤ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号