ᠮᠠᠨ ᠤ ᠬᠤᠰᠢᠭᠤ ᠪᠦᠬᠦ ᠣᠷᠣᠨ ᠤ ᠭᠤᠷᠪᠡᠳᠣᠭᠠᠷ ᠪᠦᠯᠣᠭ᠌ ︽ᠳᠦᠷᠪᠡᠨ ᠰᠠᠶᠢᠨᠳᠡᠢ ᠬᠦᠳᠡᠭᠡ ᠳᠣᠰᠬᠤᠨ ᠤ | ᠵᠠᠮ︾ ᠤᠨ ᠳᠠᠭᠤᠷᠢᠶᠠᠯ ᠬᠤᠰᠢᠭᠤ ᠪᠣᠯᠣᠭᠰᠠᠨ ᠤ ᠬᠤᠪᠢ ᠳᠤ ᠬᠦᠳᠡᠭᠡ ᠳᠣᠰᠬᠤᠨ ᠤ ᠵᠠᠮ ᠤᠨ ᠪᠦᠳᠣᠬᠡᠨ | ᠪᠠᠶᠢᠭᠤᠯᠣᠯᠳᠠ ᠶᠢᠨ ᠡᠯ᠎ᠡ ᠭᠤᠭᠴᠤᠭᠠᠨ ᠤ ᠠᠵᠢᠯ ᠢ ᠰᠠᠶᠢᠳᠣᠷ ᠠᠳᠬᠤᠵᠣ ᠶᠠᠳᠠᠭᠤ ᠶᠢ ᠳᠡᠳᠬᠦᠬᠦ᠂ ᠪᠦᠬᠦ ᠤᠷᠤᠨ | ᠪᠦᠰᠡ ᠶᠢᠨ ᠵᠢᠭᠤᠯᠴᠢᠯᠠᠯ ᠵᠡᠷᠭᠡ ᠠᠵᠢᠯ ᠳᠤ ᠣᠶᠢᠯᠡᠴᠢᠯᠡᠭᠦᠯᠣᠨ ᠠᠮᠣᠷ ᠳᠦᠪᠰᠢᠨ ᠲᠠᠭᠠᠯᠠᠮᠵᠢᠲᠠᠢ ᠬᠦᠳᠡᠭᠡ | ᠳᠣᠰᠬᠤᠨ ᠤ ᠵᠠᠮ ᠳᠡᠭᠡᠭᠡᠪᠣᠷᠢ ᠶᠢᠨ ᠳᠣᠭᠳᠠᠯᠴᠠᠭ᠎ᠠ ᠶᠢ ᠪᠦᠷᠢᠯᠳᠣᠭᠦᠯᠣᠨ ᠬᠦᠳᠡᠭᠡ ᠳᠣᠰᠬᠤᠨ ᠤ ᠬᠦᠭᠵᠢᠨ | ᠮᠠᠨᠳᠣᠯᠳᠠ ᠶᠢ ᠠᠬᠢᠭᠤᠯᠵᠣ ᠪᠠᠶᠢᠨ᠎ᠠ᠃ | ᠤᠶᠢᠷ᠎ᠠ ᠶᠢᠨ ᠡᠳᠣᠷ᠂ 1200 ᠭᠠᠷᠣᠢ ᠳᠦᠮᠡᠨ ᠳᠦᠬᠦᠷᠢᠭ ᠤᠨ ᠪᠠᠯᠡ ᠮᠦᠡᠭᠬᠦ ᠣᠷᠣᠭᠤᠯᠣᠭᠰᠠᠨ | ᠭᠠᠯᠠᠭᠤᠳᠣ ᠪᠠᠯᠭᠠᠰᠣᠨ ᠠᠴᠠ ᠱᠠᠨᠰᠢ ᠮᠣᠵᠢ ᠶᠢᠨ ᠳᠠᠮᠠᠭᠡᠳᠣ ᠬᠤᠳᠠ ᠶᠢᠨ ᠪᠣᠯᠠᠭ ᠤᠨ ᠭᠤᠣᠯ ᠪᠠᠯᠭᠠᠰᠣ ᠬᠦᠷᠬᠦ | 21 ᠺᠢᠯᠣᠮᠧᠲᠷ ᠤᠨ ᠣᠷᠳᠣ ᠵᠠᠰᠠᠮᠠᠯ ᠵᠠᠮ ᠢ ᠦᠬᠡᠷᠡᠴᠢᠯᠡᠨ ᠵᠠᠰᠠᠬᠤ ᠠᠵᠢᠯ ᠰᠢᠪᠳᠣᠷᠭᠠᠨ ᠳᠤ ᠪᠠᠨ ᠣᠷᠣᠵᠣ | ᠳᠣᠰᠣ ᠴᠠᠷᠳᠠᠭᠠᠳ ᠶᠠᠭᠠᠷᠴᠣ ᠪᠠᠶᠢᠯ᠎ᠠ᠃ ᠡᠨᠡᠬᠦ ᠵᠠᠮ ᠨᠢ ᠡᠨ᠋ᠨ ᠵᠢᠯ ᠤᠨ 8 ᠰᠠᠷ᠎ᠠ ᠶᠢᠨ ᠡᠬᠢᠨ ᠳᠤ ᠪᠠᠷᠢᠯᠭ᠎ᠠ | ᠡᠬᠢᠯᠡᠵᠣ ᠡᠨ᠋ᠨ ᠰᠠᠷ᠎ᠠ ᠶᠢᠨ ᠰᠡᠬᠦᠯᠴᠢ ᠪᠠᠷ ᠳᠡᠷᠭᠡ ᠨᠡᠪᠳᠡᠷᠡᠬᠦ ᠪᠠᠷ ᠪᠠᠶᠢᠨ᠎ᠠ᠃ | ᠭᠠᠯᠠᠭᠤᠳᠣ ᠪᠠᠯᠭᠠᠰᠣᠨ ᠠᠴᠠ ᠱᠠᠨᠰᠢ ᠮᠣᠵᠢ ᠶᠢᠨ ᠳᠠᠮᠠᠭᠡᠳᠣ ᠬᠤᠳᠠ ᠶᠢᠨ ᠪᠣᠯᠠᠭ ᠤᠨ ᠭᠤᠣᠯ ᠪᠠᠯᠭᠠᠰᠣ | ᠬᠦᠷᠬᠦ ᠵᠠᠰᠠᠮᠠᠯ ᠵᠠᠮ ᠨᠢ ᠰᠦᠯᠳᠡ ᠰᠣᠮᠣᠨ ᠤ ᠲᠠᠯ᠎ᠠ ᠶᠢᠨ ᠣᠰᠣ ᠭᠠᠴᠠᠭ᠎ᠠ᠂ ᠭᠠᠯᠠᠭᠤᠳᠣ ᠪᠠᠯᠭᠠᠰᠣᠨ ᠤ ᠷᠠᠰᠢᠶᠠᠨ | ᠳᠣᠬᠤᠢ ᠳᠣᠰᠬᠤᠨ᠂ ᠰᠠᠰᠠ ᠶᠢᠨ ᠴᠠᠶᠢᠳᠡᠮ ᠳᠣᠰᠬᠤᠨ ᠵᠡᠷᠭᠡ ᠭᠠᠴᠠᠭ᠎ᠠ ᠳᠣᠰᠬᠤᠨ ᠢ ᠳᠠᠭᠠᠷᠢᠨ ᠳᠠᠮᠠᠭᠡᠳᠣ ᠬᠤᠳᠠ | ᠶᠢᠨ ᠪᠣᠯᠠᠭ ᠤᠨ ᠭᠤᠣᠯ ᠪᠠᠯᠭᠠᠰᠣᠨ ᠤ ᠬᠢᠯᠢ ᠳᠤ ᠬᠦᠷᠴᠣ᠂ ᠬᠤᠶᠠᠷ ᠭᠠᠵᠠᠷ ᠤᠨ ᠮᠠᠯ ᠳᠠᠷᠢᠶᠠᠯᠡᠩ ᠤᠨ ᠠᠰᠢᠭ | ᠰᠢᠮ᠎ᠠ ᠶᠢᠨ ᠪᠦᠳᠣᠭᠡᠭᠳᠡᠬᠦᠨ ᠤ ᠰᠣᠯᠢᠯᠴᠠᠭ᠎ᠠ ᠶᠢᠨ ᠭᠤᠣᠯ ᠪᠣᠯᠬᠤ ᠳᠡᠭᠡᠭᠡᠪᠣᠷᠢ ᠶᠢᠨ ᠱᠣᠭᠤᠮ ᠪᠣᠯᠣᠨ᠎ᠠ᠃ | ᠣᠳᠠᠭᠠᠨ ᠵᠢᠯ ᠬᠦᠨᠳᠣ ᠠᠴᠢᠶᠠᠨ ᠤ ᠳᠡᠷᠬᠡ ᠠᠷᠪᠢᠨ ᠶᠠᠪᠣᠭᠰᠠᠨ ᠠᠴᠠ ᠪᠣᠯᠵᠣ ᠵᠠᠮ ᠤᠨ ᠭᠠᠳᠠᠷᠭᠤ ᠶᠢᠨ ᠳᠣᠰᠣ | ᠡᠪᠳᠡᠷᠡᠨ ᠬᠠᠭᠠᠷᠠᠵᠣ ᠨᠦᠬᠡ ᠭᠠᠷᠴᠣ ᠡᠨᠡᠬᠦ ᠵᠠᠮ ᠤᠨ ᠬᠠᠵᠠᠭᠤ ᠳᠤ ᠰᠠᠭᠤᠵᠣ ᠪᠠᠶᠢᠭ᠎ᠠ ᠮᠠᠯᠴᠢᠳ ᠤᠨ ᠭᠠᠷᠴᠣ | ᠣᠷᠣᠬᠤ ᠳᠤ ᠳᠦᠬᠦᠮ ᠦᠬᠡᠢ ᠪᠠᠶᠢᠵᠠᠢ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠨᠢ ᠮᠠᠯᠵᠢᠬᠤ ᠣᠷᠣᠨ ᠬᠦᠳᠡᠭᠡ ᠳᠣᠰᠬᠤᠨ ᠤ ᠵᠠᠰᠠᠮᠠᠯ | ᠵᠠᠮ ᠢ ᠰᠠᠶᠢᠳᠣᠷ ᠪᠦᠳᠣᠭᠡᠨ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠳᠣᠷ ᠠᠷᠠᠴᠢᠯᠡᠨ ᠬᠠᠮᠠᠭᠠᠯᠠᠬᠤ᠂ ᠰᠠᠶᠢᠲᠤᠷ | ᠡᠵᠡᠩᠨᠡᠬᠦ ᠵᠡᠷᠭᠡ ︽ᠳᠦᠷᠪᠡᠨ ᠰᠠᠶᠢᠨᠳᠠᠢ︾ ᠪᠠᠶᠢᠬᠤ ᠱᠠᠭᠠᠷᠳᠠᠯᠭ᠎ᠠ ᠶᠢᠨ ᠳᠣᠭᠤᠷᠢᠨ ᠳᠤ ᠡᠯ᠎ᠡ ᠲᠠᠯ᠎ᠠ ᠶᠢᠨ ᠰᠢᠯᠢᠳᠡᠭ | ᠨᠦᠬᠦᠴᠠᠯ ᠢ ᠪᠦᠷᠢᠯᠳᠦᠭᠦᠯᠵᠣ ᠶᠠᠳᠠᠭᠤ ᠶᠢ ᠳᠡᠳᠬᠦᠬᠦ᠂ ᠪᠦᠬᠦ ᠤᠷᠤᠨ ᠪᠦᠰᠡ ᠵᠢᠭᠤᠯᠴᠢᠯᠠᠯ ᠵᠡᠷᠭᠡ ᠳᠤ | ᠦᠢᠯᠡᠴᠢᠯᠡᠬᠦᠯᠦᠨ ᠬᠦᠳᠡᠭᠡ ᠳᠣᠰᠬᠤᠨ ᠤ ᠭᠦᠭᠵᠢᠯᠳᠡ ᠶᠢ ᠠᠬᠢᠭᠤᠯᠵᠣ ᠪᠠᠶᠢᠨ᠎ᠠ᠃ 2018 ᠣᠨ ᠤ ᠰᠡᠬᠦᠯᠴᠢ | ᠪᠣᠯᠳᠠᠯ᠎ᠠ᠂ ᠪᠦᠬᠦ ᠬᠤᠰᠢᠭᠤᠨ ᠤ ᠵᠠᠰᠠᠮᠠᠯ ᠵᠠᠮ ᠤᠨ ᠳᠡᠷᠭᠡ ᠨᠠᠪᠳᠡᠷᠡᠭᠰᠠᠨ ᠣᠷᠳᠣ ᠨᠢ 4076.2 ᠺᠢᠯᠣᠮᠧᠲᠷ ᠲᠤ | ᠬᠦᠷᠴᠣ ᠬᠦᠳᠡᠭᠡ ᠳᠣᠰᠬᠤᠨ ᠤ ᠵᠠᠰᠠᠮᠠᠯ ᠵᠠᠮ ᠤᠨ ᠣᠷᠳᠣ ᠨᠢ 2809.3 ᠺᠢᠯᠣᠮᠧᠲᠷ ᠲᠤ ᠬᠦᠷᠣᠭ᠍ᠰᠠᠨ ᠪᠠᠶᠢᠨ᠎ᠠ᠃ | |