ᠬᠤᠰᠢᠭᠤ ᠷᠠᠳᠢᠣ᠋ ᠲᠧᠯᠸᠢᠰ ᠦᠶᠯᠡᠴᠢᠯᠡᠭᠡᠨ ᠤ ᠲᠥᠪ ︽ᠪᠢ ᠤᠯᠤᠰ ᠤᠨ ᠲᠤᠭ ᠲᠠᠢ ᠬᠠᠮᠲᠤ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2019-09-23
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠠᠰᠢᠷᠠᠮ ᠢᠶᠠᠷ ᠵᠠᠯᠠᠭᠤ ᠺᠠᠳ᠋ᠷ ᠠᠵᠢᠯᠲᠠᠨ ᠳᠤ ᠦᠵᠡᠯ ᠰᠠᠨᠠᠭᠠᠨ ᠤ ᠬᠥᠮᠦᠵᠢᠯ ᠬᠢᠬᠦ ᠶᠢ ᠴᠢᠩᠭᠠᠳᠬᠠᠵᠤ ᠤᠯᠤᠰ ᠢᠶᠠᠨ ᠬᠠᠶᠢᠷᠠᠯᠠᠬᠤ᠂ ᠨᠠᠮ  ᠢᠶᠠᠨ ᠬᠠᠶᠢᠷᠠᠯᠠᠬᠤ ᠤᠬᠠᠮᠰᠠᠷ ᠢ ᠲᠡᠭᠡᠭᠰᠢᠯᠠᠭᠦᠯᠭᠦ ᠶᠢᠨ ᠲᠥᠯᠥᠭᠡ 9 ᠰᠠᠷ᠎ᠠ ᠶᠢᠨ 19 ᠤ ᠡᠳᠦᠷ ᠮᠠᠨ ᠤ ᠬᠤᠰᠢᠭᠤᠨ  ᠤ ᠷᠠᠳᠢᠣ᠋ ᠲᠧᠯᠸᠢᠰ ᠦᠶᠯᠡᠴᠢᠯᠡᠭᠡᠨ ᠤ ᠲᠥᠪ ᠤᠨ ᠨᠠᠮ ᠤᠨ ᠡᠭᠦᠷ᠂ ᠡᠪᠯᠡᠯ ᠤᠨ ᠡᠭᠦᠷ ᠬᠠᠮᠲᠤᠷᠠᠨ ︽ᠪᠢ ᠤᠯᠤᠰ  ᠤᠨ ᠲᠤᠭ ᠲᠠᠢ ᠬᠠᠮᠲᠤ︾  ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠡᠨ ᠪᠠᠶᠢᠨ᠎ᠠ  ᠃      ᠠᠵᠢᠯᠯᠠᠭ᠎ᠠ ᠳᠤ᠂ ᠨᠠᠮ ᠤᠨ ᠭᠡᠰᠢᠭᠦᠨ ᠪᠣᠯᠤᠨ ᠡᠪᠯᠡᠯ ᠤᠨ ᠭᠡᠰᠢᠭᠦᠨ᠂ ᠵᠠᠯᠠᠭᠤ ᠺᠠᠳ᠋ᠷ ᠠᠵᠢᠯᠲᠠᠨ ᠢᠳᠡᠪᠬᠢᠲᠡᠢ ᠣᠷᠣᠯᠴᠠᠵᠤ ᠤᠯᠤᠰ ᠤᠨ ᠲᠤᠭ ᠲᠠᠢ ᠪᠠᠨ ᠰᠡᠭᠦᠳᠡᠷᠯᠡᠵᠦ ᠤᠯᠤᠰ ᠦᠨᠳᠦᠰᠦᠲᠡᠨ ᠪᠣᠯᠤᠨ ᠰᠢᠨ᠎ᠡ ᠴᠠᠭ ᠦᠶ᠎ᠡ ᠶᠢᠨ ᠲᠤᠬᠠᠶ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠵᠡᠶ᠃ ᠳᠠᠷᠠᠭ᠎ᠠ ᠨᠢ᠂ ᠨᠠᠮ ᠤᠨ ᠡᠭᠦᠷ ᠤᠨ ᠱᠦᠵᠢ ᠠᠴᠠ ᠨᠠᠮ ᠤᠨ ᠭᠡᠰᠢᠭᠦᠨ᠂ ᠡᠪᠯᠡᠯ ᠤᠨ ᠭᠡᠰᠢᠭᠦᠨ᠂ ᠵᠠᠯᠠᠭᠤ ᠺᠠᠳ᠋ᠷ ᠠᠵᠢᠯᠲᠠᠨ ᠳᠤ ᠮᠠᠨ ᠤ ᠤᠯᠤᠰ ᠤᠨ ᠤᠯᠤᠰ ᠤᠨ ᠲᠤᠭ ᠤᠨ ᠢᠷᠡᠯᠲᠡ ᠪᠠ ᠪᠡᠯᠭᠡᠳᠡᠯ ᠵᠢᠴᠢ ᠤᠯᠤᠰ ᠤᠨ ᠲᠤᠭ ᠤᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠨᠢᠯᠴᠠᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号