9 ᠰᠠᠷ᠎ᠠ ᠶᠢᠨ 18 ᠤ ᠡᠳᠦᠷ᠂ ᠠᠷᠪᠠᠨ ᠳᠠᠪᠣᠳᠣᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | ᠵᠢᠷᠭᠤᠳᠣᠭᠠᠷ ᠡᠭᠡᠯᠵᠢ ᠶᠢᠨ ᠳᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠲᠠ ᠪᠠᠶᠢᠷᠢᠯᠠᠭᠤᠯᠣᠯᠲᠠ ᠶᠢᠨ ᠬᠤᠷᠠᠯ | ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠬᠤᠰᠢᠭᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠤᠨ ᠳᠠᠷᠤᠭ᠎ᠠ ᠯᠠᠨ | ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ | ᠬᠤᠰᠢᠭᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠤᠨ ᠳᠡᠳ᠋ ᠳᠠᠷᠤᠭ᠎ᠠ ᠰᠣ᠋ ᠰᠢᠨ ᠹᠠ | ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠳᠦᠪ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠳᠣᠭᠤᠷᠢᠨ ᠦᠵᠡᠵᠦ ᠳᠣᠭᠤᠷᠢᠨ ᠪᠠᠶᠢᠴᠠᠭᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ᠂ ᠰᠣ᠋ ᠰᠢᠨ ᠹᠠ ᠠᠷᠪᠠᠨ ᠳᠠᠪᠣᠳᠣᠭᠠᠷ ᠬᠤᠭᠤᠴᠠᠭᠠᠨ ᠤ | ᠬᠤᠰᠢᠭᠤ ᠨᠠᠮ ᠤᠨ ᠬᠤᠷᠢᠶᠠᠨ ᠤ ᠵᠢᠷᠭᠤᠳᠣᠭᠠᠷ ᠡᠭᠡᠯᠵᠢ ᠶᠢᠨ ᠳᠣᠭᠤᠷᠢᠨ ᠪᠠᠶᠢᠴᠠᠭᠠᠬᠤ ᠠᠵᠢᠯ ᠤᠨ ᠳᠣᠭᠤᠷᠢᠨ | ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠵᠢᠴᠢ ᠳᠣᠭᠤᠷᠢᠨ ᠪᠠᠶᠢᠴᠠᠭᠠᠬᠤ ᠡᠬᠦᠷᠭᠡ ᠶᠢᠨ | ᠬᠤᠪᠢᠶᠠᠷᠢᠯᠠᠯᠳᠠ ᠶᠢᠨ ᠡᠷᠬᠡ ᠣᠯᠭᠤᠭᠰᠠᠨ ᠰᠢᠢᠳᠪᠦᠷᠢ ᠶᠢ ᠨᠡᠶᠢᠳᠡᠯᠡᠪᠡ᠃ | ᠯᠠᠨ ᠲᠢᠶᠠᠨ ᠴᠢᠬᠤᠯᠠᠴᠢᠯᠠᠬᠤ ᠳᠠᠭᠠᠨ᠂ ᠣᠯᠣᠰ ᠳᠦᠷᠦ ᠶᠢᠨ ᠳᠣᠭᠤᠷᠢᠨ ᠪᠠᠶᠢᠴᠠᠭᠠᠬᠤ ᠠᠵᠢᠯ ᠢ ᠰᠠᠶᠢᠳᠣᠷ | ᠬᠢᠵᠦ ᠣᠯᠣᠰ ᠳᠦᠷᠦ ᠶᠢᠨ ᠬᠢᠨᠠᠯᠳᠠ ᠶᠢ ᠴᠢᠩᠭᠠᠳᠬᠠᠵᠦ ︽ᠬᠤᠶᠠᠷ ᠢ ᠬᠠᠮᠠᠭᠠᠯᠠᠬᠤ︾ ᠶᠢ ᠰᠠᠶᠢᠳᠣᠷ ᠬᠢᠵᠦ | ᠭᠤᠣᠯᠳᠠᠯᠭ᠎ᠠ ᠶᠢᠨ ᠳᠣᠭᠤᠷᠢᠨ ᠳᠤ ᠪᠦᠬᠦ ᠳᠠᠯ᠎ᠠ ᠳᠤ ᠦᠢᠯᠡᠴᠢᠯᠡᠵᠦ ᠨᠠᠮ ᠤᠨ ᠬᠡᠰᠢᠬᠦᠨ ᠺᠠᠳ᠋ᠷᠴᠣᠳ ᠤᠨ ᠦᠵᠡᠯ | ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠳᠦᠪ ᠬᠤᠷᠢᠶᠠᠨ ᠤ ᠪᠠᠶᠢᠷᠢᠯᠠᠭᠤᠯᠣᠯᠲᠠ ᠲᠠᠢ ᠨᠢᠭᠡᠳᠭᠡᠬᠦ ᠶᠢ | ᠠᠬᠢᠭᠤᠯᠵᠦ ᠣᠯᠠᠨ ᠲᠦᠮᠡᠨ ᠤ ᠬᠠᠵᠠᠭᠤᠳᠡᠬᠢ ᠢᠯᠵᠢᠷᠡᠯ ᠤᠨ ᠠᠰᠠᠭᠤᠳᠠᠯ ᠪᠠ ᠳᠦᠪ ᠪᠣᠰᠣ ᠪᠠᠶᠢᠳᠠᠯ ᠢ | ᠢᠯᠡᠷᠡᠬᠦᠯᠦᠨ ᠰᠢᠢᠳᠪᠦᠷᠢᠯᠡᠵᠤ ᠨᠠᠮ ᠤᠨ ᠳᠣᠳᠣᠭᠠᠳᠣ ᠶᠢᠨ ᠬᠢᠨᠠᠯᠳᠠ ᠪᠠ ᠣᠯᠠᠨ ᠲᠦᠮᠡᠨ ᠤ ᠬᠢᠨᠠᠯᠳᠠ ᠶᠢ ᠨᠢᠭᠳᠠ | ᠣᠶᠠᠯᠳᠣᠭᠤᠯᠵᠦ ᠨᠠᠮ ᠣᠯᠠᠨ ᠲᠦᠮᠡᠨ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠳᠠᠷᠠᠭᠤᠯᠵᠦ ᠠᠷᠠᠳ ᠳᠦᠮᠡᠨ | ᠤ ᠬᠦᠷᠳᠡᠭᠡᠮᠵᠢ ᠶᠢᠨ ᠲᠦᠷᠦᠭᠳᠡᠯ᠂ ᠵᠣᠯ ᠵᠢᠷᠭᠠᠯᠲᠣ ᠳᠦᠷᠦᠭᠳᠡᠯ ᠪᠠ ᠠᠮᠣᠷ ᠳᠦᠪᠰᠢᠨ ᠤ ᠳᠦᠷᠦᠭᠳᠡᠯ ᠢ | ᠳᠡᠭᠡᠭᠰᠢᠯᠡᠬᠦᠯᠤᠨ ᠣᠯᠣᠰ ᠳᠦᠷᠦ ᠶᠢᠨ ᠬᠢᠷᠢ ᠳᠦᠪᠰᠢᠨ ᠪᠠ ᠶᠡᠷᠦᠩᠬᠡᠶᠢᠯᠡᠭᠰᠡᠨ ᠴᠢᠳᠠᠪᠣᠷᠢ ᠪᠠᠨ ᠳᠡᠭᠡᠭᠰᠢᠯᠡᠬᠦᠯᠵᠦ | ᠳᠣᠭᠤᠷᠢᠨ ᠪᠠᠶᠢᠴᠠᠭᠠᠬᠤ ᠡᠬᠦᠷᠭᠡ ᠪᠠᠨ ᠰᠠᠶᠢᠳᠣᠷ ᠪᠡᠶᠡᠯᠡᠬᠦᠯᠵᠦ ᠦᠦᠰᠢᠨ ᠬᠤᠰᠢᠭᠤᠨ ᠤ ᠴᠢᠨᠠᠷ ᠰᠠᠶᠢᠳᠠᠢ | ᠬᠦᠭᠵᠢᠯᠲᠡ ᠪᠠ ᠨᠤᠮᠢᠨ ᠲᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ ᠣᠯᠣᠰ ᠳᠦᠷᠦ ᠶᠢᠨ ᠪᠠᠳᠣᠯᠠᠭ᠎ᠠ | ᠬᠠᠩᠭᠠᠬᠤ ᠬᠡᠷᠡᠭᠲᠡᠢ ᠬᠡᠪᠡ᠃ | ᠳᠣᠰ ᠣᠳᠠᠭᠠᠨ ᠤ ᠳᠣᠭᠤᠷᠢᠨ ᠪᠠᠶᠢᠴᠠᠭᠠᠯᠳᠠ ᠪᠠᠷ ᠬᠤᠰᠢᠭᠤ ᠨᠠᠮ ᠤᠨ ᠬᠤᠷᠢᠶ᠎ᠠ ᠠᠴᠠ ᠬᠤᠶᠠᠷ ᠡᠩ ᠤᠨ | ᠳᠣᠭᠤᠷᠢᠨ ᠪᠠᠶᠢᠴᠠᠭᠠᠬᠤ ᠳᠣᠭᠤᠶᠢᠯᠠᠩ ᠪᠠ ᠨᠢᠬᠡ ᠭᠠᠴᠠᠭ᠎ᠠ ᠳᠣᠰᠬᠤᠨ ᠤ ᠳᠡᠰ ᠤᠨ ᠳᠣᠰᠬᠠᠢ ᠳᠣᠭᠤᠷᠢᠨ | ᠪᠠᠶᠢᠴᠠᠭᠠᠬᠤ ᠳᠣᠭᠤᠶᠢᠯᠠᠩ ᠳᠣᠮᠢᠯᠠᠵᠦ᠂ ᠡᠪᠯᠡᠯ ᠤᠨ ᠬᠤᠷᠢᠶ᠎ᠠ᠂ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ | ᠰᠢᠷᠬᠤᠰᠣ ᠰᠣᠶᠣᠯ ᠵᠢᠭᠤᠯᠴᠢᠯᠠᠯ ᠤᠨ ᠨᠡᠬᠡᠬᠡᠯᠳᠡ ᠶᠢᠨ ᠤᠷᠤᠨ ᠤ ᠬᠠᠮᠢᠶᠠᠷᠣᠯᠳᠠ ᠶᠢᠨ ᠵᠦᠪᠯᠡᠯ᠂ ᠰᠢᠷᠬᠤᠰᠣ ᠨᠣᠭᠤ | ᠭᠠᠵᠠᠷ ᠤᠨ ᠴᠡᠴᠡᠷᠯᠢᠭ ᠤᠨ ᠬᠠᠮᠢᠶᠠᠷᠣᠯᠳᠠ ᠶᠢᠨ ᠳᠣᠪᠴᠢᠶ᠎ᠠ᠂ ᠭᠠᠵᠠᠷ ᠰᠢᠷᠦᠢ ᠬᠤᠳᠠᠯᠳᠣᠨ ᠠᠪᠴᠦ ᠬᠠᠳᠠᠭᠠᠯᠠᠨ | ᠦᠨ᠎ᠡ ᠬᠠᠶᠠᠯᠴᠠᠭᠤᠯᠣᠨ ᠬᠤᠳᠠᠯᠳᠣᠬᠤ ᠳᠦᠪ᠂ ᠠᠮᠣ ᠪᠣᠳᠠᠭᠠᠨ ᠤ ᠬᠦᠢᠯᠬᠡᠬᠡᠨ ᠤ ᠦᠢᠯᠡᠴᠢᠯᠡᠬᠡᠨ ᠤ ᠳᠦᠪ ᠵᠡᠷᠭᠡ | ᠵᠢᠷᠭᠤᠭᠠᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠣᠯᠳᠠ ᠪᠠ ᠳᠤᠭ | ᠪᠠᠯᠭᠠᠰᠣᠨ ᠤ ᠠᠷᠪᠠᠨ ᠨᠢᠬᠡᠨ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠵᠣᠬᠢᠶᠠᠨ | ᠪᠠᠶᠢᠭᠤᠯᠣᠯᠳᠠ ᠳᠤ ᠣᠯᠣᠰ ᠳᠦᠷᠦ ᠶᠢᠨ ᠳᠣᠭᠤᠷᠢᠨ ᠪᠠᠶᠢᠴᠠᠭᠠᠯᠳᠠ ᠬᠢᠬᠦ ᠪᠠᠷ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ | ᠤᠨ ᠬᠡᠰᠢᠬᠦᠳ᠂ ᠡᠯ᠎ᠡ ᠬᠠᠮᠵᠢᠯᠴᠠᠬᠤ ᠪᠠᠶᠢᠭᠤᠯᠭ᠎ᠠ᠂ ᠪᠠᠶᠢᠴᠠᠭᠠᠭᠳᠠᠬᠤ ᠪᠠᠶᠢᠭᠤᠯᠭ᠎ᠠ ᠶᠢᠨ ᠬᠠᠷᠢᠭᠤᠴᠠᠯᠭᠠᠳᠠᠳ᠂ | ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠪᠠᠶᠢᠭᠤᠯᠣᠮᠵᠢ ᠪᠠ ᠳᠣᠰ ᠣᠳᠠᠭᠠᠨ ᠤ ᠳᠣᠭᠤᠷᠢᠨ | ᠪᠠᠶᠢᠴᠠᠠᠭᠠᠬᠤ ᠠᠵᠢᠯ ᠳᠤ ᠣᠷᠣᠯᠴᠠᠬᠤ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃ |