ᠮᠠᠨ ᠤ ᠬᠤᠰᠢᠭᠤ ᠦᠨᠳᠦᠰᠦᠳᠡᠨ ᠤ ᠭᠠᠷ ᠤᠷᠠᠯᠠᠯ ᠤᠨ ᠦᠢᠯᠡᠰ ᠤᠨ ᠬᠦᠭᠵᠢᠯᠳᠡ ᠶᠢ ᠲᠠᠰᠤᠷᠠᠯᠳᠠ ᠦᠬᠡᠢ | ᠴᠢᠬᠤᠯᠠᠴᠢᠯᠠᠨ ᠠᠳᠬᠤᠵᠤ ᠬᠦᠭᠵᠢᠬᠦᠯᠦᠭᠰᠡᠨ ᠢᠶᠠᠷ ᠭᠠᠷ ᠤᠷᠠᠯᠠᠯ ᠤᠨ ᠦᠢᠯᠡᠰ ᠡᠷᠬᠢᠯᠠᠵᠤ ᠪᠠᠶᠢᠭ᠎ᠠ ᠬᠦᠮᠦᠰ | ᠶᠠᠪᠤᠬᠤ ᠲᠤᠳᠤᠮ ᠤᠯᠠᠨ ᠪᠤᠯᠵᠤ ᠦᠪ ᠰᠤᠶᠤᠯ ᠤᠨ ᠬᠦᠭᠵᠢᠯᠳᠡ ᠳᠤ ᠴᠢᠬᠤᠯᠠ ᠡᠩᠨᠡᠭᠡ ᠪᠤᠯᠤᠨ ᠪᠤᠵᠠᠭᠠᠶᠢᠷᠠᠵᠠᠢ᠃ | ᠡᠨᠡᠬᠦ ᠪᠠᠶᠢᠳᠠᠯ ᠳᠤ ᠬᠠᠨᠳᠤᠭᠤᠯᠵᠤ ︽ᠦᠦᠰᠢᠨ ᠦᠢᠯᠡᠰ ᠤᠨ ᠳᠠᠷᠬᠠᠳ︾ ᠢ ᠦᠨᠡᠯᠡᠬᠦ ᠠᠵᠢᠯᠯᠠᠭ᠎ᠠ ᠦᠷᠨᠢᠬᠦᠯᠵᠤ | ᠲᠡᠳᠡᠨ ᠤ ᠤᠷᠮᠠᠰᠢᠯ ᠢ ᠤᠯᠠᠮ ᠲᠠᠶᠢᠴᠢᠯᠠᠯ᠎ᠠ᠃ | ᠦᠦᠰᠢᠨ ᠬᠤᠰᠢᠭᠤᠨ ᠤ ︽ᠬᠢᠶᠠᠨ︾ ᠦᠨᠳᠦᠰᠦᠲᠡᠨ ᠤ ᠰᠣᠶᠣᠯ ᠤᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ ᠶᠢᠨ ᠬᠠᠷᠢᠭᠤᠴᠠᠯᠭᠠᠲᠠᠨ ᠨᠠᠷᠠᠨᠳᠠᠯᠠᠢ ᠡᠨᠡ ᠵᠢᠯ ︽ᠦᠦᠰᠢᠨ ᠦᠢᠯᠡᠰ ᠤᠨ ᠳᠠᠷᠬᠠᠳ︾ ᠢᠶᠠᠷ ᠦᠨᠡᠯᠡᠭᠳᠡᠯ᠎ᠡ᠃ | ᠨᠠᠷᠠᠨᠳᠠᠯᠠᠢ 1994 ᠣᠨ ᠠᠴᠠ ᠡᠬᠢᠯᠡᠨ ᠦᠨᠳᠦᠰᠦᠲᠡᠨ ᠤ ᠪᠠᠨ ᠭᠠᠷ ᠤᠷᠠᠯᠠᠯ ᠤᠨ ᠤᠷ᠎ᠠ ᠮᠡᠷᠭᠡᠵᠢᠯ ᠢᠶᠠᠷ | ᠦᠢᠯᠡᠰ ᠪᠤᠰᠬᠠᠵᠤ ᠡᠨᠡ ᠵᠢᠯ ᠤᠨ 8 ᠰᠠᠷ᠎ᠠ ᠠᠴᠠ ᠭᠠᠷ ᠤᠨ ᠮᠡᠷᠭᠡᠵᠢᠯ ᠢᠶᠠᠨ ᠨᠡᠩ ᠣᠯᠠᠨ ᠬᠥᠮᠥᠨ ᠳᠤ ᠤᠯᠠᠮᠵᠢᠯᠠᠨ | ᠰᠤᠷᠭᠠᠬᠤ ᠪᠠᠷ ᠰᠤᠷᠭᠠᠯᠳᠠ ᠶᠢᠨ ᠠᠵᠢᠯ ᠢ ᠥᠷᠨᠢᠭᠦᠯᠵᠦ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠭᠤᠴᠢᠭᠠᠳ | ᠬᠥᠮᠥᠨ ᠳᠤ ᠲᠦᠯᠦᠪᠤᠷᠢ ᠦᠬᠡᠢ ᠪᠣᠯᠪᠠᠰᠤᠷᠠᠯ ᠬᠦᠷᠳᠡᠬᠡᠵᠢ᠃ | ᠨᠠᠷᠠᠨᠳᠠᠯᠠᠢ᠄ ︽ᠪᠢ ᠭᠠᠷ ᠤᠷᠠᠯᠠᠯ ᠤᠨ ᠠᠵᠢᠯ ᠢ ᠬᠢᠭᠡᠳ ᠬᠤᠷᠢ ᠭᠠᠷᠤᠢ ᠵᠢᠯ ᠪᠣᠯᠵᠤ ᠪᠠᠶᠢᠨ᠎ᠠ᠃ ᠲᠡᠭᠡᠭᠡᠳ | ᠡᠨᠡ ᠤᠳᠠᠭ᠎ᠠ ᠡᠶᠢᠮᠦ ᠰᠠᠶᠢᠬᠠᠨ ᠦᠢᠯᠡᠰ ᠤᠨ ᠳᠠᠷᠬᠠᠳ ᠭᠡᠬᠦ ᠴᠣᠯᠠ ᠶᠢ ᠣᠯᠣᠭᠰᠠᠨ ᠳᠤ ᠪᠢ ᠲᠤᠩ ᠶᠡᠭᠡ | ᠵᠣᠷᠢᠭᠵᠢᠵᠤ ᠪᠠᠶᠢᠨ᠎ᠠ᠃ ᠬᠤᠵᠢᠮ ᠪᠢ ᠡᠨᠡ ᠰᠠᠶᠢᠬᠠᠨ ᠦᠨᠳᠦᠰᠦᠲᠡᠨ ᠤ ᠪᠠᠨ ᠥᠪ ᠰᠣᠶᠣᠯ ᠢ ᠨᠡᠩ ᠠᠷᠪᠢᠨ | ᠬᠥᠮᠥᠰ ᠲᠤ ᠰᠤᠷᠭᠠᠵᠤ ᠨᠡᠩ ᠣᠯᠠᠨ ᠬᠥᠮᠥᠨ ᠳᠤ ᠤᠯᠠᠮᠵᠢᠯᠠᠬᠤ ᠪᠠᠷ ᠵᠣᠷᠢᠭᠵᠢᠵᠤ ᠪᠠᠶᠢᠨ᠎ᠠ︾ ᠭᠡᠵᠤ ᠪᠠᠶᠠᠷᠲᠠᠢ | ᠶᠠᠷᠢᠵᠤ ᠪᠠᠶᠢᠯ᠎ᠠ᠃ | ᠨᠠᠷᠠᠨᠳᠠᠯᠠᠢ ᠲᠠᠢ ᠠᠳᠠᠯᠢ ᠪᠠᠷ ᠲᠠᠪᠰᠢᠯᠲᠦ ᠴᠤ ᠤᠳᠠᠭᠠᠨ ᠵᠢᠯ ᠢᠶᠠᠷ ᠦᠨᠳᠦᠰᠦᠨ ᠰᠡᠶᠢᠯᠦᠮᠡᠯ ᠤᠨ ᠠᠵᠢᠯ ᠢ | ᠬᠢᠵᠦ ︽ᠰᠡᠨᠵᠢᠳᠮ᠎ᠠ︾ ᠪᠦᠲᠦᠭᠡᠯ ᠢᠶᠠᠷ ᠢᠶᠠᠨ ᠣᠷᠣᠨ ᠤ ᠳᠣᠲᠣᠨ᠎ᠠ ᠭᠠᠳᠠᠨ᠎ᠠ ᠠᠯᠳᠠᠷᠰᠢᠵᠤ ᠤᠯᠤᠰ ᠣᠷᠣᠨ ᠤ | ᠬᠡᠪᠴᠢᠶᠡᠨ ᠤ ᠱᠠᠩᠨᠠᠯ ᠬᠥᠬᠢᠭᠦᠯᠦᠯ ᠢ ᠣᠯᠠᠨ ᠤᠳᠠᠭ᠎ᠠ ᠬᠦᠷᠲᠡᠭᠰᠡᠭᠡᠷ ᠢᠷᠡᠵᠡᠢ᠃ ᠡᠨᠡ ᠤᠳᠠᠭ᠎ᠠ ᠮᠦᠨ ︽ | ᠦᠤᠰᠢᠨ ᠦᠢᠯᠡᠰ ᠤᠨ ᠲᠠᠷᠬᠠᠳ︾ ᠢᠶᠠᠷ ᠦᠨᠡᠯᠡᠭᠳᠡᠭᠰᠡᠨ ᠪᠠᠶᠢᠨ᠎ᠠ᠃ | ᠮᠠᠨ ᠤ ᠬᠤᠰᠢᠭᠤᠨ ᠤ ᠬᠢᠨ ᠡᠨᠡ ᠵᠢᠯ ᠤᠨ 6 ᠰᠠᠷ᠎ᠠ ᠠᠴᠠ ᠦᠢᠯᠡᠰ ᠤᠨ ᠳᠠᠷᠬᠠᠳ ᠢ ᠰᠣᠩᠭᠤᠨ | ᠰᠢᠯᠭᠠᠷᠠᠭᠤᠯᠬᠤ ᠠᠵᠢᠯᠯᠠᠭ᠎ᠠ ᠶᠢ ᠡᠬᠢᠯᠡᠭᠦᠯᠵᠦ ᠡᠯ᠎ᠡ ᠠᠵᠢᠯ ᠲᠥᠷᠥᠯ ᠤᠨ 63 ᠵᠢᠱᠢᠭᠳᠡᠭᠰᠡᠳ ᠤᠨ ᠳᠣᠲᠣᠷ᠎ᠠ ᠠᠴᠠ | ᠰᠢᠯᠭᠠᠷᠠᠭᠤᠯᠤᠨ ᠦᠨᠡᠯᠡᠵᠡᠢ᠃ ᠢᠩᠬᠢᠬᠡᠳ ᠳᠠᠪᠰᠢᠯᠲᠦ᠂ ᠨᠠᠷᠠᠨᠳᠠᠯᠠᠢ᠂ ᠥᠷᠡᠶᠢᠨᠴᠡᠴᠡᠭ ᠵᠡᠷᠭᠡ 12 ᠬᠥᠮᠥᠰ ᠲᠤ | ︽ᠦᠦᠰᠢᠨ ᠦᠢᠯᠡᠰ ᠤᠨ ᠳᠠᠷᠬᠠᠳ︾ ᠶᠢᠨ ᠴᠣᠯᠠ ᠣᠯᠭᠤᠵᠤ ᠮᠡᠳᠡᠯᠭᠡᠵᠢᠭᠰᠡᠨ᠂ ᠴᠢᠳᠠᠪᠤᠷᠢᠵᠢᠭᠰᠠᠨ᠂ ᠰᠢᠨ᠎ᠡ ᠶᠢ | ᠡᠭᠦᠳᠦᠭᠰᠡᠨ ᠰᠢᠨ᠎ᠡ ᠴᠠᠭ ᠦᠶ᠎ᠡ ᠶᠢᠨ ᠦᠢᠯᠡᠰ ᠤᠨ ᠳᠠᠷᠬᠠᠴᠤᠤᠯ ᠢᠶᠠᠷ ᠳᠠᠭᠤᠷᠢᠶᠠᠯ ᠪᠣᠯᠭᠠᠨ ᠰᠤᠷᠤᠯᠴᠠᠬᠤ ᠶᠢ | ᠤᠷᠢᠶᠠᠯᠠᠵᠢ᠃ |