ᠮᠠᠨ ᠤ ᠬᠤᠰᠢᠭᠤ ᠨᠠᠷᠢᠨ ᠨᠤᠤᠰᠤᠳᠤ ᠲᠦᠯᠵᠢᠬᠦ ᠬᠤᠨᠢᠨ ᠤ ᠰᠢᠮ᠎ᠡ ᠲᠡᠵᠢᠭᠡᠯᠲᠤ ᠪᠤᠷᠳᠤᠭ᠎ᠠ ᠬᠤᠪᠢᠶᠠᠵᠤ ᠮᠠᠯᠴᠢᠳ ᠲᠤ ᠠᠰᠢᠭ ᠬᠦᠷᠳᠡᠬᠡᠵᠤ ᠪᠠᠶᠢᠨ᠎ᠠ
ᠨᠡᠶᠢᠲᠡᠯᠡᠭᠰᠡᠨ ᠴᠠᠭ᠄
2019-09-23
     ᠤᠶᠢᠷ᠎ᠠ ᠶᠢᠨ ᠵᠢᠯ ᠠᠴᠠ ᠮᠠᠨ ᠤ ᠬᠤᠰᠢᠭᠤᠨ ᠤ ᠮᠠᠯ ᠲᠠᠷᠢᠶᠠᠯᠡᠩ ᠤᠨ ᠳᠣᠪᠴᠢᠶᠠᠨ ᠤ ᠮᠠᠯ ᠤᠨ ᠡᠭᠦᠯᠳᠡᠷ ᠰᠠᠶᠢᠵᠢᠷᠠᠭᠤᠯᠬᠤ ᠦᠷᠳᠡᠭᠡᠨ ᠤ ᠬᠢᠨ ᠮᠠᠯᠴᠢᠳ ᠲᠤ ᠣᠷᠳᠣᠰ ᠤᠨ ᠨᠠᠷᠢᠨ ᠨᠤᠤᠰᠤᠳᠣ ᠬᠤᠨᠢᠨ ᠳᠤ ᠭᠡᠭᠡᠯᠳᠦᠬᠦᠯᠭᠡ ᠬᠢᠬᠦ ᠠᠴᠠ ᠡᠮᠤᠨᠡᠭᠢ ᠰᠢᠮ᠎ᠡ ᠲᠡᠵᠢᠭᠡᠯ ᠨᠦᠭᠦᠪᠦᠷᠢᠯᠡᠭᠦ ᠳᠣᠷᠰᠢᠯᠳᠡ ᠶᠢᠨ ᠪᠤᠷᠳᠤᠭ᠎ᠠ ᠶᠢ ᠬᠤᠪᠢᠶᠠᠭᠠᠳ ᠲᠦᠯᠵᠢᠭᠦ ᠮᠠᠯ ᠤᠨ ᠬᠦᠴᠦ ᠲᠡᠷᠭᠤ ᠶᠢ ᠪᠠᠳᠣᠯᠠᠨ ᠮᠠᠯᠴᠢᠳ ᠲᠤ ᠠᠰᠢᠭ ᠬᠦᠷᠳᠡᠭᠡᠵᠦ ᠪᠠᠶᠢᠨ᠎ᠠ᠃      ᠰᠦᠯᠳᠡ ᠰᠤᠮᠤᠨ ᠤ ᠬᠦᠭᠡᠮᠡᠩᠬ᠎ᠠ ᠭᠠᠴᠠᠭᠠᠨ ᠤ ᠮᠠᠯᠴᠢᠨ ᠨᠠᠷᠠᠡᠮᠠᠨᠳᠣᠬᠤ ᠶᠢᠨ ᠬᠢᠨ ᠰᠢᠮ᠎ᠡ ᠲᠡᠵᠢᠭᠡᠯ ᠨᠦᠭᠦᠪᠦᠷᠢᠯᠡᠭᠦ ᠪᠤᠷᠳᠤᠭ᠎ᠠ ᠶᠢ ᠭᠡᠷᠡᠭᠯᠡᠭᠡᠳ ᠭᠤᠷᠪᠡᠨ ᠵᠢᠯ ᠪᠣᠯᠵᠣ ᠲᠦᠯᠵᠢᠭᠦ ᠬᠤᠨᠢᠨ ᠤ ᠬᠦᠴᠦ ᠲᠡᠷᠭᠤ ᠰᠠᠶᠢᠨ  ᠠᠴᠠ ᠪᠣᠯᠵᠣ ᠢᠬᠡᠷᠡᠯᠡᠬᠦ ᠨᠤᠷᠮ᠎ᠠ ᠨᠡᠮᠡᠭᠳᠡᠨ ᠳᠦᠯ ᠤᠨ ᠴᠠᠳᠬᠠᠪᠤᠷᠢ ᠰᠠᠶᠢᠨ ᠠᠴᠠ ᠦᠰᠣᠨ ᠪᠣᠶᠢᠵᠢᠯᠳᠡ ᠨᠢ ᠴᠣ᠋ ᠬᠤᠷᠳᠣᠨ ᠪᠠᠶᠢᠯ᠎ᠠ᠃ ᠨᠠᠷᠠᠨᠮᠠᠨᠳᠤᠬᠤ᠄ ︽ᠡᠨᠡ ᠪᠤᠷᠳᠤᠭ᠎ᠠ ᠶᠢ ᠲᠡᠵᠢᠭᠡᠭᠰᠡᠭᠡᠷ ᠢᠬᠡᠷᠡᠯᠡᠬᠦ ᠨᠤᠷᠮ᠎ᠠ ᠦᠨᠳᠦᠷ᠂ ᠠᠬᠠᠷ ᠨᠤᠤᠰᠤ ᠨᠢ ᠪᠠᠰᠠ ᠨᠡᠮᠡᠭᠳᠡᠨ᠎ᠡ᠃ ᠪᠢ ᠡᠨᠡ ᠵᠢᠯ 100 ᠬᠤᠨᠢᠨ ᠤ ᠪᠤᠷᠳᠤᠭ᠎ᠠ ᠠᠪᠴᠤ ᠦᠪᠡᠷᠳᠡᠭᠡᠨ 2112 ᠲᠦᠬᠦᠷᠢᠭ ᠭᠠᠷᠭᠠᠭᠰᠠᠨ᠂ ᠲᠤᠰ ᠪᠤᠷᠳᠤᠭ᠎ᠠ ᠶᠢ ᠬᠤᠳᠠᠯᠳᠤᠨ ᠠᠪᠬᠤ ᠳᠤ ᠵᠠᠰᠠᠭ ᠤᠨ ᠤᠷᠳᠤᠨ ᠠᠴᠠ 80% ᠶᠢ ᠲᠠᠭᠠᠭᠠᠵᠤ ᠦᠪᠡᠷ ᠢᠶᠠᠨ 20% ᠶᠢ ᠭᠠᠷᠳᠠᠭ︾ ᠭᠡᠪᠡ᠃      2017 ᠤᠨ ᠳᠤ᠂ ᠦᠤᠰᠢᠨ ᠬᠤᠰᠢᠭᠤᠨ ᠤ ᠮᠠᠯ ᠤᠨ ᠡᠭᠦᠯᠳᠡᠷ ᠰᠡᠶᠢᠵᠢᠷᠠᠭᠤᠯᠬᠤ ᠦᠷᠳᠡᠭᠡ ᠨᠢ ᠰᠢᠮ᠎ᠡ ᠲᠡᠵᠢᠭᠡᠯ ᠨᠦᠭᠦᠪᠦᠷᠢᠯᠡᠭᠦ ᠲᠤᠷᠰᠢᠯᠳᠡ ᠶᠢᠨ ᠪᠤᠷᠳᠤᠭ᠎ᠠ ᠶᠢ ᠡᠬᠢᠯᠡᠵᠦ 8 ᠡᠷᠤᠭᠡ ᠳᠤ ᠲᠤᠷᠰᠢᠨ ᠭᠡᠷᠡᠭᠯᠡᠵᠦ ᠵᠤᠬᠢᠬᠤ ᠠᠮᠵᠢᠯᠳᠡ ᠤᠯᠤᠭᠰᠠᠨ ᠤ ᠰᠠᠭᠤᠷᠢᠨ ᠲᠡᠭᠡᠷ᠎ᠡ ᠡᠨᠡ ᠵᠢᠯ ᠨᠠᠶᠢᠳᠡ 225 ᠲᠤᠨ ᠨᠠᠷᠠᠯᠢᠭ ᠪᠤᠷᠳᠤᠭ᠎ᠠ ᠶᠢ ᠠᠪᠴᠢᠷᠠᠵᠦ 80 ᠡᠷᠤᠭᠡ ᠳᠤ ᠲᠤᠷᠰᠢᠨ ᠭᠡᠷᠡᠭᠯᠡᠪᠡ᠃      ᠮᠠᠨ ᠤ ᠬᠤᠰᠢᠭᠤᠨ ᠤ ᠨᠡᠷᠢᠨ ᠨᠣᠣᠰᠣᠳᠣ ᠳᠦᠯᠵᠢᠬᠦ ᠬᠤᠨᠢᠨ ᠳᠤ ᠳᠣᠷᠰᠢᠨ ᠭᠡᠷᠡᠭᠯᠡᠵᠣ ᠪᠠᠶᠢᠭ᠎ᠠ ᠰᠢᠮ᠎ᠡ ᠲᠡᠵᠢᠭᠡᠯ ᠨᠦᠭᠦᠪᠦᠷᠢᠡᠯᠭᠦ ᠪᠤᠷᠳᠤᠭ᠎ᠠ ᠶᠢ ᠦᠪᠡᠷᠳᠡᠭᠡᠨ ᠵᠠᠰᠠᠬᠤ ᠤᠷᠤᠨ ᠤ ᠮᠠᠯ ᠲᠠᠷᠢᠶᠡᠯᠠᠩ ᠤᠨ ᠰᠢᠨᠵᠢᠯᠡᠭᠦ ᠤᠬᠠᠭᠠᠨ  ᠤ ᠬᠦᠷᠢᠶᠡᠯᠡᠩ ᠤᠨ ᠠᠮᠢᠳᠡᠨ ᠤ ᠰᠢᠮ᠎ᠡ ᠲᠡᠵᠢᠭᠡᠯ ᠪᠤᠯᠤᠨ ᠪᠤᠷᠳᠤᠭ᠎ᠠ ᠰᠤᠳᠤᠯᠬᠤ ᠭᠠᠵᠠᠷ ᠠᠴᠠ ᠨᠠᠶᠢᠷᠠᠯᠭ᠎ᠠ ᠶᠢ ᠬᠠᠩᠭᠠᠵᠦ᠂ ᠦᠪᠦᠷ ᠮᠤᠩᠭᠤᠯ ᠤᠨ ᠮᠧᠩ ᠲᠠᠢ ᠳ᠋ᠡ ᠳ᠋ᠠᠢ ᠠᠮᠢᠳᠤ ᠪᠤᠳᠠᠰ ᠤᠨ ᠮᠡᠷᠭᠡᠵᠢᠯ ᠤᠨ ᠬᠦᠭᠵᠢᠯᠳᠡ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠤᠶᠢᠯᠡᠳᠪᠤᠷᠢᠯᠡᠳᠡᠭ ᠪᠠᠶᠢᠨ᠎ᠠ᠃ ᠡᠨᠡᠬᠦ ᠳᠣᠷᠰᠢᠯᠳᠡ ᠶᠢᠨ ᠪᠣᠷᠳᠣᠭᠠᠨ ᠤ ᠦᠷ᠎ᠡ ᠠᠰᠢᠭ ᠢ ᠪᠡᠳᠣᠳᠬᠠᠬᠤ ᠶᠢᠨ ᠳᠦᠯᠣᠭᠡ ᠮᠠᠨ ᠤ  ᠬᠤᠰᠢᠭᠤᠨ ᠤ ᠮᠠᠯ ᠤᠨ ᠡᠭᠦᠯᠳᠡᠷ ᠰᠡᠶᠢᠵᠢᠷᠠᠭᠤᠯᠬᠤ ᠦᠷᠳᠡᠭᠡᠨ ᠤ ᠠᠵᠢᠯᠳᠡᠳ ᠳᠣᠷᠰᠢᠨ ᠭᠡᠷᠡᠭᠯᠡᠵᠣ ᠪᠠᠶᠢᠭ᠎ᠠ ᠮᠠᠯᠴᠢᠨ ᠠᠶᠢᠯ ᠤᠨ ᠳᠦᠯᠵᠢᠬᠦ ᠬᠤᠨᠢ ᠳᠤ ᠳᠤᠭ᠎ᠠ ᠨᠣᠮᠧᠷ  ᠲᠠᠢ ᠴᠢᠬᠢᠪᠴᠢ ᠬᠠᠳᠠᠵᠣ᠂ ᠨᠠᠷᠠᠯᠢᠭ ᠳᠡᠮᠳᠡᠭᠯᠡᠨ ᠳᠠᠩᠰᠠᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号