| | | | | | | 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ | ᠹᠧᠶ ᠯᠦ ᠥᠥᠰᠢᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠲᠤᠭᠳᠠᠭᠠᠬᠤ ᠵᠢᠴᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭᠠᠳᠤ ᠲᠥᠷᠥᠯ ᠵᠥᠢᠯ | ᠤᠨ ᠠᠵᠢᠯ ᠢ ᠵᠤᠭᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ | ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠨᠴᠡᠩᠭᠡᠯ᠂ ᠯᠢᠦ ᠵᠧᠩ ᠪᠤᠯᠤᠨ ᠰᠤᠪᠤᠷᠭ᠎ᠠ ᠠᠵᠤ | ᠠᠬᠤᠢ ᠶᠢᠨ ᠨᠡᠭᠡᠭᠡᠯᠲᠡ ᠶᠢᠨ ᠣᠷᠣᠨ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠵᠢᠴᠢ | ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ 2020 ᠣᠨ | ᠭᠤᠤᠯᠳᠠᠯᠭᠠᠳᠤ ᠲᠥᠷᠥᠯ ᠵᠥᠢᠯ ᠤᠨ ᠲᠥᠯᠥᠪᠯᠡᠭᠡ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠬᠠᠷᠢᠭᠤ ᠮᠡᠳᠡᠭᠦᠯᠥᠯᠳᠠ ᠶᠢ ᠰᠣᠨᠣᠰᠪᠠ᠃ | ᠵᠤᠤ ᠹᠧᠶ ᠯᠦ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠲᠡᠭᠡᠳᠤ | ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ 2020 ᠣᠨ | ᠭᠤᠤᠯᠳᠠᠯᠭ᠎ᠠ ᠲᠠᠢ ᠲᠥᠷᠥᠯ ᠵᠥᠢᠯ ᠢ ᠲᠥᠯᠥᠪᠵᠢᠭᠦᠯᠬᠦ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠨ | ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠬᠢᠨᠠᠮᠠᠭᠠᠶ ᠰᠤᠳᠤᠯᠵᠤ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠲᠣᠭᠤᠷᠢᠨ ᠳᠤ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠵᠦ | ᠪᠣᠯᠬᠤ ᠰᠠᠶᠢᠨ ᠲᠥᠷᠥᠯ ᠵᠥᠢᠯ ᠢ ᠰᠣᠩᠭᠤᠨ ᠲᠣᠭᠲᠠᠭᠠᠵᠤ 2020 ᠣᠨ ᠤ ᠭᠤᠤᠯᠳᠠᠯᠭ᠎ᠠ ᠲᠠᠢ ᠲᠥᠷᠥᠯ | ᠵᠥᠢᠯ ᠢ ᠲᠥᠯᠥᠪᠵᠢᠭᠦᠯᠬᠦ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠲᠤᠭᠳᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠨᠢᠭᠡᠳᠦᠯᠲᠡᠶ ᠲᠥᠯᠥᠪᠯᠡᠬᠦ᠂ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ ᠲᠤᠰᠬᠠᠶ ᠬᠥᠮᠦᠨ ᠬᠠᠷᠢᠭᠤᠴᠠᠬᠤ ᠳᠦᠷᠢᠮ ᠢ | ᠨᠠᠶᠢᠳᠠᠪᠤᠷᠢᠵᠢᠭᠤᠯᠤᠨ ᠲᠥᠷᠥᠯ ᠵᠥᠢᠯ ᠤᠨ ᠨᠡᠷᠡᠶᠢᠳᠦᠯ᠂ ᠪᠡᠯᠡ ᠤᠷᠤᠭᠤᠯᠬᠤ ᠭᠥᠷᠢᠶ᠎ᠠ ᠭᠡᠪᠴᠢᠶ᠎ᠠ᠂ ᠪᠦᠲᠦᠭᠡᠨ | ᠪᠠᠶᠢᠭᠤᠯᠬᠤ ᠬᠤᠭᠤᠴᠠᠭ᠎ᠠ ᠬᠢᠵᠠᠭᠠᠷ ᠵᠡᠷᠭᠡ ᠠᠭᠤᠯᠭ᠎ᠠ ᠶᠢ ᠪᠥᠬᠦ ᠲᠠᠯ᠎ᠠ ᠪᠠᠷ ᠨᠠᠷᠢᠯᠢᠭᠵᠢᠭᠤᠯᠵᠤ ᠡᠯ᠎ᠡ ᠲᠥᠷᠥᠯ | ᠵᠥᠢᠯ ᠤᠨ ᠠᠭᠤᠯᠭ᠎ᠠ ᠶᠢᠨ ᠪᠦᠷᠢᠨ ᠪᠦᠲᠦᠨ ᠪᠠᠶᠢᠬᠤ ᠶᠢ ᠦᠨᠡᠨᠬᠦ ᠪᠠᠳᠤᠯᠠᠨ ᠲᠥᠷᠥᠯ ᠵᠥᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠭᠥᠢᠴᠡᠳᠭᠡᠭᠦ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃ |