9 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠲᠡᠮᠦᠷ ᠵᠠᠮ ᠤᠨ | ᠪᠦᠯᠦᠭᠯᠡᠯ ᠠᠴᠠ ᠵᠣᠬᠢᠶᠠᠨ ᠪᠠᠶᠢᠭᠤᠯᠤᠭᠰᠠᠨ ︽ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠤᠨ ᠡᠮᠦᠨ᠎ᠡ | ᠹᠷᠣᠨᠲ ᠤᠨ ᠠᠶᠠᠯᠠᠯ︾ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠲᠤᠰᠬᠠᠶ ᠭᠠᠯᠲᠤ ᠲᠡᠷᠭᠡᠨ ᠤ ᠠᠩᠬᠠᠨ ᠤ | ᠠᠶᠠᠯᠠᠯ ᠡᠭᠢᠯᠠᠭᠦ ᠶᠣᠰᠣᠯᠠᠯ ᠮᠠᠨ ᠤ ᠬᠤᠰᠢᠭᠤᠨ ᠤ ᠬᠤᠯᠪᠤᠭᠠᠯᠵᠢ ᠡᠮᠤᠨ᠎ᠠ ᠥᠷᠲᠡᠭᠡ ᠳᠤ ᠶᠠᠪᠤᠭᠳᠠᠪᠠ᠃ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠧᠶ ᠯᠦ ᠶᠣᠰᠣᠯᠠᠯ ᠳᠤ ᠣᠷᠣᠯᠴᠠᠭᠰᠠᠨ ᠪᠥᠭᠡᠳ | ᠰᠤᠷᠪᠤᠯᠵᠢᠯᠠᠭ᠎ᠠ ᠬᠦᠯᠢᠶᠡᠵᠦ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠲᠡᠮᠦᠷ ᠵᠠᠮ ᠠᠭᠠᠷ ᠠᠶᠠᠯᠠᠯ ᠤᠨ | ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | | | | | | | ᠵᠤᠤ ᠹᠸᠢ ᠯᠦ ᠡᠩ ᠲᠡᠷᠢᠭᠦᠨ ᠳᠤ ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠤᠨ ᠤᠳᠠᠯ ᠥᠬᠡᠶ | ᠨᠡᠪᠲᠡᠷᠡᠬᠦ ᠪᠠᠷ ᠪᠤᠯᠤᠭᠰᠠᠨ ᠳᠤ ᠪᠠᠶᠠᠷ ᠬᠦᠷᠭᠡᠪᠡ᠃ ᠲᠡᠷᠡ ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠪᠣᠯ | ︽ᠤᠮᠠᠷᠠᠲᠤ ᠶᠢᠨ ᠨᠡᠭᠦᠷᠡᠰᠦ ᠶᠢ ᠡᠮᠦᠨᠡᠰᠢ ᠵᠥᠭᠡᠭᠡᠪᠤᠷᠢᠯᠠᠭᠦ︾ ᠤᠯᠤᠰ ᠤᠨ ᠪᠠᠶᠢᠯᠳᠤᠬᠤ ᠪᠣᠳᠣᠯᠭ᠎ᠠ ᠶᠢᠨ | ᠲᠡᠭᠡᠭᠡᠪᠦᠷᠢ ᠶᠢᠨ ᠰᠢᠨ᠎ᠡ ᠵᠠᠮ ᠪᠣᠯᠤᠨ᠎ᠠ᠂ ᠲᠥᠷᠥᠯ ᠵᠥᠢᠯ ᠨᠢ 2015 ᠣᠨ ᠳᠤ ᠪᠠᠷᠢᠯᠭ᠎ᠠ ᠡᠬᠢᠯᠡᠭᠰᠡᠨ ᠠᠴᠠ | ᠨᠠᠰᠢ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠴᠢᠩ ᠦᠨᠡᠨᠴᠢ ᠪᠦᠯᠬᠦᠮᠳᠡᠯ ᠬᠠᠮᠲᠤ ᠶᠢᠨ | ᠴᠢᠷᠮᠠᠶᠢᠯᠭ᠎ᠠ ᠪᠠᠷ ᠡᠯ᠎ᠡ ᠲᠥᠷᠤᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ᠂ | ᠥᠨᠳᠥᠷ ᠪᠠᠷᠢᠮᠵᠢᠶ᠎ᠠ ᠲᠠᠢ ᠪᠠᠶᠠᠯᠡᠭᠦᠯᠥᠭᠰᠠᠨ ᠪᠠᠶᠢᠨ᠎ᠠ᠃ ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠤᠨ | ᠪᠠᠶᠢᠭᠤᠯᠤᠭᠳᠠᠭᠰᠠᠨ ᠨᠢ ᠥᠪᠥᠷ ᠮᠣᠩᠭᠤᠯ᠂ ᠱᠠᠨᠰᠢ᠂ ᠨᠢᠩᠰᠢᠶᠠ ᠶᠢᠨ ᠡᠨᠧᠷᠭᠢ ᠪᠣᠯᠤᠨ ᠬᠤᠪᠧᠶ᠂ ᠬᠤᠨᠠᠨ᠂ | ᠵᠢᠶᠠᠩᠰᠢ ᠵᠡᠷᠭᠡ ᠳᠤᠮᠳᠠᠳᠤ ᠣᠷᠣᠨ ᠤ ᠭᠠᠵᠠᠷ ᠣᠷᠣᠨ ᠢ ᠨᠠᠩ ᠲᠥᠭᠦᠮ ᠳᠥᠲᠡ ᠨᠡᠪᠲᠡᠷᠡᠭᠦᠯᠵᠦ ᠵᠠᠮ ᠲᠠᠭᠠᠤ ᠶᠢᠨ | ᠠᠵᠤ ᠠᠬᠤᠢ ᠶᠢᠨ ᠬᠥᠭᠵᠢᠯᠲᠡ᠂ ᠠᠵᠤ ᠦᠢᠯᠡᠰ ᠤᠨ ᠦᠢᠯᠡᠳᠦᠯᠴᠡᠯ᠂ ᠰᠣᠶᠣᠯ ᠤᠨ ᠰᠣᠯᠢᠯᠴᠠᠭ᠎ᠠ ᠶᠢ ᠲᠠᠶᠢᠴᠢᠯᠠᠨ | ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠯᠳᠠ ᠶᠢ ᠠᠬᠢᠭᠤᠯᠵᠤ ᠤᠯᠤᠰ ᠤᠨ ᠡᠨᠧᠷᠭᠢ ᠶᠢᠨ | ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠤᠨ᠎ᠠ ᠭᠡᠵᠤ | ᠵᠢᠭᠠᠭᠰᠠᠨ ᠪᠠᠶᠢᠨ᠎ᠠ᠃ | | | | | | | ᠵᠤᠤ ᠹᠸᠢ ᠯᠤ᠋ ᠢᠯᠡᠷᠬᠡᠶᠢᠯᠡᠬᠦ ᠳᠤ ᠪᠠᠨ᠂ ᠬᠤᠯᠪᠤᠭᠠᠯᠵᠢ ᠠᠴᠠ ᠵᠢᠶ ᠠᠨ ᠬᠦᠷᠬᠦ ᠲᠠᠮᠤᠷ ᠵᠠᠮ ᠤᠨ ᠮᠠᠨ ᠤ | ᠬᠤᠰᠢᠭᠤᠨ ᠤ ᠭᠢᠵᠠᠭᠠᠷ ᠳᠣᠲᠣᠷᠠᠬᠢ ᠪᠦᠬᠦ ᠤᠷᠳᠤ ᠨᠢ 186 ᠺᠢᠯᠣᠮᠧᠲᠷ ᠪᠠᠶᠢᠵᠤ᠂ ᠬᠤᠶᠢᠨ᠎ᠠ ᠠᠴᠠ ᠡᠮᠦᠨᠡᠰᠢ 2 | ᠶᠡᠭᠡ ᠠᠭᠤᠷᠬᠠᠢ ᠶᠢᠨ ᠣᠷᠣᠨ᠂ 4 ᠠᠵᠤ ᠥᠢᠯᠡᠳᠪᠤᠷᠢ ᠶᠢᠨ ᠲᠥᠷᠥᠯ ᠵᠥᠢᠯ ᠤᠨ ᠲᠣᠭᠤᠷᠢᠭ ᠪᠣᠯᠤᠨ 5 ᠰᠤᠮᠤ | ᠪᠠᠯᠭᠠᠰᠤ ᠶᠢ ᠬᠤᠯᠪᠣᠨ ᠨᠡᠪᠲᠡᠷᠡᠭᠦᠯᠵᠡᠶ᠃ ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠤᠨ ᠲᠡᠷᠭᠡ | ᠨᠡᠪᠲᠡᠷᠡᠭᠰᠡᠨ ᠨᠢ ᠥᠥᠰᠢᠨ ᠬᠤᠰᠢᠭᠤᠨ ᠤ ᠢᠷᠡᠭᠡᠳᠦᠶ ᠶᠢᠨ ᠬᠥᠭᠵᠢᠯᠲᠡ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ ᠬᠤᠶᠢᠰᠢᠳᠠ ᠶᠢᠨ ᠨᠢᠭᠡ ᠬᠤᠭᠤᠴᠠᠭᠠᠨ ᠳᠤ ᠡᠬᠢᠯᠡᠯᠲᠡ ᠶᠢᠨ ᠴᠡᠭ ᠤᠨ ᠳᠠᠪᠠᠭᠤᠯᠢᠭ ᠢᠶᠠᠨ | ᠭᠥᠢᠴᠠᠳ ᠪᠠᠳᠠᠷᠠᠭᠤᠯᠵᠤ ᠰᠢᠨ᠎ᠡ ᠡᠨᠧᠷᠭᠢ᠂ ᠰᠣᠶᠣᠯ ᠵᠢᠭᠤᠯᠴᠢᠯᠠᠯ᠂ ᠣᠳᠣ ᠦᠶ᠎ᠡ ᠶᠢᠨ ᠮᠠᠯ ᠲᠠᠷᠢᠶᠠᠯᠠᠩ ᠠᠵᠤ | ᠠᠬᠤᠶ ᠵᠡᠷᠭᠡ ᠬᠦᠷᠢᠶ᠎ᠡ ᠴᠠᠷᠠᠭᠠᠨ ᠳᠤ ᠵᠠᠮ ᠲᠠᠭᠠᠤ ᠶᠢᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠨ ᠵᠠᠮ ᠲᠠᠭᠠᠤ ᠶᠢᠨ ᠠᠵᠤ ᠠᠬᠤᠢ ᠲᠠᠢ ᠨᠢᠭᠲᠠ ᠠᠭᠤᠰᠤᠯᠴᠠᠵᠤ᠂ ᠤᠮᠠᠷᠠᠲᠤ ᠶᠢᠨ ᠨᠡᠭᠦᠷᠡᠰᠦ ᠶᠢ | ᠡᠮᠤᠨᠠᠰᠢ ᠵᠥᠭᠡᠭᠡᠪᠤᠷᠢᠯᠠᠭᠦ ︽ᠭᠠᠷᠠᠮ︾ ᠢ ᠬᠦᠴᠦᠯᠡᠨ ᠴᠣᠭᠴᠠᠯᠠᠵᠤ ᠥᠪᠡᠷᠲᠡᠭᠡᠨ ᠵᠠᠰᠠᠬᠤ ᠣᠷᠣᠨ ᠤ ᠡᠮᠦᠨᠡᠰᠢ | ᠨᠡᠭᠡᠭᠡᠯᠲᠡ ᠬᠢᠬᠦ ︽ᠪᠠᠬᠢᠯᠡᠯᠲᠡ︾ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ︽ᠨᠡᠮᠡᠭᠳᠡᠯ ᠤᠨ | ᠲᠦᠢᠯ︾ ᠪᠤᠯᠭᠠᠬᠤ ᠭᠡᠷᠡᠭᠳᠠᠢ ᠭᠡᠪᠡ᠃ | | | | | | | | | | 9 ᠴᠠᠭ 30 ᠮᠢᠨᠦ᠋ᠲ ᠤᠨ ᠦᠶ᠎ᠡ ᠪᠠᠷ ᠲᠥᠪ᠂ ᠮᠣᠵᠢ ᠬᠤᠲᠠ᠂ ᠠᠵᠢᠯ ᠲᠥᠷᠥᠯ ᠤᠨ ᠵᠠᠭᠤᠴᠢᠯᠠᠭᠤᠷ ᠤᠨ | 30 ᠭᠠᠷᠤᠶ ᠰᠤᠷᠪᠤᠯᠵᠢᠯᠠᠭᠴᠢ ᠶᠢ ᠠᠴᠢᠶᠠᠯᠠᠭᠰᠠᠨ ᠲᠤᠰᠬᠠᠶ ᠭᠠᠯᠲᠤ ᠲᠡᠷᠭᠡ ᠬᠤᠯᠪᠤᠭᠠᠯᠵᠢ ᠡᠮᠤᠨ᠎ᠠ ᠥᠷᠲᠡᠭᠡ | ᠠᠴᠠ ᠠᠶᠠᠯᠠᠵᠤ ᠲᠡᠮᠦᠷ ᠵᠠᠮ ᠤᠨ ᠡᠴᠦᠰ ᠤᠨ ᠥᠷᠳᠡᠭᠡ ᠪᠣᠯᠬᠤ ᠵᠢᠶᠠᠩᠰᠢ ᠮᠤᠵᠢ ᠶᠢᠨ ᠵᠢᠶ ᠠᠨ ᠳᠤ ᠭᠥᠷᠭᠦ | ᠪᠤᠯᠤᠨ᠎ᠠ᠃ ᠤᠢᠢᠯᠠᠭᠠᠭᠰᠠᠠ ᠢᠶᠠᠷ ᠲᠣᠰ ᠤᠳᠠᠭ᠎ᠠ ᠶᠢᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠠᠵᠢᠯᠯᠠᠭ᠎ᠠ 5 | ᠡᠳᠦᠷ ᠦᠷᠭᠦᠯᠵᠢᠯᠡᠵᠦ ᠬᠤᠯᠪᠤᠭᠠᠯᠵᠢ ᠠᠴᠠ ᠵᠢᠶ ᠠᠨ ᠬᠦᠷᠬᠦ ᠲᠡᠮᠦᠷ ᠵᠠᠮ ᠲᠠᠭᠠᠤ ᠶᠢᠨ ᠡᠯ᠎ᠠ ᠮᠣᠵᠢ ᠣᠷᠣᠨ ᠤ | ᠴᠢᠬᠤᠯᠠ ᠥᠷᠲᠡᠭᠡ ᠴᠡᠭ᠂ ᠰᠢᠨᠵᠢ ᠲᠠᠮᠳᠡᠭ ᠤᠨ ᠴᠢᠨᠠᠷᠳᠠᠢ ᠪᠠᠷᠢᠯᠭ᠎ᠠ ᠶᠢᠨ ᠲᠤᠬᠠᠶ ᠶᠢᠨ ᠭᠠᠵᠠᠷ ᠲᠤᠨᠢ ᠭᠥᠷᠴᠤ | ᠰᠤᠷᠪᠤᠯᠵᠢᠯᠠᠨ ᠰᠡᠭᠦᠳᠡᠷᠯᠡᠬᠦ ᠪᠣᠯᠤᠨ᠎ᠠ᠃ | | | | | | | |