9 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠤᠯᠤᠰ ᠤᠨ | ᠪᠠᠶᠠᠷ᠂ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠠ | ᠲᠣᠭᠲᠠᠭᠤᠨ ᠢ ᠬᠠᠮᠠᠭᠠᠯᠠᠬᠤ᠂ ᠠᠶᠤᠯᠭᠦᠶ ᠦᠶᠯᠡᠳᠪᠦᠷᠢᠯᠡᠯ ᠵᠡᠷᠭᠡ ᠶᠢᠨ ᠠᠵᠢᠯ ᠳᠤ ᠬᠢᠨᠠᠨ ᠵᠢᠯᠣᠭᠤᠳᠤᠯᠭ᠎ᠠ | ᠪᠠᠶᠢᠴᠠᠭᠠᠯᠲᠠ ᠬᠢᠵᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠠᠮᠤᠷ ᠲᠦᠪᠰᠢᠨ ᠲᠣᠭᠲᠠᠭᠤᠨ ᠤ ᠡᠯ᠎ᠡ | ᠲᠠᠯ᠎ᠠ ᠶᠢᠨ ᠠᠵᠢᠯ ᠢ ᠴᠢᠩᠭ᠎ᠠ ᠠᠳᠬᠤᠨ ᠤᠯᠤᠰ ᠤᠨ ᠪᠠᠶᠠᠷ᠂ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠠᠬᠢ | ᠪᠥᠬᠦ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠵᠢᠴᠢ ᠬᠤᠰᠢᠭᠤ ᠵᠠᠬᠢᠳᠠᠯ ᠰᠤᠷᠪᠤᠯᠵᠢᠯᠠᠭ᠎ᠠ᠂ | ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷᠠᠳᠠᠨ ᠪᠠᠶᠢᠴᠠᠭᠠᠯᠲᠠ ᠬᠢᠭᠰᠡᠨ ᠪᠠᠶᠢᠨ᠎ᠠ᠃ | | | | | | ᠡᠷᠳᠡᠨᠢᠪᠢᠯᠢᠭ ᠨᠠᠷ ᠤᠷᠢᠳ ᠬᠤᠵᠢᠳ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠢᠨ᠎ᠡ ᠪᠠᠷ ᠪᠠᠶᠢᠭᠤᠯᠵᠤ ᠪᠠᠶᠢᠭ᠎ᠠ ᠭᠤᠷᠪᠠᠳᠤᠭᠠᠷ | ᠬᠡᠦᠬᠡᠳ ᠤᠨ ᠴᠡᠴᠡᠷᠯᠢᠭ᠂ ᠭᠠᠯᠠᠭᠤᠲᠤ ᠪᠠᠶᠢᠭᠠᠯᠢ ᠶᠢᠨ ᠰᠢᠲᠠᠮᠠᠬᠠᠶ ᠬᠡᠢ ᠶᠢᠨ ᠶᠡᠷᠦᠩᠬᠡᠶᠢᠯᠡᠭᠰᠡᠨ ᠥᠷᠲᠡᠭᠡ᠂ ᠶᠢᠩ | ᠫᠠᠨ ᠬᠤᠤ ᠨᠡᠭᠦᠷᠡᠰᠦᠨ ᠠᠭᠤᠷᠬᠠᠶ᠂ ᠰᠢᠷᠬᠤᠰᠤᠨ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠪᠣᠯᠤᠨ ᠰᠦᠯᠳᠡ | ᠰᠤᠮᠤᠨ ᠤ ᠶᠡᠷᠦᠩᠬᠡᠶᠢᠯᠡᠨ ᠵᠠᠰᠠᠬᠤ ᠲᠥᠪ ᠵᠡᠷᠭᠡ ᠭᠠᠵᠠᠷ ᠲᠤ ᠭᠦᠨᠵᠡᠭᠡᠶᠢᠷᠡᠨ ᠪᠣᠳᠠᠲᠠᠶ ᠭᠠᠵᠠᠷ ᠲᠤ ᠨᠢ ᠬᠢᠨᠠᠨ | ᠵᠢᠯᠣᠭᠤᠳᠤᠯᠭ᠎ᠠ ᠪᠠᠶᠢᠴᠠᠭᠠᠯᠲᠠ ᠬᠢᠭᠰᠡᠨ ᠪᠥᠭᠡᠳ ᠤᠯᠤᠰ ᠪᠠᠶᠢᠭᠤᠯᠤᠭᠳᠠᠭᠰᠠᠨ ᠪᠠᠶᠠᠷ ᠤᠨ ᠬᠤᠭᠤᠴᠠᠭᠠᠨ ᠳᠠᠬᠢ | ᠠᠮᠤᠷ ᠲᠦᠪᠰᠢᠨ ᠲᠣᠭᠲᠠᠭᠤᠨ ᠤ ᠠᠵᠢᠯ ᠳᠤ ᠪᠤᠳᠠᠲᠠᠢ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠡᠷᠳᠡᠨᠢᠪᠢᠯᠢᠭ ᠡᠩ ᠲᠡᠷᠢᠭᠦᠨ ᠳᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠵᠠᠬᠢᠳᠠᠯ ᠰᠤᠷᠪᠤᠯᠵᠢᠯᠠᠭ᠎ᠠ | ᠶᠢ ᠬᠦᠯᠢᠶᠡᠨ ᠠᠪᠬᠤ ᠶᠡᠭᠡ ᠲᠢᠩᠬᠢᠮ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠪᠤᠴᠠ᠂ ᠬᠡᠷᠡᠭ ᠢ | ᠰᠢᠶᠳᠪᠦᠷᠢᠯᠡᠭᠰᠡᠨ ᠪᠠᠶᠢᠳᠠᠯ ᠢ ᠤᠶᠢᠯᠠᠭᠠᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠯᠠᠪᠯᠠᠨ | ᠠᠰᠠᠭᠤᠵᠤ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠡᠯ᠎ᠡ ᠱᠠᠲᠤᠨ ᠤ ᠨᠠᠮ ᠤᠨ ᠬᠤᠷᠢᠶᠠᠨ ᠤ | ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠤᠯᠤᠰ ᠲᠥᠷᠦ ᠶᠢᠨ ᠬᠠᠷᠢᠭᠤᠴᠠᠯᠭ᠎ᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠦᠨ ᠱᠠᠲᠤ ᠱᠠᠲᠤ ᠪᠠᠷ ᠪᠣᠳᠠᠲᠠᠶᠢᠵᠢᠭᠤᠯᠵᠤ ᠬᠤᠰᠢᠭᠤ ᠰᠢᠶᠠᠨ ᠤ ᠱᠠᠲᠤᠨ ᠤ | ᠤᠳᠤᠷᠢᠳᠤᠯᠭ᠎ᠠ ᠶᠢᠨ ᠳᠠᠭᠠᠭᠠᠴᠢᠯᠠᠨ ᠠᠵᠢᠯᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠢ | ᠰᠡᠳᠬᠢᠯ ᠲᠠᠯᠪᠢᠨ ᠬᠠᠪᠰᠤᠷᠤᠨ ᠰᠢᠶᠳᠪᠦᠷᠢᠯᠡᠵᠦ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠵᠦᠶ ᠵᠣᠬᠢᠰᠲᠠᠶ ᠢᠯᠡᠳᠬᠡᠬᠦ ᠶᠢ | ᠬᠥᠲᠥᠯᠥᠨ ᠵᠢᠯᠣᠭᠤᠳᠬᠤ ᠬᠡᠷᠡᠭᠲᠡᠶ ᠭᠡᠵᠡᠢ᠃ | | | | | | | ᠡᠷᠳᠡᠨᠢᠪᠢᠯᠢᠭ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠳᠤ | ᠣᠶᠢᠷ᠎ᠠ ᠶᠢᠨ ᠬᠤᠭᠤᠴᠠᠭᠠᠨ ᠤ ᠪᠥᠬᠦ ᠬᠤᠰᠢᠭᠤᠨ ᠤ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠳᠤ | ᠨᠤᠲᠠᠯᠠᠯᠲᠠ ᠥᠭᠴᠦ ᠦᠵᠡᠯ ᠰᠠᠨᠠᠭ᠎ᠠ ᠲᠠᠨᠢᠯᠲᠠ ᠪᠠᠨ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠨ᠂ ᠠᠮᠤᠷ ᠢ | ᠬᠠᠮᠠᠭᠠᠯᠠᠬᠤ ᠠᠵᠢᠯ ᠢ ᠳᠠᠬᠢᠨ ᠨᠠᠷᠢᠯᠢᠭᠵᠢᠭᠤᠯᠵᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠬᠦᠴᠢᠷ ᠢ | ᠲᠤᠭᠤᠯᠬᠤ ᠵᠣᠷᠢᠭ ᠰᠠᠨᠠᠭ᠎ᠠ ᠪᠠ ᠰᠢᠯᠢᠳᠡᠭ ᠳᠠᠶᠢᠴᠢᠨ ᠵᠣᠷᠢᠭ ᠰᠠᠨᠠᠭ᠎ᠠ ᠶᠢ ᠪᠠᠳᠠᠷᠠᠭᠤᠯᠤᠨ ᠤᠯᠤᠰ ᠤᠨ ᠪᠠᠶᠠᠷ᠂ | ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠠᠬᠢ ᠨᠡᠶᠢᠬᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ | ᠢᠶᠠᠷ ᠢᠶᠠᠨ ᠪᠠᠲᠤᠯᠠᠬᠤ ᠬᠡᠷᠡᠭᠲᠡᠶ ᠭᠡᠪᠡ᠃ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ ᠡᠷᠳᠡᠨᠢᠪᠢᠯᠢᠭ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠵᠦ ᠤᠯᠤᠰ ᠲᠥᠷᠦ ᠶᠢᠨ ᠰᠣᠨᠣᠷ ᠰᠡᠷᠡᠮᠵᠢ ᠪᠠᠨ ᠴᠢᠩᠭᠠᠳᠬᠠᠨ ᠳᠣᠲᠣᠭᠠᠳᠤ ᠶᠢ | ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠢᠯᠡᠷᠡᠭᠦᠯᠬᠦ ᠬᠦᠴᠦᠨ᠂ ᠰᠢᠶᠳᠪᠦᠷᠢᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠰᠠᠶᠢᠨ ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃ | | | | | | | ᠡᠷᠳᠡᠨᠢᠪᠢᠯᠢᠭ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠬᠤ ᠳᠠᠭᠠᠨ ᠠᠵᠤ | ᠠᠬᠤᠶᠢᠯᠠᠯ ᠠᠶᠤᠯᠭᠦᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ | ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠦᠷᠨᠢᠬᠦᠯᠦᠨ | ᠠᠵᠢᠯᠲᠠᠨ᠂ ᠲᠣᠨᠤᠭ ᠲᠥᠬᠦᠭᠡᠷᠦᠮᠵᠢ᠂ ᠳᠦᠷᠢᠮ ᠵᠡᠷᠭᠡ ᠣᠯᠠᠨ ᠲᠠᠯ᠎ᠠ ᠠᠴᠠ ᠠᠮᠤᠷ ᠲᠦᠪᠰᠢᠨ ᠤ ᠠᠵᠢᠯ ᠢ | ᠴᠢᠩᠭ᠎ᠠ ᠪᠣᠳᠠᠲᠠᠶ ᠰᠠᠶᠢᠲᠤᠷ ᠠᠳᠬᠤᠵᠤ ᠠᠶᠤᠯᠭᠦᠶ ᠦᠶᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ | ᠴᠢᠩᠭᠠᠳᠬᠠᠵᠤ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠦᠷᠭᠦᠯᠵᠢᠯᠡᠨ ᠰᠠᠶᠢᠵᠢᠷᠠᠭᠤᠯᠬᠤ ᠶᠢᠨ | ᠬᠠᠮᠲᠤ ᠬᠥᠯᠥᠰᠥᠨ ᠠᠵᠢᠯᠴᠢᠨ ᠤ ᠴᠠᠯᠢᠩ ᠬᠥᠯᠥᠰᠥ ᠶᠢ ᠢᠯᠭᠠᠷᠠᠭᠤᠯᠬᠤ᠂ ᠭᠠᠳᠠᠭᠰᠢ ᠳᠠᠭᠠᠭᠠᠴᠢᠯᠠᠭᠰᠠᠨ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠠᠮᠤᠷ ᠲᠦᠪᠰᠢᠨ ᠵᠡᠷᠭᠡ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ | ᠠᠵᠢᠯ ᠢ ᠰᠠᠶᠢᠲᠤᠷ ᠠᠳᠬᠤᠬᠤ ᠬᠡᠷᠡᠭᠲᠡᠶ ᠭᠡᠵᠤ ᠴᠢᠬᠤᠯᠠᠴᠢᠯᠠᠪᠠ᠃ | | | | | | | ᠡᠷᠳᠡᠨᠢᠪᠢᠯᠢᠭ ᠰᠢᠷᠬᠤᠰᠤᠨ ᠪᠠᠯᠭᠠᠰᠤ᠂ ᠰᠦᠯᠳᠡ ᠰᠤᠮᠤᠨ ᠤ ᠶᠡᠷᠦᠩᠬᠡᠶᠢᠯᠡᠨ ᠵᠠᠰᠠᠬᠤ ᠲᠥᠪ ᠲᠤ | ᠮᠠᠲ᠋ᠧᠷᠢᠶᠠᠯ ᠪᠠᠶᠢᠴᠠᠭᠠᠨ ᠦᠵᠡᠬᠦ᠂ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠨ ᠡᠯ᠎ᠡ ᠭᠠᠵᠠᠷ ᠤᠨ | ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃ ᠡᠷᠳᠡᠨᠢᠪᠢᠯᠢᠭ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ | ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤᠳᠬᠠᠨ ᠪᠠᠶᠠᠷ ᠤᠨ ᠡᠳᠦᠷ ᠤᠨ ᠬᠤᠭᠤᠴᠠᠭᠠᠨ ᠤ ᠵᠢᠵᠢᠭᠦᠷ ᠤᠨ ᠠᠵᠢᠯ ᠢ | ᠰᠠᠶᠢᠲᠤᠷ ᠲᠤᠬᠢᠷᠠᠭᠤᠯᠵᠤ ᠠᠮᠤᠷ ᠲᠦᠪᠰᠢᠨ ᠲᠣᠭᠲᠠᠭᠤᠨ ᠤ ᠡᠯ᠎ᠡ ᠵᠦᠶᠯ ᠤᠨ ᠠᠵᠢᠯ ᠢ ᠴᠢᠩᠭ᠎ᠠ ᠠᠳᠬᠤᠨ | ᠪᠣᠳᠠᠲᠠᠶ ᠠᠳᠬᠤᠵᠤ ᠤᠯᠤᠰ ᠤᠨ ᠪᠠᠶᠠᠷ᠂ ᠲᠡᠷᠭᠡᠯ ᠰᠠᠷᠠᠨ ᠤ ᠪᠠᠶᠠᠷ ᠤᠨ ᠬᠤᠭᠤᠴᠠᠭᠠᠨ ᠳᠠᠬᠢ ᠪᠥᠬᠦ ᠬᠤᠰᠢᠭᠤᠨ ᠤ | ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ᠃ ᠵᠠᠬᠢᠳᠠᠯ | ᠰᠤᠷᠪᠤᠯᠵᠢᠯᠠᠭ᠎ᠠ᠂ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠪᠠᠶᠢᠴᠠᠭᠠᠬᠤ | ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠡᠷᠬᠡᠪᠰᠢ ᠪᠦᠬᠦᠯᠢ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠰᠠᠨᠠᠭ᠎ᠠ ᠶᠢ ᠪᠤᠢ ᠪᠣᠯᠭᠠᠵᠤ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠨ ᠬᠠᠮᠲᠤᠷᠠᠯ ᠤᠨ ᠬᠦᠴᠦᠨ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠡᠯ᠎ᠡ | ᠵᠦᠶᠯ ᠤᠨ ᠠᠵᠢᠯ ᠢ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ ᠭᠡᠵᠤ ᠴᠢᠬᠤᠯᠠᠴᠢᠯᠠᠭᠰᠠᠨ ᠪᠠᠶᠢᠨ᠎ᠠ᠃ | | |