ᠪᠥᠭᠦ ᠬᠤᠲᠠ ᠶᠢᠨ ᠨᠠᠭᠤᠷ ᠭᠤᠤᠯ ᠤᠨ ᠶᠡᠷᠦᠩᠬᠡᠶ ᠳᠠᠷᠤᠭ᠎ᠠ ᠶᠢᠨ ᠬᠤᠷᠠᠯ ᠵᠢᠴᠢ ᠨᠠᠭᠤᠷ ᠭᠤᠤᠯ ᠤᠨ ᠳᠠᠷᠤᠭ᠎ᠠ ᠶᠢᠨ ᠲᠥᠷᠢᠮᠳᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-09-02
     8 ᠰᠠᠷ᠎ᠠ ᠶᠢᠨ 29  ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠨᠠᠭᠤᠷ ᠭᠤᠤᠯ ᠤᠨ ᠶᠡᠷᠦᠩᠬᠡᠶ ᠳᠠᠷᠤᠭ᠎ᠠ ᠶᠢᠨ ᠬᠤᠷᠠᠯ ᠵᠢᠴᠢ ᠨᠠᠭᠤᠷ ᠭᠤᠤᠯ ᠤᠨ ᠳᠠᠷᠤᠭ᠎ᠠ ᠶᠢᠨ ᠲᠥᠷᠢᠮᠳᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ ᠬᠤᠲᠠ ᠶᠢᠨ ᠨᠠᠮ ᠤᠨ ᠬᠤᠷᠢᠶᠠᠨ ᠤ ᠱᠦᠵᠢ ᠬᠤᠲᠠ ᠶᠢᠨ ᠨᠠᠭᠤᠷ ᠭᠤᠤᠯ   ᠤᠨ ᠨᠢᠭᠡᠳᠦᠭᠡᠷ ᠶᠡᠷᠦᠩᠬᠡᠶ ᠳᠠᠷᠤᠭ᠎ᠠ ᠨᠢᠤ ᠵᠢᠶᠦ᠋ᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠬᠤᠲᠠ ᠶᠢᠨ ᠨᠠᠭᠤᠷ ᠭᠤᠤᠯ ᠤᠨ ᠶᠡᠷᠦᠩᠬᠡᠶ ᠲᠠᠷᠤᠭ᠎ᠠ  ᠰᠠᠴᠠᠠᠪᠢᠯᠢᠭ᠌ ᠬᠤᠷᠠᠯ ᠢ ᠡᠷᠬᠢᠯᠡᠪᠡ᠃ ᠮᠠᠨ ᠤ ᠬᠤᠰᠢᠭᠤ ᠸᠢᠳᠢᠤ᠋ ᠬᠤᠷᠠᠯ  ᠤᠨ ᠭᠡᠯᠪᠠᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ   ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠳᠤ᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠪᠠᠶᠠᠠᠴᠠᠩᠭᠡᠯ ᠨᠠᠷ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠦᠬᠦ ᠬᠤᠲᠠ ᠶᠢᠨ ᠨᠠᠭᠤᠷ ᠭᠤᠤᠯ  ᠤᠨ ᠳᠠᠷᠤᠭ᠎ᠠ ᠶᠢᠨ ᠲᠥᠷᠢᠮᠳᠤ ᠠᠵᠢᠯ ᠤᠨ ᠠᠬᠢᠯᠲᠠ ᠶᠢᠨ ᠪᠠᠶᠢᠳᠠᠯ ᠢ ᠮᠡᠳᠡᠭᠳᠡᠵᠦ ᠬᠢᠶ᠎ᠡ ᠪᠠᠭᠰᠢ ᠲᠣᠭᠤᠷᠢᠭ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠥᠥᠰᠢᠨ ᠬᠤᠰᠢᠭᠤᠨ ᠤ ᠨᠠᠭᠤᠷ ᠭᠤᠤᠯ ᠤᠨ ᠶᠡᠷᠦᠩᠬᠡᠶ ᠳᠠᠷᠤᠭ᠎ᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠨᠢᠤ ᠵᠢᠶᠦ᠋ᠨ ᠶᠠᠨ ᠵᠢᠭᠠᠵᠤ ᠭᠠᠷᠭᠠᠬᠤ ᠳᠤ ᠪᠠᠨ᠂ ᠨᠠᠭᠤᠷ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠶᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ᠂ ᠮᠠᠨ ᠤ ᠤᠯᠤᠰ  ᠤᠨ ᠤᠰᠤᠨ ᠤ ᠠᠰᠠᠭᠤᠳᠠᠯ ᠢ ᠰᠶᠢᠳᠪᠤᠷᠢᠯᠡᠬᠦ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠳᠦᠷᠢᠮ  ᠤᠨ ᠰᠢᠨ᠎ᠡ ᠡᠭᠦᠳᠦᠯᠲᠡ ᠪᠣᠯᠤᠨ᠎ᠠ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ ᠨᠠᠭᠤᠷ ᠭᠤᠣᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠠᠳᠭᠢᠯᠭᠡ ᠪᠠᠨ ᠨᠡᠮᠡᠭᠳᠡᠭᠦᠯᠤᠨ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠵᠦ ᠨᠠᠭᠤᠷ ᠭᠤᠣᠯ ᠤᠨ ᠳᠠᠷᠤᠭ᠎ᠠ ᠶᠢᠨ ᠲᠥᠷᠢᠮᠳᠤ ᠡᠯ᠎ᠡ ᠲᠥᠷᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠪᠦᠬᠦ ᠬᠤᠲᠠ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃      ᠨᠢᠤ ᠵᠢᠶᠦ᠋ᠨ ᠶᠠᠨ ᠴᠢᠬᠤᠯᠠᠴᠢᠯᠠᠬᠤ ᠳᠤ ᠪᠠᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ︽ᠤᠰᠤ ᠬᠠᠮᠢᠶᠠᠷᠬᠤ︾᠂ ︽ᠤᠰᠤ ᠵᠠᠰᠠᠬᠤ︾᠂ ︽ᠤᠰᠤ ᠬᠠᠮᠠᠭᠠᠯᠠᠬᠤ︾ ᠳᠡᠭᠡᠷ᠎ᠡ ᠬᠦᠴᠦ ᠲᠠᠯᠪᠢᠵᠤ  ᠪᠣᠳᠠᠲᠠᠶ ᠦᠷ᠎ᠡ ᠪᠦᠲᠦᠮᠵᠢ ᠭᠠᠷᠭᠠᠨ ᠨᠠᠭᠤᠷ ᠭᠤᠤᠯ ᠤᠨ ᠳᠠᠷᠤᠭ᠎ᠠ ᠶᠢᠨ ᠲᠥᠷᠢᠮᠳᠤ ᠡᠯ᠎ᠡ ᠲᠥᠷᠤᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠮᠠᠨ ᠤ ᠬᠤᠲᠠ ᠶᠢᠨ ᠨᠠᠭᠤᠷ ᠭᠤᠤᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠯ ᠢᠶᠠᠨ  ᠴᠢᠩᠭᠠᠳᠬᠠᠨ ᠨᠠᠭᠤᠷ ᠭᠤᠤᠯ ᠤᠨ ᠳᠠᠷᠤᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ ᠪᠠᠶᠢᠴᠠᠭᠠᠬᠤ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠣᠨ ᠨᠠᠭᠤᠷ  ᠭᠤᠤᠯ ᠤᠨ ᠳᠠᠷᠤᠭ᠎ᠠ ᠶᠢᠨ ᠲᠥᠷᠢᠮᠳᠤ ᠡᠯ᠎ᠡ ᠲᠥᠷᠤᠯ  ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠢ᠃      ᠰᠡᠴᠡᠨᠪᠢᠯᠢᠭ ᠵᠢᠭᠠᠵᠤ ᠭᠠᠷᠭᠠᠭᠰᠠᠨ ᠨᠢ᠂ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ ᠨᠠᠭᠤᠷ ᠭᠤᠤᠯ ᠤᠨ ᠳᠠᠷᠤᠭ᠎ᠠ ᠶᠢᠨ ᠳᠦᠷᠢᠮ   ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠥᠢᠴᠡᠳ ᠲᠠᠨᠢᠵᠤ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠣᠷᠳᠣᠰ ᠤᠨ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠭᠤᠤᠯ ᠱᠤᠭᠤᠮ ᠢ ᠰᠠᠬᠢᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ ᠬᠠᠷᠢᠭᠤᠴᠠᠯᠭ᠎ᠠ ᠡᠭᠦᠷᠭᠡᠯᠡᠯ ᠭᠢᠨᠠᠨ ᠰᠢᠯᠭᠠᠯᠳᠠ ᠶᠢ ᠴᠢᠩᠭᠠᠳᠬᠠᠨ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠠᠰᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ ᠪᠦᠬᠦ ᠬᠤᠲᠠ ᠶᠢᠨ ᠨᠠᠭᠤᠷ ᠭᠤᠤᠯ ᠤᠨ ᠪᠤᠳᠠᠳᠠᠢ ᠪᠠᠶᠢᠳᠠᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠦ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号