9 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ | ᠤᠷᠤᠨ ᠲᠤᠭ᠎ᠠ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠢᠤᠢ ᠬᠤᠸᠠ ᠨᠠᠷ ᠮᠠᠨ ᠤ ᠬᠤᠰᠢᠭᠤᠨ ᠳᠤ | ᠢᠷᠡᠵᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠪᠠᠶᠢᠭᠤᠯᠤᠯ ᠤᠨ ᠲᠤᠭᠳᠠᠯᠴᠠᠭ᠎ᠠ ᠶᠢᠨ ᠡᠷᠭᠢᠯᠳᠠ᠂ | ᠨᠡᠭᠡᠭᠡᠯᠲᠡ ᠶᠢᠨ ᠣᠷᠣᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠢᠷᠤᠮᠵᠢᠯ᠂ | ᠬᠠᠷᠢᠴᠠᠩᠭᠤᠶ ᠲᠥᠪᠯᠡᠷᠡᠭᠰᠡᠨ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢᠨ ᠠᠬᠢᠭᠤᠯᠤᠯᠲᠠ ᠪᠠ ᠰᠤᠮᠤ | ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ | ᠰᠤᠳᠤᠯᠤᠯᠳᠠ ᠭᠢᠭᠦ ᠶᠢᠨ ᠬᠠᠮᠳᠤ ᠪᠠᠶᠢᠴᠠᠭᠠᠨ ᠰᠤᠳᠤᠯᠤᠯᠳᠠ ᠶᠢᠨ ᠰᠠᠭᠤᠳᠠᠯ ᠤᠨ ᠬᠤᠷᠠᠯ ᠬᠤᠷᠠᠯᠳᠤᠭᠤᠯᠵᠤ ᠮᠠᠨ ᠤ | ᠬᠤᠰᠢᠭᠤᠨ ᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠥᠯᠳᠠ ᠶᠢ ᠰᠣᠨᠣᠰᠤᠭᠰᠠᠨ ᠪᠥᠭᠡᠳ | ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ | ᠪᠠᠶᠢᠩᠭᠤ ᠶᠢᠨ ᠠᠵᠢᠯ ᠤᠨ ᠳᠡᠳ᠋ ᠳᠠᠷᠤᠭ᠎ᠠ ᠸᠠᠩ ᠰᠢᠤᠸᠠᠢ ᠹᠧᠩ᠂ ᠬᠤᠲᠠ ᠶᠢᠨ ᠨᠠᠮ ᠤᠨ ᠬᠤᠷᠢᠶᠠᠨ ᠤ | ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠤᠶᠤᠨᠳᠠᠯᠠᠢ᠂ ᠳᠡᠳ᠋ ᠡᠷᠬᠢᠯᠡᠭᠴᠢ | ᠰᠤᠶᠤᠯ᠎ᠠ ᠪᠠᠷᠠᠳᠠᠨ ᠪᠠᠶᠢᠴᠠᠭᠠᠨ ᠰᠤᠳᠤᠯᠤᠯᠲᠠ ᠬᠢᠪᠡ᠃ | | | | | | | ᠬᠤᠷᠠᠯ ᠳᠡᠭᠡᠷ᠎ᠡ᠂ ᠡᠷᠳᠡᠨᠢᠪᠢᠯᠢᠭ ᠪᠠᠶᠢᠭᠤᠯᠤᠮᠵᠢ ᠶᠢᠨ ᠥᠭᠡᠷᠡᠴᠢᠯᠡᠯᠲᠡ᠂ ᠨᠡᠭᠡᠭᠡᠯᠲᠡ ᠶᠢᠨ ᠤᠷᠤᠨ ︵ | ᠬᠦᠷᠢᠶᠡᠯᠡᠩ ᠲᠣᠭᠤᠷᠢᠭ︶ ᠤ ᠡᠷᠭᠢᠯᠳᠠ᠂ ᠬᠠᠷᠢᠴᠠᠩᠭᠤᠶ ᠲᠥᠪᠯᠡᠷᠡᠭᠰᠡᠨ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠪᠠ ᠰᠤᠮᠤ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠣᠷᠣᠰᠢᠵᠤ ᠪᠠᠶᠢᠭ᠎ᠠ | ᠠᠰᠠᠭᠤᠳᠠᠯ ᠤᠨ ᠰᠠᠨᠠᠯ ᠰᠠᠨᠠᠭᠤᠯᠤᠮᠵᠢ ᠳᠤ ᠨᠠᠷᠢᠨ ᠬᠠᠷᠢᠭᠤ ᠮᠡᠳᠡᠭᠦᠯᠦᠯᠲᠡ ᠬᠢᠵᠡᠶ᠃ 2 ᠨᠡᠭᠡᠭᠡᠯᠲᠡ ᠶᠢᠨ ᠣᠷᠣᠨ ︵ | ᠬᠦᠷᠢᠶᠡᠯᠡᠩ ᠲᠣᠭᠤᠷᠢᠭ︶᠂ 2 ᠰᠤᠮᠤ ᠪᠠᠯᠭᠠᠰᠤ ᠪᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 5 | ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠪᠠᠶᠢᠴᠠᠭᠠᠨ ᠰᠤᠳᠤᠯᠤᠯᠲᠠ ᠶᠢᠨ | ᠠᠭᠤᠯᠭ᠎ᠠ ᠶᠢᠨ ᠲᠤᠬᠠᠶ ᠶᠠᠷᠢᠶ᠎ᠠ ᠲᠠᠯᠪᠢᠨ ᠰᠤᠯᠢᠯᠴᠠᠪᠠ᠃ | | | | | | | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢᠦ ᠢᠤᠢ ᠬᠤᠸᠠ ᠮᠠᠨ ᠤ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ | ᠬᠦᠢᠴᠡᠳ ᠨᠤᠲᠠᠯᠠᠭᠰᠠᠨ ᠤ ᠬᠠᠮᠲᠤ ᠬᠤᠶᠢᠰᠢᠳᠠ ᠶᠢᠨ ᠪᠠᠶᠢᠭᠤᠯᠤᠮᠵᠢ ᠤᠨ ᠣᠷᠣᠨ ᠲᠤᠭᠠᠨ ᠤ ᠠᠵᠢᠯ ᠢ ᠰᠠᠶᠢᠲᠤᠷ | ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠯᠢᠦ ᠢᠤᠢ ᠬᠤᠸᠠ ᠵᠢᠭᠠᠵᠤ ᠭᠠᠷᠭᠠᠬᠤ ᠳᠤ ᠪᠠᠨ᠂ | ᠣᠳᠣᠬᠠᠨ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠳᠠᠬᠢᠨ | ᠪᠠᠶᠢᠭᠤᠯᠵᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠪᠡᠶᠠᠯᠡᠭᠦᠯᠥᠭᠰᠠᠨ ᠨᠢ ᠵᠦᠪᠬᠡᠨ ︽ | ᠦᠩᠭᠡᠨ︾ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠤ᠂ ᠵᠠᠯᠭᠠᠭᠠᠳ ᠪᠠᠰᠠ ᠶᠡᠭᠡ ᠬᠡᠮᠵᠢᠶᠡᠨ ᠤ ᠠᠵᠢᠯ ᠬᠢᠬᠦ | ᠴᠢᠬᠤᠯᠠᠲᠠᠶ ᠪᠠᠶᠢᠨ᠎ᠠ᠃ ᠨᠢᠭᠡ ᠳᠤ᠂ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ︽ᠭᠤᠷᠪᠠ ᠶᠢ ᠲᠣᠭᠲᠠᠭᠠᠬᠤ︾ ᠲᠣᠭᠲᠠᠭᠠᠯ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠥᠢᠴᠡᠳᠭᠡᠵᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠶ︔ ᠬᠤᠶᠠᠷ ᠲᠤ᠂ ᠬᠠᠮᠢᠶ᠎ᠠ ᠪᠦᠬᠦᠢ ᠲᠥᠬᠦᠷ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ ᠬᠤᠰᠢᠭᠤ | ᠲᠣᠭᠤᠷᠢᠭ ᠨᠢ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠤᠷᠢᠳᠴᠢᠯᠠᠨ ᠲᠥᠯᠥᠪᠯᠡᠵᠦ ᠰᠤᠮᠤ | ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠠᠬᠢᠭᠤᠯᠤᠨ | ᠡᠯ᠎ᠡ ᠲᠥᠷᠥᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠦᠯᠦᠪᠯᠡᠵᠤ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ︔ ᠭᠤᠷᠪᠠ ᠳᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠲᠤᠭᠳᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ ᠬᠦᠷᠢᠶᠡᠯᠡᠩ ᠲᠣᠭᠤᠷᠢᠭ ᠤᠨ ᠲᠥᠷᠥᠯ ᠬᠤᠪᠢᠶᠠᠬᠤ | ᠂ ᠬᠥᠳᠡᠯᠦᠩᠭᠦᠶ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠬᠤ᠂ ᠬᠦᠷᠢᠶᠡᠯᠡᠩ ᠲᠣᠭᠤᠷᠢᠭ ᠯᠤᠭ᠎ᠠ | ᠲᠣᠬᠢᠷᠠᠯᠴᠠᠭᠰᠠᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠤᠬᠢᠷᠠᠭᠤᠯᠤᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠲᠤᠭᠳᠠᠯᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠬᠤ ᠬᠡᠷᠡᠭᠲᠡᠶ᠃ | ᠲᠦᠷᠪᠡ ᠳᠤ᠂ ᠪᠠᠶᠢᠭᠤᠯᠤᠮᠵᠢ ᠣᠷᠣᠨ ᠲᠤᠭᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ | ᠪᠠᠶᠢᠭᠤᠯᠤᠮᠵᠢ ᠣᠷᠣᠨ ᠲᠤᠭ᠎ᠠ ᠶᠢᠨ ᠰᠠᠨᠠᠭᠠᠴᠢᠯᠠᠭ᠎ᠠ᠂ ᠨᠤᠲᠠᠯᠠᠯᠲᠠ᠂ ᠬᠢᠨᠠᠨ ᠵᠥᠪᠯᠡᠵᠦ ᠲᠣᠭᠲᠠᠭᠠᠬᠤ᠂ ᠵᠣᠬᠢᠶᠠᠨ | ᠪᠠᠢᠭᠤᠯᠵᠤ ᠬᠡᠷᠡᠭᠵᠢᠭᠦᠯᠬᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ ᠪᠠᠶᠢᠭᠤᠯᠤᠮᠵᠢ ᠣᠷᠣᠨ ᠲᠤᠭᠠᠨ ᠤ ᠠᠵᠢᠯ ᠢ ᠬᠠᠤᠯᠢᠵᠢᠭᠤᠯᠬᠤ ᠶᠢ ᠲᠦᠷᠭᠡᠳᠬᠡᠨ ᠠᠬᠢᠭᠤᠯᠬᠤ | ᠬᠡᠷᠡᠭᠲᠡᠶ ᠭᠡᠵᠡᠢ᠃ | | | | | | | |