ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠩᠬᠠᠳᠤᠭᠠᠷ ᠬᠤᠭᠤᠴᠠᠭᠠᠨ ᠤ ᠠᠵᠢᠯᠴᠢᠨ ᠠᠵᠢᠯᠳᠠᠨ ᠤ ᠪᠡᠶ᠎ᠡ ᠲᠠᠮᠢᠷ ᠤᠨ ᠴᠤᠭᠯᠠᠭᠠᠨ ᠮᠠᠨ ᠤ ᠬᠤᠰᠢᠭᠤᠨ ᠳᠤ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2019-09-23
     9 ᠰᠠᠷ᠎ᠠ ᠶᠢᠨ 17 ᠤ ᠡᠳᠦᠷ ᠠᠴᠠ 18 ᠤ ᠡᠳᠤᠷ᠂ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠩᠬᠠᠳᠤᠭᠠᠷ ᠬᠤᠭᠤᠴᠠᠭᠠᠨ ᠤ ᠠᠵᠢᠯᠴᠢᠨ ᠠᠵᠢᠯᠳᠠᠨ ᠤ ᠪᠡᠶ᠎ᠡ ᠲᠠᠮᠢᠷ ᠤᠨ ᠴᠤᠭᠯᠠᠭᠠᠨ ᠮᠠᠨ ᠤ ᠬᠤᠰᠢᠭᠤᠨ ᠤ ᠰᠤᠶᠤᠯ ᠲᠠᠮᠢᠷ ᠤᠨ ᠤᠷᠳᠤᠨ ᠳᠤ ᠠᠮᠵᠢᠯᠳᠠᠳᠠᠢ ᠶᠠᠪᠤᠭᠳᠠᠯ᠎ᠠ᠃      9 ᠰᠠᠷ᠎ᠠ ᠶᠢᠨ 17 ᠤ ᠡᠳᠦᠷ ᠤᠨ ᠡᠬᠢᠯᠡᠯᠳᠡ ᠶᠢᠨ ᠶᠤᠰᠤᠯᠠᠯ ᠳᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠬᠠᠷᠢᠭᠤᠴᠠᠯᠭᠠᠳᠠᠨ᠂ ᠪᠦᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠯ᠎ᠡ ᠬᠤᠰᠢᠭᠤ ᠲᠤᠭᠤᠷᠢᠭ ᠤᠨ 25 ᠲᠦᠯᠦᠭᠡᠯᠡᠭᠴᠢᠳ ᠤᠨ ᠲᠤᠭᠤᠶᠢᠯᠠᠩ ᠤᠨ 800 ᠭᠠᠷᠤᠢ ᠲᠠᠮᠢᠷᠴᠢᠳ ᠤᠷᠤᠯᠴᠠᠵᠤ ᠦᠤᠰᠢᠨ ᠬᠤᠰᠢᠭᠤᠨ ᠤ ᠮᠤᠷᠢᠨ ᠬᠤᠭᠤᠷ ᠤᠨ ᠰᠢᠮᠫᠤᠨᠢ ᠨᠠᠶᠢᠷᠠᠯ ᠪᠦᠯᠭᠦᠮ ᠤᠨ ︽ᠲᠦᠮᠡᠨ ᠠᠭᠲᠠ ᠶᠢᠨ ᠲᠦᠪᠡᠷᠭᠡᠨ︾ ᠭᠡᠭᠦ ᠠᠶ᠎ᠠ ᠶᠢᠨ ᠲᠤᠮᠲᠠ ᠬᠦᠰᠢᠭᠡ ᠪᠠᠨ ᠰᠡᠭᠦᠭᠰᠡᠨ ᠪᠠᠶᠢᠨ᠎ᠠ᠃      ᠡᠨᠡ ᠤᠳᠠᠭᠠᠨ ᠤ ᠲᠠᠮᠢᠷ ᠤᠨ ᠴᠤᠭᠯᠠᠭᠠᠨ ᠳᠤ ᠬᠦᠨᠳᠤ ᠬᠦᠩᠭᠡᠨ ᠤ 6 ᠲᠦᠷᠥᠯ ᠤᠨ ᠤᠷᠤᠯᠳᠤᠭᠠᠨ᠂ ᠪᠦᠮᠪᠦᠭᠡᠨ ᠤ 5 ᠲᠦᠷᠥᠯ ᠤᠨ ᠤᠷᠤᠯᠳᠤᠭᠠᠨ᠂ ᠤᠯᠠᠨ ᠨᠠᠶᠢᠳᠡ ᠶᠢᠨ ᠰᠤᠨᠢᠷᠬᠠᠯᠳᠤ ᠬᠦᠳᠡᠯᠭᠡᠭᠡᠨ ᠵᠡᠷᠭᠡ 12 ᠲᠦᠷᠥᠯ ᠤᠨ ᠤᠷᠤᠯᠳᠤᠭᠠᠨ ᠶᠠᠪᠤᠭᠳᠠᠵᠠᠢ᠃ ᠡᠨᠡ ᠨᠢ ᠡᠯ᠎ᠡ ᠭᠠᠵᠠᠷ ᠤᠷᠤᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠤᠭᠤᠷᠤᠨᠳᠤᠭᠢ ᠪᠦᠯᠭᠦᠮᠳᠡᠨ ᠨᠢᠭᠳᠠᠷᠠᠵᠤ ᠬᠠᠷᠢᠯᠴᠠᠨ ᠰᠤᠯᠢᠯᠴᠠᠵᠤ ᠭᠠᠷ ᠬᠤᠯᠪᠤᠨ ᠬᠠᠮᠳᠤ ᠪᠠᠷ ᠤᠷᠤᠭᠰᠢᠯᠠᠬᠤ ᠶᠢ ᠠᠬᠢᠭᠤᠯᠤᠨ ᠪᠥᠭᠦ ᠬᠤᠳᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠠᠵᠢᠯᠴᠢᠨ ᠠᠵᠢᠯᠳᠡᠨ ᠬᠠᠮᠳᠤ ᠪᠠᠷ ᠦᠷᠢᠰᠤᠯᠳᠤᠭᠦ᠂ ᠬᠠᠶᠢᠷ᠎ᠠ ᠰᠡᠳᠬᠢᠯᠭᠡ ᠪᠠᠨ ᠰᠤᠯᠢᠯᠴᠠᠵᠤ ᠨᠦᠭᠦᠷᠯᠠᠯ ᠢᠶᠠᠨ ᠵᠤᠵᠠᠭᠠᠳᠬᠠᠬᠤ ᠬᠦᠭᠦᠷᠭᠡ ᠬᠤᠯᠪᠤᠭᠠᠰᠤ ᠪᠤᠯᠵᠤ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠲᠠᠪᠴᠠᠩ ᠪᠤᠯᠤᠭᠰᠠᠨ ᠪᠠᠶᠢᠨ᠎ᠠ᠃      9 ᠰᠠᠷ᠎ᠠ ᠶᠢᠨ 18 ᠤ ᠡᠳᠦᠷ ᠬᠤᠰᠢᠭᠤ ᠳᠡᠳ᠋ ᠳᠠᠷᠤᠭ᠎ᠠ ᠯᠢᠦ ᠵᠧᠩ᠂ ᠤᠷᠳᠤᠰ ᠬᠤᠳᠠ ᠶᠢᠨ ᠭᠠᠶᠢᠯᠢ ᠶᠢᠨ ᠶᠠᠪᠤᠳᠠᠯ ᠤᠨ ᠬᠠᠷᠢᠭᠤᠴᠠᠯᠭᠠᠳᠠᠨ᠂ ᠪᠦᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠯ᠎ᠡ ᠲᠠᠮᠢᠷᠴᠢᠳ ᠲᠡᠭᠦᠰᠬᠦ ᠶᠤᠰᠤᠯᠠᠯ ᠳᠤ ᠤᠷᠤᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号