ᠡᠯᠡᠰᠦᠨ ᠠᠴᠠ ︽ᠠᠯᠳᠠ︾ ᠰᠢᠷᠭᠠᠭᠠᠳᠠᠭ ᠠᠵᠤ ᠠᠬᠤᠢᠢᠯᠠᠯ
ᠨᠡᠶᠢᠲᠡᠯᠡᠭᠰᠡᠨ ᠴᠠᠭ᠄
2019-09-18
     ᠦᠤᠰᠢᠨᠵᠤᠤ ᠪᠠᠯᠭᠠᠰᠤᠨ ᠳᠤ ᠠᠷᠠᠳ ᠤᠯᠠᠠ ᠤ ᠠᠮᠠᠠ ᠮᠠᠭᠳᠠᠭᠠᠯ ᠢ ᠤᠯᠵᠦ᠂ ᠡᠷᠡᠬᠡᠢ ᠶᠢᠨ ᠦᠵᠦᠬᠦᠷ ᠲᠤ ᠱᠠᠭᠰᠢᠭᠳᠠᠭᠰᠠᠠ ᠬᠤᠶᠠᠷ ᠠᠵᠤ ᠠᠬᠤᠢᠢᠯᠠᠯ ᠪᠠᠶᠢᠳᠠᠭ᠃ ᠳᠡᠳᠡ ᠪᠤᠯ ᠳᠠᠷᠤᠢ ᠦᠪᠦᠷ ᠮᠤᠩᠭᠤᠯ ᠤᠨ ᠦᠤᠰᠢᠨᠵᠤᠤ ᠠᠮᠢ ᠠᠬᠤᠢ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠪᠤᠯᠤᠨ᠎ᠠ᠃     ᠦᠪᠦᠷ ᠮᠤᠩᠭᠤᠯ ᠤᠨ ᠦᠤᠰᠢᠨᠵᠤᠤ ᠠᠮᠢ ᠠᠬᠤᠢ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠪᠤᠯ ᠨᠢᠬᠡ ᠪᠡᠯᠡ ᠤᠷᠤᠭᠤᠯᠤᠯᠳᠠ ᠶᠢᠨ ᠭᠤᠤᠯ ᠴᠤᠭᠴᠠ ᠳᠤᠤᠷᠠᠬᠢ ᠠᠮᠢ ᠠᠬᠤᠢ ᠶᠢᠨ ᠪᠦᠳᠦᠬᠡᠡ ᠪᠠᠶᠢᠭᠤᠯᠤᠯᠳᠠ ᠶᠢᠨ ᠠᠵᠤ ᠠᠬᠤᠢᠢᠯᠠᠯ ᠪᠤᠯᠬᠤ ᠶᠤᠮ᠃ ᠳᠤᠰ ᠬᠤᠶᠠᠷ ᠺᠤᠮᠫᠠᠨᠢ ᠲᠠᠢ ᠳᠠᠨᠢᠯᠴᠠᠬᠤ ᠳᠤ ᠳᠡᠳᠡᠡ ᠤ ᠦᠢᠯᠡᠰ ᠪᠦᠳᠦᠬᠡᠭᠰᠡᠡ ᠵᠠᠮ ᠢ ᠮᠦᠷᠳᠡᠬᠦ ᠴᠢᠬᠤᠯᠠ ᠲᠠᠢ᠃ 2003 ᠤᠨ ᠠᠴᠠ ᠦᠪᠦᠷ ᠮᠤᠩᠭᠤᠯ ᠤᠨ ᠦᠤᠰᠢᠨᠵᠤᠤ ᠠᠮᠢ ᠠᠬᠤᠢ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ ᠬᠦᠪᠴᠢ ᠶᠢᠨ ᠡᠯᠡᠰᠦ ᠪᠤᠯᠤᠨ ᠮᠤᠤᠠᠤᠰᠤ ᠶᠢᠨ ᠡᠯᠡᠰᠦᠨ ᠳᠤ ︽60 ᠳᠦᠮᠡᠡ ᠮᠦ ᠶᠢᠨ ᠠᠮᠢ ᠠᠬᠤᠢ ᠶᠢᠨ ᠤᠢ ᠰᠢᠭᠤᠢ ᠶᠢᠨ ᠢᠨᠵᠧᠨᠧᠷᠢᠩ ︾ ᠢ ᠡᠬᠢᠯᠡᠡ ᠬᠡᠷᠡᠭᠵᠢᠬᠦᠯᠵᠦ᠂ 2005 ᠤᠨ ᠤ 10 ᠰᠠᠷ᠎ᠠ ᠳᠤ ᠦᠤᠰᠢᠨᠵᠤᠤ ᠠᠮᠢ ᠠᠬᠤᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠲᠤ ᠳᠠᠩᠰᠠᠯᠠᠭᠤᠯᠵᠠᠢ᠃ ᠠᠩᠬ᠎ᠠ ᠠᠯᠬᠤᠮ ᠤᠨ ᠪᠦᠳᠦᠬᠡᠡ ᠪᠠᠶᠢᠭᠤᠯᠤᠯᠳᠠ ᠳᠤ ᠡᠯᠡᠰᠦ ᠮᠠᠩᠬ᠎ᠠ ᠶᠢ ᠦᠬᠡᠷᠡᠴᠢᠯᠡᠬᠦ ᠪᠠᠷ ᠭᠤᠤᠯᠳᠠᠭᠤᠯᠵᠦ᠂ 40 ᠳᠦᠮᠡᠡ ᠮᠦ ᠪᠤᠷᠭᠠᠰᠤ ᠳᠠᠷᠢᠪᠠ᠃ ᠤᠯᠠᠠ ᠤ ᠮᠡᠳᠡᠬᠡᠵᠢ ᠪᠠᠷ᠂ ᠪᠤᠷᠭᠠᠰᠤ ᠤᠷᠭᠤᠭᠠᠳ ᠭᠤᠷᠪᠠ ᠠᠴᠠ ᠳᠦᠷᠪᠡᠡ ᠵᠢᠯ ᠪᠤᠯᠤᠭᠰᠠᠠ ᠤ ᠳᠠᠷᠠᠭ᠎ᠠ ᠵᠠᠪᠠᠯ ᠨᠢᠬᠡ ᠤᠳᠠᠭ᠎ᠠ ᠬᠠᠳᠤᠬᠤ ᠬᠡᠷᠡᠭᠳᠠᠢ᠃ ᠦᠬᠡᠢ ᠪᠤᠯ ᠤᠷᠭᠤᠯᠳᠠ ᠨᠢ ᠮᠠᠭᠤᠳᠠᠬᠤ᠂ ᠴᠢᠨᠠᠭᠰᠢᠯᠠᠠ ᠦᠬᠦᠳᠡᠭ᠃ ᠬᠡᠪᠡᠴᠦ ᠪᠤᠷᠭᠠᠰᠤ ᠶᠢ ᠠᠪᠬᠤ ᠡᠵᠡᠡ ᠦᠬᠡᠢ ᠪᠤᠯᠬᠤᠷ ᠮᠠᠯᠴᠢᠳ ᠬᠠᠳᠤᠬᠤ ᠳᠤᠷ᠎ᠠ ᠦᠬᠡᠢ ᠪᠠᠶᠢᠯ᠎ᠠ᠃ ᠡᠨᠡ ᠬᠦ ᠠᠰᠠᠭᠤᠳᠠᠯ ᠤᠨ ᠳᠤᠭᠤᠷᠢᠨ ᠳᠤ ᠦᠪᠦᠷ ᠮᠤᠩᠭᠤᠯ ᠤᠨ ᠦᠤᠰᠢᠨᠵᠤᠤ ᠠᠮᠢ ᠠᠬᠤᠢ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ ᠨᠢ ᠤᠯᠠᠠ ᠳᠠᠯ᠎ᠠ ᠶᠢᠨ ᠬᠠᠶᠢᠨ ᠰᠦᠪᠡᠭᠴᠢᠯᠡᠯᠳᠡ ᠬᠢᠭᠰᠡᠡ ᠤ ᠳ᠋ᠦᠩ ᠳᠤ ᠪᠤᠷᠭᠠᠰᠤᠨ ᠤ ᠨᠤᠴᠤᠭᠠᠯᠭ᠎ᠠ ᠶᠢᠨ ᠴᠡᠭ ᠦᠨᠳᠦᠷ ᠤᠨᠴᠠᠯᠢᠭ ᠢ ᠦᠨᠳᠦᠰᠦᠯᠡᠡ ᠴᠠᠬᠢᠯᠭᠠᠠ ᠭᠠᠷᠭᠠᠬᠤ ᠦᠢᠯᠡᠳᠪᠦᠷᠢ ᠪᠠᠶᠢᠭᠤᠯᠬᠤ ᠪᠠᠷ ᠳᠤᠭᠳᠠᠵᠠᠢ᠃ 2007 ᠤᠨ ᠤ 5 ᠰᠠᠷ᠎ᠠ ᠳᠤ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠪᠠᠷᠢᠯᠭ᠎ᠠ ᠡᠬᠢᠯᠡᠬᠦᠯᠵᠦ᠂ 2008 ᠤᠨ ᠤ 12 ᠰᠠᠷ᠎ᠠ ᠳᠤ 2 × 12.5 MW ᠶᠢᠨ ᠬᠡᠪᠴᠢᠶᠡᠵᠢᠯ ᠲᠠᠢ ᠤᠷᠭᠤᠮᠠᠯ ᠤᠨ ᠡᠰᠢ ᠰᠦᠷᠡᠯ ᠤᠨ ᠴᠠᠬᠢᠯᠭᠠᠠ ᠭᠠᠷᠭᠠᠬᠤ ᠦᠢᠯᠡᠳᠪᠦᠷᠢ ᠨᠢ ᠵᠢᠩᠬᠢᠨᠢ ᠪᠠᠷ ᠴᠠᠬᠢᠯᠭᠠᠠ ᠭᠠᠷᠭᠠᠵᠦ᠂ ᠳᠡᠷᠡᠴᠢᠯᠡᠡ ᠪᠦᠬᠦ ᠤᠯᠤᠰ ᠤᠨ ᠴᠠᠬᠢᠯᠭᠠᠠ ᠳᠤᠤᠷᠵᠢᠯ ᠳᠤ ᠤᠷᠤᠭᠰᠠᠠ ᠪᠠᠶᠢᠨ᠎ᠠ᠃     ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠨᠢ ᠪᠠᠶᠢᠭᠤᠯᠤᠭᠳᠠᠭᠰᠠᠠ ᠤ ᠳᠠᠷᠠᠭ᠎ᠠ ᠮᠠᠯᠴᠢᠳ ᠤᠨ ᠪᠤᠷᠭᠠᠰᠤ ᠬᠠᠳᠤᠬᠤ ᠢᠳᠡᠪᠬᠢᠵᠢᠯ ᠢ ᠶᠡᠬᠡᠬᠡᠡ ᠳᠠᠶᠢᠴᠢᠯᠠᠪᠠ᠃ ᠦᠤᠰᠢᠨᠵᠤᠤ ᠪᠠᠯᠭᠠᠰᠤ ᠶᠢᠨ ᠪᠦᠷᠢᠳᠤ ᠭᠠᠴᠠᠭᠠᠠ ᠤ ᠮᠠᠯᠴᠢᠨ ᠰᠤᠶᠤᠯᠴᠢᠮᠡᠭ ᠪᠤᠯ ᠪᠤᠷᠭᠠᠰᠤᠨ ᠠᠴᠠ ᠠᠰᠢᠬ ᠬᠦᠷᠳᠡᠭᠰᠡᠡ ᠮᠠᠯᠴᠢᠨ ᠪᠤᠯᠤᠨ᠎ᠠ᠃ ᠳᠡᠷᠡ 2008 ᠤᠨ ᠠᠴᠠ ᠡᠬᠢᠯᠡᠡ ᠪᠤᠷᠭᠠᠰᠤ ᠬᠠᠳᠤᠵᠦ᠂ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠳᠤ ᠬᠦᠷᠬᠡᠵᠠᠢ᠃ ᠠᠩᠬ᠎ᠠ ᠡᠬᠢᠯᠡᠬᠡᠳ ᠦᠪᠡᠷ ᠤᠨ ᠬᠢ᠂ ᠠᠬᠢᠭᠠᠳ ᠠᠶᠢᠯ ᠵᠡᠷᠬᠡᠯᠡᠳᠡᠭᠡ ᠶᠢᠨ ᠬᠢ᠂ ᠳᠠᠬᠢᠭᠠᠳ ᠬᠠᠪᠢ ᠵᠡᠷᠬᠡᠯᠡᠳᠡᠭᠡ ᠬᠤᠰᠢᠭᠤ᠂ ᠰᠤᠮᠤ᠂ ᠪᠠᠯᠭᠠᠰᠤ ᠬᠦᠷᠳᠡᠯ᠎ᠡ ᠪᠤᠷᠭᠠᠰᠤ ᠬᠠᠳᠤᠬᠤ ᠬᠦᠷᠢᠶ᠎ᠡ ᠬᠡᠪᠴᠢᠶ᠎ᠡ ᠪᠠᠨ ᠦᠷᠬᠡᠳᠬᠡᠵᠦ ᠂ ᠪᠤᠷᠭᠠᠰᠤ ᠬᠠᠳᠤᠵᠦ ᠬᠤᠳᠠᠯᠳᠤᠬᠤ ᠶᠢ ᠳᠤᠰᠬᠠᠢ ᠠᠵᠢᠯ ᠳᠦᠷᠦᠯ ᠪᠤᠯᠭᠠᠠ ᠠᠷᠪᠠ ᠭᠠᠷᠤᠢ ᠵᠢᠯ ᠬᠢᠭᠰᠡᠡ ᠪᠠᠶᠢᠨ᠎ᠠ᠃ ᠳᠡᠬᠦᠨ ᠤ ᠬᠡᠯᠡᠬᠦ ᠪᠠᠷ᠂ ᠪᠤᠷᠭᠠᠰᠤᠨ ᠤ ᠦᠨ᠎ᠡ ᠬᠠᠩᠰᠢ ᠳᠤᠭᠳᠠᠪᠤᠷᠢ ᠦᠬᠡᠢ᠂ 2008 ᠤᠨ ᠳᠤ 1 ᠳᠤᠨ ᠪᠤᠷᠭᠠᠰᠤ 400 ᠳᠦᠬᠦᠷᠢᠭ ᠪᠠᠶᠢᠵᠦ᠂ ᠬᠠᠮᠤᠭ ᠦᠨᠳᠦᠷ ᠨᠢᠬᠡ ᠵᠢᠯ ᠨᠢ 1 ᠳᠤᠨ ᠪᠤᠷᠭᠠᠰᠤ 900 ᠳᠦᠬᠦᠷᠢᠭ ᠲᠤ ᠬᠦᠷᠴᠦ᠂ ᠡᠨᠡ ᠵᠢᠯ ᠨᠢᠬᠡ ᠳᠤᠨ ᠪᠤᠷᠭᠠᠰᠤ 320 ᠳᠦᠬᠦᠷᠢᠭ ᠬᠦᠷᠴᠦ ᠪᠠᠶᠢᠨ᠎ᠠ ᠬᠡᠨ᠎ᠡ᠃ ᠰᠤᠶᠤᠯᠴᠢᠮᠡᠭ ᠡᠷ᠎ᠡ ᠡᠮ᠎ᠡ ᠬᠤᠶᠠᠭᠤᠯᠠ ᠬᠠᠮᠤᠭ ᠶᠡᠭᠡ ᠳᠡᠭᠡᠨ ᠨᠢᠬᠡ ᠵᠢᠯ ᠳᠤ 1000 ᠭᠠᠷᠤᠢ ᠳᠤᠨ ᠪᠤᠷᠭᠠᠰᠤ ᠬᠠᠳᠤᠨ ᠪᠤᠷᠤᠯᠠᠭᠤᠯᠵᠦ ᠦᠩᠬᠡᠷᠡᠵᠡᠢ᠃ ᠠᠰᠢᠬ ᠤᠷᠤᠯᠭ᠎ᠠ ᠶᠢ ᠨᠢ ᠠᠰᠠᠭᠤᠬᠤ ᠳᠤ ᠮᠠᠯᠴᠢᠨ ᠬᠦᠮᠦᠨ ᠤ ᠪᠤᠷᠤᠭᠵᠢᠭᠤᠨ ᠵᠠᠩ ᠢᠶᠠᠷ ᠨᠢᠭᠤᠵᠦ ᠪᠠᠶᠢᠬᠰᠠᠠ ᠴᠤ ᠨᠢᠬᠡ ᠳᠡᠷᠬᠡ ᠪᠤᠷᠭᠠᠰᠤᠨ ᠬᠡᠷᠴᠢᠮᠡᠯ ᠠᠴᠠ 2000 ᠳᠦᠬᠦᠷᠢᠭ ᠤᠯᠴᠢᠬᠠᠳᠠᠭ ᠬᠡᠬᠦ ᠪᠠᠷ ᠡᠨᠡ ᠠᠷᠪᠠᠭᠠᠳ ᠵᠢᠯ ᠳᠤ ᠡᠵᠡᠬᠦᠢ ᠮᠦᠩᠬᠦ ᠤᠯᠤᠭᠰᠠᠠ ᠨᠢ ᠮᠡᠳᠡᠷᠡᠭᠳᠡᠵᠦ ᠪᠠᠶᠢᠪᠠ᠃ ᠬᠠᠷᠢᠨ ᠵᠤᠭᠤᠰ ᠮᠦᠩᠬᠦ ᠶᠢᠨ ᠬᠤᠪᠢ ᠳᠤ ᠪᠤᠯ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠪᠤᠯ ᠪᠠᠷᠢ ᠪᠠᠷᠢᠴᠢᠨ ᠳᠤᠭᠠᠴᠠᠭ᠎ᠠ ᠬᠢᠳᠡᠭ ᠰᠠᠶᠢᠨ ᠠᠵᠤ ᠠᠬᠤᠢᠢᠯᠠᠯ ᠬᠡᠵᠦ ᠪᠠᠶᠢᠯ᠎ᠠ᠃ ︽ᠮᠠᠠ ᠤ ᠺᠤᠮᠫᠠᠨᠢ ᠵᠢᠯ ᠳᠤ 30 ᠳᠦᠮᠡᠡ ᠳᠤᠨ ᠪᠤᠷᠭᠠᠰᠤ ᠬᠤᠳᠠᠯᠳᠤᠨ ᠠᠪᠴᠤ᠂ ᠵᠤᠭᠤᠰ ᠮᠦᠩᠬᠦ ᠪᠠᠷ ᠨᠤᠭᠤᠯᠵᠦ ᠪᠤᠳᠤᠪᠠᠯ 8000 ᠳᠦᠮᠡᠡ ᠳᠦᠬᠦᠷᠢᠭ ᠬᠦᠷᠳᠡᠭ︾ ᠬᠡᠵᠦ ᠳᠤᠰ ᠺᠤᠮᠫᠠᠨᠢ ᠶᠢᠨ ᠳᠡᠳ᠋ ᠳᠠᠭᠠᠭᠠᠮᠠᠯ ᠴᠧᠨ ᠱᠦᠨ ᠳᠠᠨᠢᠯᠴᠠᠭᠤᠯᠪᠠ᠃ ᠡᠬᠦᠨ ᠠᠴᠠ ᠪᠢᠳᠡ ᠮᠠᠯᠴᠢᠳ ᠳᠤᠰ ᠺᠤᠮᠫᠠᠨᠢ ᠳᠤ ᠪᠤᠷᠭᠠᠰᠤ ᠪᠠᠨ ᠬᠠᠳᠤᠵᠦ ᠬᠤᠳᠠᠯᠳᠤᠭᠠᠳ ᠬᠡᠳᠦ᠋ᠢᠴᠢᠨᠡᠬᠡᠡ ᠤᠷᠤᠯᠭ᠎ᠠ ᠤᠯᠵᠦ ᠪᠤᠯᠬᠤ ᠶᠢ ᠳᠦᠰᠦᠬᠡᠯᠡᠵᠦ ᠪᠤᠯᠤᠨ᠎ᠠ᠃     ᠬᠤᠶᠠᠷ ᠺᠤᠮᠫᠠᠨᠢ ᠶᠢᠨ ᠦᠢᠯᠡᠰ ᠤᠨ ᠵᠠᠮ ᠡᠬᠦᠨ ᠢᠶᠠᠷ ᠳᠠᠭᠤᠰᠤᠭ᠎ᠠ ᠦᠬᠡᠢ᠃ ᠳᠡᠳᠡᠨ ᠤ ᠠᠩᠬᠠᠠ ᠤ ᠬᠠᠷᠠᠯᠳᠠ ᠂ ᠡᠴᠤᠰ ᠤᠨ ᠵᠤᠷᠢᠯᠳᠠ ᠪᠤᠯ ᠬᠠᠰᠢᠯᠠ ᠡᠯᠡᠰᠦ ᠮᠠᠩᠬ᠎ᠠ ᠶᠢ ᠦᠬᠡᠷᠡᠴᠢᠯᠡᠬᠦ ᠶᠠᠪᠤᠳᠠᠯ᠃ ᠬᠡᠪᠡᠴᠦ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠭᠰᠠᠠ ᠤᠷᠤᠯᠭ᠎ᠠ ᠪᠠᠨ ᠠᠬᠢᠭᠠᠳ ᠤᠢᠢᠵᠢᠭᠤᠯᠤᠯᠳᠠ ᠶᠢᠨ ᠦᠢᠯᠡᠰ ᠲᠤ ᠵᠤᠷᠢᠭᠤᠯᠤᠶ᠎ᠠ ᠬᠡᠬᠦ ᠳᠤ ᠠᠷᠠᠢ ᠬᠦᠴᠦᠨ ᠮᠡᠬᠦᠰᠳᠡᠵᠦ ᠪᠠᠶᠢᠪᠠ᠃ ᠺᠤᠮᠫᠠᠨᠢ ᠶᠢᠨ ᠳᠡᠬᠡᠳᠦ ᠳᠠᠪᠬᠤᠷᠭᠠᠳᠠᠳ ᠳᠠᠬᠢᠭᠠᠳ ᠬᠦᠭᠵᠢᠯᠳᠡ ᠶᠢᠨ ︽ᠪᠤᠭᠤᠮᠢ︾ ᠰᠢᠪᠳᠤᠯᠬᠤ ᠰᠢᠷᠭᠠᠭᠤ ᠰᠤᠳᠤᠯᠭᠠᠠ ᠳᠤ ᠳᠠᠷᠢᠬᠢ ᠪᠠᠨ ᠰᠢᠪᠬᠠᠵᠦ᠂ ᠡᠴᠤᠰ ᠲᠤᠨᠢ ᠴᠠᠬᠢᠯᠭᠠᠠ ᠭᠠᠷᠭᠠᠬᠤ ᠦᠢᠯᠡᠳᠪᠦᠷᠢ ᠶᠢᠨ ᠤᠳᠤᠭ᠎ᠠ ᠳᠤ ᠠᠭᠤᠯᠤᠭᠳᠠᠵᠦ ᠪᠠᠶᠢᠭ᠎ᠠ ᠡᠯᠪᠡᠭ ᠪᠠᠶᠠᠯᠢᠭ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠠᠰᠢᠬᠯᠠᠬᠤ ᠳᠤ ᠠᠩᠬᠠᠷᠤᠯ ᠢᠶᠠᠨ ᠳᠦᠪᠯᠡᠷᠡᠬᠦᠯᠪᠡ᠃ ᠳᠠᠷᠤᠢ᠂ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠠᠰᠢᠬᠯᠠᠵᠦ ᠡᠷᠬᠢᠬᠦᠯᠬᠡᠳᠦ ᠵᠠᠮᠠᠭ ᠦᠢᠯᠡᠳᠪᠦᠷᠢᠯᠡᠨ᠎ᠡ᠃ ᠡᠨᠡ ᠨᠢ ᠦᠪᠡᠷ ᠤᠨ ᠦᠢᠯᠡᠳᠪᠦᠷᠢ ᠶᠢᠨ ᠬᠠᠶᠠᠬᠳᠠᠮᠠᠯ ᠢ ︽ᠡᠷᠳᠡᠨᠢ︾ ᠪᠤᠯᠭᠠᠠ ᠠᠰᠢᠬᠯᠠᠬᠤ ᠪᠠᠷ ᠪᠠᠷᠠᠬᠤ ᠦᠬᠡᠢ᠂ ᠤᠷᠴᠢᠨ ᠳᠤᠭᠤᠷᠢᠨ ᠤ ᠪᠤᠬᠢᠷᠳᠤᠯ ᠢ ᠪᠠᠭᠠᠰᠬᠠᠬᠤ ᠬᠤᠤᠰ ᠦᠷ᠎ᠡ ᠪᠦᠳᠦᠮᠵᠢᠳᠤ ᠵᠠᠮ ᠪᠠᠶᠢᠯ᠎ᠠ᠃ 2012 ᠤᠨ ᠳᠤ 3000 ᠳᠦᠮᠡᠡ ᠳᠦᠬᠦᠷᠢᠭ ᠤᠨ ᠪᠡᠯᠡ ᠤᠷᠤᠭᠤᠯᠤᠨ 200 ᠮᠦ ᠶᠢᠨ ᠳᠠᠯᠠᠪᠠᠢ ᠪᠦᠬᠦᠢ 150 ᠬᠦᠯᠡᠮᠵᠢ ᠪᠠᠷᠢᠨ᠂ ᠡᠷᠬᠢᠬᠦᠯᠬᠡᠳᠦ ᠵᠠᠮᠠᠭ ᠤᠨ ᠰᠠᠭᠤᠷᠢᠨ ᠪᠠᠶᠢᠭᠤᠯᠵᠦ᠂ ᠵᠢᠯ ᠳᠤ 30 ᠭᠠᠷᠤᠢ ᠳᠦᠷᠦᠯ ᠤᠨ 200 ᠳᠤᠨ ᠡᠷᠬᠢᠬᠦᠯᠬᠡᠳᠦ ᠵᠠᠮᠠᠭ ᠦᠢᠯᠡᠳᠪᠦᠷᠢᠯᠡᠬᠦ ᠪᠤᠯᠵᠠᠢ᠃ ᠳᠡᠳᠡᠡ ᠤ ᠦᠢᠯᠡᠳᠪᠦᠷᠢᠯᠡᠭᠰᠡᠡ ᠡᠷᠬᠢᠬᠦᠯᠬᠡᠳᠦ ᠵᠠᠮᠠᠭ ᠨᠢ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠡᠯᠪᠡᠭ ᠤᠨ ᠳᠡᠬᠡᠷ᠎ᠡ ᠴᠠᠭᠠᠨᠨᠠᠭᠤᠷ ᠤᠨ ᠪᠠᠶᠢᠭᠠᠯᠢᠯᠢᠭ ᠵᠠᠮᠠᠭ ᠤᠨ ᠰᠤᠶᠤᠭ᠎ᠠ ᠶᠢ ᠬᠡᠷᠡᠭᠯᠡᠭᠰᠡᠡ ᠪᠤᠯᠬᠤᠷ ᠶᠠᠰᠤ ᠴᠢᠨᠠᠷ ᠤᠨ ᠬᠤᠪᠢ ᠳᠤ ᠪᠤᠰᠤᠳ ᠠᠯᠢ ᠴᠤ ᠭᠠᠵᠠᠷ ᠤᠨ ᠬᠢ ᠠᠴᠠ ᠳᠠᠪᠠᠵᠦ᠂ ᠪᠤᠷᠤᠯᠠᠭᠤᠯᠭ᠎ᠠ ᠶᠢᠨ ᠵᠠᠮ ᠨᠢ ᠠᠮᠧᠷᠢᠺᠠ᠂ ᠶᠠᠫᠤᠨ ᠵᠡᠷᠬᠡ ᠬᠦᠭᠵᠢᠭᠰᠡᠡ ᠬᠦᠷᠦᠨ ᠬᠦᠷᠳᠡᠯ᠎ᠡ ᠳᠡᠯᠡᠭᠰᠡᠡ ᠪᠠᠶᠢᠨ᠎ᠠ᠃      ᠭᠠᠭᠴᠠᠬᠠᠠ ᠦᠬᠡ ᠪᠠᠷ ᠪᠠᠭᠴᠠᠯᠠᠪᠠᠯ᠂ ᠬᠤᠶᠠᠷ ᠺᠤᠮᠫᠠᠨᠢ ᠶᠢᠨ ᠠᠵᠤ ᠦᠢᠯᠡᠰ ᠤᠨ ᠬᠡᠯᠬᠢᠶ᠎ᠡ ᠪᠤᠯ ︽ᠭᠤᠷᠪᠠᠠ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠠᠵᠦ ᠦᠢᠯᠡᠰ︾ ᠪᠤᠯᠤᠨ᠎ᠠ᠃ ᠳᠠᠷᠤᠢ᠂ ᠪᠤᠷᠭᠠᠰᠤ ᠳᠠᠷᠢᠬᠤ ᠨᠢ ᠡᠬᠡ ᠪᠠᠶᠢᠭᠠᠯᠢ ᠶᠢᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠰᠢᠩᠬᠡᠬᠡᠵᠦ᠂ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠦᠢᠯᠡᠳᠪᠦᠷᠢ ᠨᠢ ᠠᠬᠢᠭᠠᠳ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠵᠦ᠂ ᠡᠷᠬᠢᠬᠦᠯᠬᠡᠳᠦ ᠵᠠᠮᠠᠭ ᠨᠢ ᠳᠠᠬᠢᠭᠠᠳ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠠᠭᠤᠰᠬᠠᠭᠰᠠᠠ ᠠᠵᠤ ᠦᠢᠯᠡᠰ ᠤᠨ ᠬᠡᠯᠬᠢᠶ᠎ᠡ ᠪᠤᠯᠤᠨ᠎ᠠ᠃      ᠦᠪᠦᠷ ᠮᠤᠩᠭᠤᠯ ᠤᠨ ᠦᠤᠰᠢᠨᠵᠤᠤ ᠠᠮᠢ ᠠᠬᠤᠢ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠮᠤᠤᠠᠤᠰᠤ ᠤᠷᠭᠤᠮᠠᠯ ᠤᠨ ᠡᠰᠢ ᠰᠦᠷᠡᠯ ᠢᠶᠠᠷ ᠴᠠᠬᠢᠯᠭᠠᠠ ᠭᠠᠷᠭᠠᠬᠤ ᠬᠢᠵᠠᠭᠠᠷᠳᠤ ᠺᠤᠮᠫᠠᠨᠢ ᠨᠢ ︽ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ︾ ᠢ ᠡᠷᠬᠢᠯᠳᠦᠬᠦᠯᠬᠦ ᠶᠠᠪᠤᠴᠠ ᠳᠤ ᠡᠯᠡᠰᠦ ᠮᠠᠩᠬ᠎ᠠ ᠶᠢ ᠦᠬᠡᠷᠡᠴᠢᠯᠡᠬᠦ᠂ ᠠᠷᠠᠳ ᠢ ᠪᠠᠶᠠᠵᠢᠭᠤᠯᠬᠤ᠂ ᠤᠷᠴᠢᠨ ᠳᠤᠭᠤᠷᠢᠨ ᠢ ᠴᠡᠪᠡᠷᠰᠢᠬᠦᠯᠬᠦ ᠵᠢᠴᠢ ᠪᠤᠬᠢᠷᠳᠤᠯ ᠦᠬᠡᠢ ᠬᠦᠭᠵᠢᠯᠳᠡ᠂ ᠡᠷᠡᠬᠦᠯᠵᠢᠯ ᠵᠡᠷᠬᠡ ᠳᠤ ᠪᠦᠷ ᠴᠢᠮᠠᠯᠠᠰᠢ ᠦᠬᠡᠢ ᠭᠠᠪᠢᠶ᠎ᠠ ᠵᠢᠳᠬᠦᠯ ᠭᠠᠷᠭᠠᠵᠠᠢ᠃ ᠤᠳᠤᠬᠠᠠ ᠳᠤ᠂ ᠳᠤᠰ ᠬᠤᠶᠠᠷ ᠠᠵᠤ ᠠᠬᠤᠢᠢᠯᠠᠯ ᠨᠢ ᠤᠯᠠᠠ ᠤᠯᠤᠰ ᠤᠨ ᠬᠤᠯᠪᠤᠭᠠᠳᠤ ᠬᠤᠷᠠᠯ ᠤᠨ ᠡᠯᠡᠰᠦᠷᠬᠡᠭᠵᠢᠯ ᠢ ᠰᠡᠷᠬᠡᠶᠢᠯᠡᠬᠦ ᠨᠡᠶᠢᠳᠡ ᠶᠢᠨ ᠬᠡᠷ᠎ᠡ ᠶᠢᠨ ᠵᠤᠬᠢᠶᠠᠠ ᠪᠠᠶᠢᠭᠤᠯᠤᠯᠳᠠ ᠶᠢᠨ ︽ᠠᠵᠢᠬᠯᠠᠭᠴᠢ ᠨᠢᠬᠡᠴᠢ︾ ᠪᠠᠷ ᠨᠡᠷᠡᠶᠢᠳᠦᠭᠳᠡᠵᠦ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠳᠤᠪᠴᠢᠶᠠᠠ ᠤ ︽ᠤᠯᠤᠰ ᠤᠨ ᠤᠢ ᠰᠢᠭᠤᠢ ᠶᠢᠨ ᠡᠰᠢ ᠰᠦᠷᠡᠯ ᠤᠨ ᠡᠨᠧᠷᠬᠢ ᠶᠢᠨ ᠬᠦᠭᠵᠢᠬᠦᠯᠦᠯᠳᠡ ᠶᠢᠨ ᠵᠢᠱᠢᠶᠡᠴᠢ ᠨᠢᠬᠡᠴᠢ︾ ᠪᠠᠷ ᠳᠤᠭᠳᠠᠭᠠᠭᠳᠠᠵᠠᠢ᠃ ᠬᠡᠪᠡᠴᠦ ᠡᠳᠡ ᠪᠦᠬᠦᠳᠡ ᠨᠢ ︽ᠮᠠᠠ ᠳᠠᠭᠠᠨ ᠠᠰᠢᠭ ᠲᠠᠢ ᠮᠠᠰᠢ ᠰᠠᠶᠢᠨ ᠠᠵᠤ ᠠᠬᠤᠢᠢᠯᠠᠯ︾ ᠬᠡᠰᠡᠡ ᠮᠠᠯᠴᠢᠨ ᠳᠦᠮᠡᠡ ᠤ ᠠᠮᠠᠠ ᠮᠠᠭᠳᠠᠭᠠᠯ ᠲᠠᠢ ᠬᠡᠷᠬᠢᠨ ᠳᠡᠩᠴᠡᠬᠦ ᠠᠵᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号