ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 87 ᠳ᠋ᠤᠭᠠᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ  ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-09-23
     9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 87 ᠳ᠋ᠤᠭᠠᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠰᠤᠷᠭᠠᠯᠲᠤ᠂ ᠯᠠᠨ ᠲᠢᠶᠠᠨ᠂ ᠰᠤ᠋ ᠰᠢᠨ ᠹᠠ᠂ ᠵᠠᠩ ᡁᠢ ᠰᠢᠦ᠋ᠩ᠂ ᠹᠧᠩ ᡁᠢ ᠮᠢᠩ᠂ ᠵᠤᠤ ᠶᠦᠩ ᠹᠧᠩ᠂ ᠯᠢ ᠵᠦᠩ ᠯᠢᠨ᠂ ᠠᠯᠲᠠᠨᠲᠤᠶᠠᠭ᠎ᠠ ᠬᠤᠷᠠᠯ ᠳᠤ ᠤᠷᠤᠯᠴᠠᠵᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠳᠤ ᠰᠤᠯᠠ ᠤᠷᠤᠯᠴᠠᠪᠠ᠃ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠤᠭᠤᠷᠢᠭ︶ ᠂ ᠡᠯ᠎ᠡ ᠰᠤᠮᠤ ᠪᠠᠯᠭᠠᠰᠤ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
     ᠬᠤᠷᠠᠯ ᠠᠴᠠ ︽ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ  ᠤᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ ᠰᠠᠨᠠᠯ︾  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠷᠳᠡᠨᠢᠪᠢᠯᠢᠭ ᠤᠯᠤᠰ ᠲᠥᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠴᠡᠷᠢᠭ ᠠᠴᠠ ᠬᠠᠯᠠᠭᠳᠠᠭᠰᠠᠳ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠤᠨ ᠰᠠᠭᠤᠷᠢ ᠠᠵᠢᠯ ᠢ ᠪᠤᠲᠠᠲᠠᠢ ᠬᠢᠵᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠶᠢᠭᠤᠯᠤᠮᠵᠢ ᠪᠠ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠴᠡᠷᠢᠭ ᠠᠴᠠ ᠬᠠᠯᠠᠭᠳᠠᠭᠰᠠᠳ ᠤᠨ ᠳᠠᠩᠰᠠ ᠡᠪᠬᠡᠮᠡᠯ ᠢ ᠪᠠᠶᠢᠭᠤᠯᠤᠨ ᠺᠠᠷᠲ ᠵᠣᠬᠢᠶᠠᠬᠤ᠂ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠬᠤ ᠵᠡᠷᠭᠡ ᠠᠵᠢᠯ ᠢ ᠰᠠᠶᠢᠨ ᠬᠢᠵᠦ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠬᠤ ᠬᠡᠷᠡᠭᠲᠡᠶ︔ ᠥᠢᠯᠠᠴᠢᠯᠡᠭᠡ ᠬᠠᠮᠢᠶᠠᠷᠤᠯᠲᠠ ᠪᠠᠨ ᠴᠢᠩᠭᠠᠳᠬᠠᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ ᠴᠡᠷᠢᠭ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ ᠥᠢᠯᠡᠴᠢᠯᠡᠭᠡ ᠬᠠᠮᠢᠶᠠᠷᠤᠯᠲᠠ ᠶᠢᠨ ᠶᠠᠰᠤ ᠴᠢᠨᠠᠷ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠭᠥᠢᠵᠸᠤ ᠮᠤᠵᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ ᠤᠳᠤᠷᠢᠳᠬᠤ ᠺᠠᠳ᠋ᠷ ᠤᠨ ᠮᠤᠤ ᠲᠠᠢ ᠠᠷᠢᠬᠢ ᠶᠢ ᠠᠰᠢᠭᠯᠠ ᠬᠤᠪᠢ ᠶᠢᠨ ᠠᠰᠢᠭ ᠣᠯᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠶ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠨᠡᠶᠢᠲᠡᠯᠡᠯ︾᠂ ︽2019 ᠣᠨ ᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾  ᠢ ᠤᠯᠠᠮᠵᠢᠯᠠᠨ ᠰᠤᠷᠤᠯᠴᠠᠪᠠ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠡᠶᠢᠲᠡᠯᠡᠨ ᠮᠡᠳᠡᠭᠳᠡᠭᠰᠡᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ ᠡᠭᠦᠨ ᠢᠶᠠᠷ ᠴᠡᠭᠡᠷᠯᠡᠯ  ᠪᠤᠯᠠᠭᠠᠨ ᠥᠪᠡᠷ ᠢ ᠪᠠᠨ ᠴᠢᠩᠭ᠎ᠠ ᠱᠠᠭᠠᠷᠳᠠᠵᠤ ᠡᠶᠢᠮᠤᠷᠭᠦ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ︔ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ ᠮᠤᠤ ᠲᠠᠢ ᠠᠷᠢᠬᠢ ᠶᠢ ᠠᠰᠢᠭᠯᠠ ᠬᠤᠪᠢ ᠶᠢᠨ ᠠᠰᠢᠭ ᠣᠯᠬᠤ ᠵᠡᠷᠭᠡ ᠬᠠᠦᠯᠢ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ᠃ ᠲᠥᠪ ᠤᠨ ᠨᠠᠢᠮᠠᠨ ᠲᠥᠷᠤᠯ ᠤᠨ ᠲᠣᠭᠲᠠᠭᠠᠯ ᠵᠢᠴᠢ ᠲᠡᠭᠦᠨ ᠤ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠪᠠᠷᠢᠮᠲᠠᠯᠠᠵᠤ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢ  ᠴᠢᠩᠭᠠᠳᠬᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ︔ ᠠᠮᠤᠷ ᠲᠦᠪᠰᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠪᠠ ᠭᠤᠤᠯᠳᠠᠯᠭ᠎ᠠ ᠲᠠᠢ ᠬᠦᠷᠢᠶᠡᠨ ᠤ ᠠᠶᠤᠯᠭᠦᠶ ᠥᠢᠯᠡᠳᠪᠤᠷᠢᠯᠠᠯ ᠤᠨ ᠠᠵᠢᠯ ᠢ ᠰᠠᠶᠢᠲᠤᠷ ᠠᠳᠬᠤᠵᠤ ᠠᠮᠤᠷ ᠲᠦᠪᠰᠢᠨ ᠲᠣᠭᠲᠠᠭᠤᠨ ᠨᠡᠶᠢᠬᠡᠮ ᠤᠨ ᠣᠷᠴᠢᠨ ᠢᠶᠠᠷ ᠰᠢᠨ᠎ᠡ ᠳᠤᠮᠳᠠᠳᠤ ᠤᠯᠤᠰ  ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠡᠷᠡᠭᠲᠡᠶ ᠭᠡᠵᠡᠢ᠃     ᠬᠤᠷᠠᠯ ᠠᠴᠠ᠂ ︽ᠥᠥᠰᠢᠨ ᠬᠤᠰᠢᠭᠤᠨ ᠤ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀  ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾᠂ ︽ᠥᠥᠰᠢᠨ ᠬᠤᠰᠢᠭᠤᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽︿ᠨᠠᠮ ᠤᠨ ᠪᠠᠶᠢᠭᠤᠯᠤᠯᠲᠠ ᠶᠢᠨ ᠵᠠᠮᠴᠢᠯᠠᠯ · ᠨᠤᠮᠢᠨ ᠲᠠᠩᠰᠤᠭ ᠭᠥᠭᠵᠢᠨ ᠮᠠᠨᠳᠤᠯᠳᠠ﹀ ᠨᠡᠷᠡᠲᠦ ᠲᠡᠮᠲᠡᠭ ᠢ ᠡᠭᠦᠳᠦᠨ ᠪᠠᠶᠢᠭᠤᠯᠵᠤ ︽ᠤᠯᠠᠨ ᠬᠤᠰᠢᠭᠤᠴᠢ ᠭᠥᠳᠤᠯᠤᠨ ᠲᠠᠭᠠᠭᠤᠯᠬᠤ︾ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠡᠶ᠃     ᠡᠷᠳᠡᠨᠢᠪᠢᠯᠢᠭ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠡᠵᠡᠮᠳᠡᠨ ᠭᠤᠤᠯ ᠰᠡᠳᠦᠪᠲᠦ ᠬᠥᠮᠦᠵᠢᠯ ᠢ ᠰᠠᠶᠢᠲᠤᠷ ᠦᠷᠨᠢᠬᠦᠯᠵᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡ ᠲᠤᠰᠢᠶᠠᠯᠳᠤ ᠰᠠᠳᠭᠢᠯᠭᠡ ᠪᠠᠨ ᠨᠡᠮᠡᠭᠳᠠᠭᠦᠯᠭᠦ ᠬᠡᠷᠡᠭᠲᠡᠶ᠃ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ  ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ ᠪᠠ ᠪᠣᠳᠠᠲᠠᠶ ᠬᠠᠷᠠᠯᠲᠠ ᠶᠢ ᠪᠠᠲᠤ ᠡᠵᠡᠮᠳᠠᠨ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ ᠭᠤᠤᠯ ᠰᠡᠳᠦᠪᠲᠦ ᠬᠥᠮᠦᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ ᠭᠤᠣᠯ ᠰᠡᠳᠦᠪᠲᠤ ᠬᠦᠮᠦᠵᠢᠯ ᠢ ᠯᠠᠪᠳᠠᠭᠤᠨ ᠪᠠᠲᠤᠲᠠᠶ ᠦᠷᠨᠢᠬᠦᠯᠵᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ  ᠨᠠᠶᠢᠳᠠᠪᠤᠷᠢᠵᠢᠭᠤᠯᠤᠨ ᠰᠢᠰᠲ᠋ᠧᠮ ᠤᠨ ᠪᠠᠶᠢᠭᠤᠯᠤᠯᠲᠠ ᠪᠠ ᠪᠦᠬᠦᠯᠢ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠰᠤᠮᠤ ᠪᠠᠯᠭᠠᠰᠤ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠥᠢᠴᠡᠳ  ᠪᠠᠳᠠᠷᠠᠭᠤᠯᠤᠨ ᠣᠷᠣᠨ ᠪᠦᠰᠡ ᠶᠢ ᠨᠢᠭᠡᠳᠦᠯᠲᠡᠶ ᠳᠤ ᠲᠥᠯᠥᠪᠵᠢᠭᠦᠯᠬᠦ᠂ ᠰᠢᠰᠲ᠋ᠧᠮ ᠬᠡᠰᠡᠭ ᠢᠶᠠᠷ ᠬᠠᠮᠵᠢᠯᠴᠠᠬᠤ᠂  ᠳᠡᠭᠡᠲᠤ ᠳᠣᠣᠷᠠᠳᠤ ᠱᠠᠲᠤ ᠪᠠᠷ ᠢᠶᠠᠨ ᠬᠤᠯᠪᠣᠭᠠᠯᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃     ᠡᠷᠳᠡᠨᠢᠪᠢᠯᠢᠭ ᠵᠢᠭᠠᠬᠤ ᠳᠤ ᠪᠠᠨ᠂ ︽ᠤᠯᠠᠨ ᠬᠤᠰᠢᠭᠤᠴᠢ ᠬᠥᠲᠥᠯᠥᠨ ᠳᠠᠭᠠᠭᠤᠯᠬᠤ︾ ᠠᠵᠢᠯᠯᠠᠭ᠎ᠠ ᠶᠢ ᠥᠷᠨᠢᠭᠦᠯᠬᠦ ᠪᠣᠯ ︽ᠨᠠᠮ ᠤᠨ ᠪᠠᠶᠢᠭᠤᠯᠤᠯᠲᠠ ᠶᠢᠨ ᠵᠠᠮᠴᠢᠯᠠᠯ᠂ ᠨᠤᠮᠢᠨ ᠲᠠᠩᠰᠤᠭ ᠭᠥᠭᠵᠢᠨ ᠮᠠᠨᠳᠤᠯᠳᠠ︾ ᠨᠡᠷᠡᠲᠦ ᠲᠡᠮᠲᠡᠭ ᠢ ᠡᠭᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠪᠠ ᠰᠢᠨ᠎ᠡ ᠴᠠᠭ ᠦᠶ᠎ᠡ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ ᠮᠥᠨ᠃ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ᠂ ᠬᠤᠲᠠ ᠶᠢᠨ ᠨᠡᠶᠢᠬᠡᠮ ᠲᠣᠭᠤᠷᠢᠭ ᠂ ᠪᠠᠶᠢᠭᠤᠯᠭ᠎ᠠ ᠨᠢᠭᠡᠴᠢ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ ᠨᠠᠮ ᠤᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ᠂ ᠤᠯᠤᠰ ᠲᠥᠷᠥ ᠶᠢᠨ ᠳᠠᠪᠰᠢᠯᠲᠠ᠂ ᠰᠣᠶᠣᠯ ᠤᠨ ᠴᠡᠴᠡᠭᠯᠡᠯᠲᠡ᠂ ᠨᠡᠶᠢᠭᠡᠮ ᠤᠨ ᠵᠠᠰᠠᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠬᠥᠲᠥᠯᠥᠨ ᠳᠠᠭᠠᠭᠤᠯᠵᠤ ᠨᠠᠮ ᠤᠨ ᠤᠳᠤᠷᠢᠳᠤᠯᠭ᠎ᠠ᠂ ᠨᠠᠮ ᠤᠨ ᠠᠵᠢᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠶᠢᠭᠡᠮ ᠤᠨ ᠡᠯ᠎ᠡ ᠬᠦᠷᠢᠶᠡᠨ ᠳᠤ ᠴᠥᠮ ᠪᠥᠬᠦ ᠲᠠᠯ᠎ᠠ ᠪᠠᠷ ᠪᠦᠷᠬᠦᠬᠦᠯᠵᠤ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠶ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号