ᠲᠦᠪ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠬᠤᠷᠡᠯ ᠵᠢᠴᠢ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠦ ᠶᠡᠭᠡ ᠬᠤᠷᠡᠯ ᠳᠡᠭᠡᠷᠡᠭᠢ ᠶᠠᠷᠢᠶ᠎ᠠ
ᠨᠡᠶᠢᠲᠡᠯᠡᠭᠰᠡᠨ ᠴᠠᠭ᠄
2019-09-23
ᠲᠦᠪ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠬᠤᠷᠡᠯ ᠵᠢᠴᠢ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠦ ᠶᠡᠭᠡ ᠬᠤᠷᠡᠯ ᠳᠡᠭᠡᠷᠡᠭᠢ ᠶᠠᠷᠢᠶ᠎ᠠ                              ︵2019 ᠣᠨ ᠤ 9 ᠰᠠᠷ᠎ᠠ ᠶᠢᠨ 20 ᠤ ᠡᠳᠦᠷ︶                                            ᠰᠢ ᠶᠢᠨ ᠫᠢᠩᠨᠦᠬᠦᠳ ᠡ᠂ ᠨᠠᠶᠢᠵᠠ ᠨᠠᠷ ᠡ᠄      ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠬᠤ ᠲᠠᠰᠢᠷᠠᠮ ᠳᠤ᠂ ᠡᠨᠡ ᠬᠦ ᠬᠤᠷᠠᠯ ᠢ ᠬᠤᠷᠠᠯᠳᠤᠭᠤᠯᠤᠭᠰᠠᠨ ᠤ ᠵᠤᠷᠢᠯᠭ᠎ᠠ ᠨᠢ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠵᠦ᠂ ᠠᠮᠵᠢᠯᠳᠠ ᠪᠠᠨ ᠡᠷᠬᠢᠴᠡᠬᠦᠯᠵᠦ᠂ ᠲᠤᠷᠰᠢᠯᠭ᠎ᠠ ᠪᠠᠨ ᠳ᠋ᠦᠩᠨᠡᠨ᠂ ᠢᠳᠡᠭᠡᠯ ᠢᠶᠠᠨ ᠪᠠᠳᠤᠳᠬᠠᠵᠦ᠂ ᠰᠢᠨ᠎ᠠ ᠴᠠᠭ ᠦᠶ᠎ᠠ ᠳᠤ ᠠᠷᠠᠳ ᠤᠨ ᠤᠯᠤᠰ ᠲᠦᠷᠦ ᠶᠢᠨ ᠵᠦᠪᠯᠡᠯᠭᠡᠨ ᠢ ᠴᠢᠩᠭᠠᠳᠬᠠᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠬᠤ ᠶᠢᠨ ᠲᠦᠯᠦᠭᠡ ᠶᠤᠮ᠃      70 ᠵᠢᠯ ᠤᠨ ᠡᠮᠦᠨᠡᠬᠢ 9 ᠰᠠᠷ᠎ᠠ ᠳᠤ᠂ ᠳᠤᠮᠳᠠᠳᠤ ᠤᠯᠤᠰ ᠤᠨ ᠠᠷᠠᠳ ᠲᠦᠮᠡᠨ ᠦᠨᠳᠦᠰᠦᠳᠡᠨ ᠤ ᠲᠤᠰᠠᠭᠠᠷ ᠲᠤᠬᠳᠠᠨᠢᠯ ᠪᠠ ᠠᠷᠠᠳ ᠲᠥᠮᠡᠨ ᠤ ᠴᠢᠯᠦᠭᠡᠯᠡᠯᠳᠠ ᠶᠢ ᠲᠡᠮᠡᠴᠡᠨ ᠤᠯᠤᠭᠰᠠᠨ ᠲᠡᠦᠭᠡᠲᠦ ᠴᠢᠨᠠᠷᠳᠠᠢ ᠢᠯᠠᠯᠳᠠ ᠶᠢᠨ ᠳᠠᠭᠤᠤ ᠶᠢᠨ ᠳᠤᠮᠳᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠩᠬᠠᠳᠤᠭᠠᠷ ᠬᠤᠭᠤᠴᠠᠭᠠᠨ ᠤ ᠪᠦᠬᠦᠳᠠ ᠬᠤᠷᠠᠯ ᠬᠤᠷᠠᠯᠳᠤᠬᠰᠠᠨ ᠶᠤᠮ᠃ ᠮᠠᠤ ᠽᠧ ᠳ᠋ᠦᠩ ᠨᠦᠬᠦᠷ ᠬᠤᠷᠠᠯ ᠡᠬᠢᠯᠡᠬᠦ ᠦᠭᠡ ᠬᠡᠯᠡᠬᠦ ᠳᠡᠭᠡᠨ᠂ ᠪᠢᠳᠠᠨ ᠤ ᠠᠵᠢᠯ ᠬᠦᠮᠦᠨ ᠲᠦᠷᠦᠯᠬᠢᠳᠡᠨ ᠤ ᠲᠡᠦᠭᠡᠨ ᠳᠡᠭᠡᠷ᠎ᠠ ᠳᠡᠮᠳᠡᠭᠯᠡᠭᠳᠡᠬᠦ ᠪᠤᠯᠤᠨ᠎ᠠ᠂ ᠲᠡᠷᠡ ᠨᠢ᠄ ᠬᠦᠮᠦᠨ ᠲᠦᠷᠦᠯᠬᠢᠳᠡᠨ ᠤ ᠶᠡᠷᠦᠩᠬᠡᠢ ᠲᠤᠭᠠᠨ ᠤ ᠲᠦᠷᠪᠡᠨ ᠤ ᠨᠢᠭᠡ ᠬᠤᠪᠢ ᠶᠢ ᠡᠵᠡᠯᠡᠵᠦ ᠪᠠᠶᠢᠭ᠎ᠠ ᠳᠤᠮᠳᠠᠳᠤᠴᠤᠳ ᠡᠬᠦᠨ ᠠᠴᠠ ᠡᠬᠢᠯᠡᠨ ᠪᠤᠰᠴᠦ ᠵᠤᠬᠰᠤᠭᠰᠠᠨ ᠢ ᠬᠠᠷᠠᠭᠤᠯᠵᠦ ᠪᠠᠶᠢᠨ᠎ᠠ ᠭᠡᠵᠦ ᠤᠮᠤᠭ ᠳᠡᠬᠦᠯᠳᠡᠷ ᠲᠤᠩᠬᠠᠬᠯᠠᠵᠠᠢ᠃      ᠠᠳᠡ ᠪᠢ ᠨᠠᠮ ᠤᠨ ᠲᠦᠪ ᠬᠤᠷᠢᠶᠡᠨ ᠤ ᠡᠮᠤᠨ᠎ᠡ ᠠᠴᠠ᠂ ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠤᠷᠠᠯ ᠪᠠᠶᠢᠭᠤᠯᠤᠬᠳᠠᠭᠰᠠᠠ 70 ᠵᠢᠯ ᠤᠨ ᠤᠢ ᠳᠤ ᠬᠠᠯᠠᠭᠤᠨ ᠪᠠᠶᠠᠷ ᠬᠦᠷᠬᠡᠵᠥ ᠪᠠᠶᠢᠨ᠎ᠠ︕ ᠠᠷᠠᠳ ᠤᠨ ᠤᠯᠤᠰ ᠲᠦᠷᠦ ᠶᠢᠨ ᠵᠦᠪᠯᠡᠯᠭᠡᠨ ᠳᠤ ᠤᠷᠤᠯᠴᠠᠭᠰᠠᠠ ᠡᠯ᠎ᠡ ᠨᠠᠮ ᠪᠦᠯᠥᠭ ᠪᠦᠯᠬᠦᠮ᠂ ᠡᠯ᠎ᠡ ᠦᠨᠳᠦᠰᠦᠳᠡᠨ ᠡᠯ᠎ᠡ ᠡᠳᠡᠭᠡᠳ ᠤᠨ ᠬᠦᠮᠥᠰ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ ᠲᠡᠬᠦᠤ ᠨᠠᠷ᠂ ᠤᠤᠮᠧᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠠᠬ᠎ᠠ ᠲᠡᠬᠦᠤ ᠨᠠᠷ᠂ ᠲᠠᠶᠢᠸᠠᠨ ᠤ ᠠᠬ᠎ᠠ ᠲᠡᠬᠦᠤ ᠨᠠᠷ ᠪᠤᠯᠤᠨ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠠᠷᠢᠶᠠᠳᠤ ᠠᠬ᠎ᠠ ᠲᠡᠬᠦᠤ ᠨᠡᠷ ᠲᠤ ᠴᠢᠩ ᠰᠡᠳᠬᠢᠯ ᠤᠨ ᠮᠡᠨᠳᠤᠴᠢᠯᠡᠯ ᠬᠦᠷᠬᠡᠵᠦ ᠪᠠᠶᠢᠨ᠎ᠠ︕      ᠡᠨᠡ ᠬᠦ ᠮᠦᠴᠡ ᠳᠤ᠂ ᠪᠢᠳᠠ ᠦᠨᠳᠦᠰᠦᠳᠡᠨ ᠤ ᠲᠤᠰᠠᠭᠠᠷ ᠲᠤᠭᠳᠠᠨᠢᠯ᠂ ᠠᠷᠠᠳ ᠲᠦᠮᠡᠨ ᠤ ᠴᠢᠯᠦᠭᠡᠯᠡᠯᠳᠠ ᠪᠠ ᠤᠯᠤᠰ ᠤᠷᠤᠨ ᠤ ᠪᠠᠶᠠᠨ ᠬᠦᠴᠦᠷᠭᠡᠭ᠂ ᠠᠷᠠᠳ ᠲᠦᠮᠡᠨ ᠤ ᠵᠤᠯ ᠵᠢᠷᠭᠠᠯ ᠤᠨ ᠲᠦᠯᠦᠭᠡ ᠪᠠᠭᠠᠳᠤᠷᠯᠢᠭ ᠢᠶᠠᠷ ᠲᠡᠮᠡᠴᠡᠭᠰᠡᠨ ᠬᠤᠪᠢᠰᠬᠠᠯ ᠤᠨ ᠤᠷᠢᠳᠤᠰ ᠪᠠ ᠴᠢᠩ ᠵᠤᠷᠢᠬᠳᠠᠳ ᠢ ᠬᠦᠨ᠎ᠠ ᠲᠤᠷᠠᠰᠴᠦ᠂ ᠮᠠᠤ ᠽᠧ ᠳ᠋ᠦᠩ ᠨᠦᠬᠦᠷ᠂ ᠵᠸᠦ ᠡᠸ᠋ᠨ ᠯᠠᠢ ᠨᠦᠬᠦᠷ᠂ ᠳ᠋ᠧᠩ ᠰᠢᠶᠤᠤ ᠫᠢᠩ ᠨᠦᠬᠦᠷ᠂ ᠳ᠋ᠧᠩ ᠶᠢᠩ ᠴᠤᠤ ᠨᠦᠬᠦᠷ᠂ ᠯᠢ ᠰᠢᠶᠠᠨ ᠨᠢᠶᠠᠨ ᠨᠦᠬᠦᠷ ᠵᠡᠷᠭᠡ ᠠᠬᠠᠮᠠᠳ ᠨᠢᠭᠡ ᠦᠶ᠎ᠠ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠤᠨ ᠭᠠᠷᠮᠠᠭᠠᠢ ᠤᠳᠤᠷᠢᠳᠬᠤ ᠬᠦᠮᠦᠰ ᠢ ᠬᠦᠨ᠎ᠠ ᠰᠠᠨᠠᠭᠠᠯᠵᠠᠵᠦ ᠪᠠᠶᠢᠨ᠎ᠠ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠪᠠ ᠤᠯᠠᠨ ᠨᠠᠮ ᠬᠠᠮᠳᠤᠷᠠᠨ ᠠᠵᠢᠯᠯᠠᠬᠤ ᠦᠢᠯᠡᠰ ᠤᠨ ᠲᠦᠯᠦᠭᠡ ᠬᠤᠪᠢ ᠨᠡᠮᠡᠷᠢ ᠦᠵᠡᠬᠦᠯᠦᠭᠰᠡᠨ ᠠᠯᠢᠪᠠ ᠬᠦᠮᠦᠰ ᠢ ᠪᠢᠲᠠ ᠡᠬᠦᠷᠢᠳᠠ ᠮᠠᠷᠳᠠᠵᠦ ᠪᠤᠯᠬᠤ ᠦᠭᠡᠢ︕      ᠨᠦᠬᠦᠳ ᠡ᠂ ᠨᠠᠶᠢᠵᠠ ᠨᠠᠷ ᠡ︕      ᠠᠷᠠᠳ ᠤᠨ ᠤᠯᠤᠰ ᠲᠦᠷᠦ ᠶᠢᠨ ᠵᠦᠪᠯᠡᠯᠬᠡᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠮᠠᠷᠺᠰ ᠯᠧᠨᠢᠨ ᠤ ᠦᠵᠡᠯ ᠤᠨ ᠨᠢᠬᠡᠳᠤᠮᠡᠯ ᠹᠷᠤᠨᠲ ᠤᠨ ᠤᠨᠤᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠬᠰᠠᠠ ᠤᠯᠤᠰ ᠲᠦᠷᠦ ᠶᠢᠨ ᠤᠨᠤᠯ ᠢ ᠲᠤᠮᠳᠠᠳᠤ ᠤᠯᠤᠰ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠬᠰᠠᠠ ᠠᠭᠤᠤ ᠶᠡᠭᠡ ᠦᠷ᠎ᠡ ᠪᠦᠳᠦᠬᠡᠯ ᠮᠥᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠯ᠎ᠡ ᠠᠷᠠᠳᠴᠢᠯᠠᠬᠰᠠᠠ ᠨᠠᠮ ᠪᠦᠯᠥᠭ᠂ ᠨᠠᠮ ᠪᠦᠯᠥᠭ ᠤᠨ ᠪᠤᠰᠤ ᠬᠦᠮᠥᠰ᠂ ᠠᠷᠠᠳ ᠤᠨ ᠪᠦᠯᠬᠦᠮ ᠪᠤᠯᠤᠨ ᠡᠯ᠎ᠡ ᠦᠨᠳᠦᠰᠦᠳᠡᠨ ᠡᠯ᠎ᠡ ᠡᠳᠡᠭᠡᠳ ᠤᠨ ᠬᠦᠮᠥᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠶᠠᠪᠤᠭᠤᠯᠤᠭᠰᠠᠨ ᠠᠭᠤᠤ ᠶᠡᠭᠡ ᠡᠬᠦᠳᠦᠯᠳᠡ ᠮᠥᠨ᠃ 70 ᠵᠢᠯ ᠤᠨ ᠲᠤᠷᠰᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠡ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠬᠢᠨ ᠪᠦᠯᠬᠦᠮᠳᠡᠯ ᠪᠠ ᠠᠷᠠᠳᠴᠢᠯᠠᠯ ᠬᠡᠬᠦ ᠬᠤᠶᠠᠷ ᠶᠡᠭᠡ ᠭᠤᠤᠯ ᠰᠡᠳᠤᠪ ᠢ ᠪᠠᠷᠢᠮᠳᠠᠯᠠᠨ᠂ ᠨᠠᠮ ᠪᠠ ᠤᠯᠤᠰ ᠤᠨ ᠭᠤᠤᠯ ᠡᠬᠦᠷᠬᠡ ᠳᠤ ᠦᠢᠯᠡᠴᠢᠯᠡᠵᠥ᠂ ᠰᠢᠨ᠎ᠡ ᠲᠤᠮᠳᠠᠳᠤ ᠤᠯᠤᠰ ᠢ ᠪᠠᠶᠢᠭᠤᠯᠬᠤ ᠪᠠ ᠨᠡᠶᠢᠬᠡᠮ ᠵᠢᠷᠤᠮᠳᠤ ᠬᠤᠪᠢᠰᠬᠠᠯ᠂ ᠪᠦᠳᠦᠬᠡᠨ ᠪᠠᠶᠢᠭᠤᠯᠤᠯᠳᠠ᠂ ᠦᠬᠡᠷᠡᠴᠢᠯᠡᠯᠳᠡ ᠶᠢᠨ ᠡᠯ᠎ᠡ ᠲᠡᠤᠬᠡᠨ ᠴᠠᠭ ᠦᠶ᠎ᠠ ᠳᠤ ᠲᠦᠢᠯ ᠤᠨ ᠴᠢᠬᠤᠯᠠ ᠦᠢᠯᠡᠳᠦᠯ ᠦᠵᠡᠬᠦᠯᠵᠡᠢ᠃      ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠠᠩᠬᠠᠳᠤᠭᠠᠷ ᠬᠤᠭᠤᠴᠠᠭᠠᠨ ᠤ ᠪᠦᠬᠦᠳᠠ ᠬᠤᠷᠠᠯ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠤᠯᠤᠨ ᠡᠷᠬᠡ ᠶᠢ ᠤᠷᠤᠯᠠᠨ ᠬᠦᠢᠴᠡᠳᠭᠡᠵᠦ᠂ ᠰᠢᠨ᠎ᠠ ᠳᠤᠮᠳᠠᠳᠤ ᠤᠯᠤᠰ ᠮᠡᠨᠳᠦᠯᠡᠬᠦ ᠳᠤ ᠪᠦᠬᠦ ᠲᠠᠯ᠎ᠠ ᠶᠢᠨ ᠪᠡᠯᠡᠳᠭᠡᠯ ᠬᠢᠵᠦ ᠦᠭᠴᠠᠢ᠃ ᠬᠤᠷᠠᠯ ᠠᠴᠠ ᠲᠦᠷ ᠴᠠᠭ ᠤᠨ ᠦᠨᠳᠦᠰᠦᠨ ᠬᠠᠤᠯᠢ ᠶᠢᠨ ᠰᠢᠨᠵᠢ ᠴᠢᠨᠠᠷ ᠲᠠᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠬᠠᠮᠳᠦ ᠶᠢᠨ ᠬᠦᠳᠦᠯᠪᠦᠷᠢ ᠪᠠ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠤᠨ ᠵᠤᠬᠢᠶᠠᠨ ᠪᠠᠶᠢᠭᠤᠯᠬᠤ ᠬᠠᠤᠯᠢ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠠᠷᠠᠳ ᠤᠨ ᠵᠠᠰᠠᠭ ᠤᠨ ᠤᠷᠳᠤᠨ ᠤ ᠵᠤᠬᠢᠶᠠᠨ ᠪᠠᠶᠢᠭᠤᠯᠬᠤ ᠬᠠᠤᠯᠢ ᠶᠢ ᠪᠠᠳᠤᠯᠠᠵᠦ᠂ ᠤᠯᠤᠰ ᠤᠨ ᠨᠡᠶᠢᠰᠯᠡᠯ᠂ ᠤᠯᠤᠰ ᠤᠨ ᠲᠤᠭ᠂ ᠤᠯᠤᠰ ᠤᠨ ᠰᠦᠯᠳᠠ ᠳᠠᠭᠤᠤ᠂ ᠤᠨ ᠲᠡᠮᠳᠡᠭᠯᠡᠬᠦ ᠲᠤᠬᠠᠢ ᠰᠢᠢᠳᠪᠤᠷᠢ ᠶᠢ ᠲᠤᠬᠳᠠᠭᠠᠵᠤ᠂ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ ᠪᠠ ᠲᠦᠪ ᠤᠨ ᠠᠷᠠᠳ ᠤᠨ ᠵᠠᠰᠠᠭ ᠤᠨ ᠤᠷᠳᠤᠨ ᠤ ᠵᠦᠪᠯᠡᠯ ᠢ ᠰᠤᠩᠭᠤᠨ ᠭᠠᠷᠭᠠᠪᠠ᠃ ᠡᠨᠡ ᠨᠢ ᠮᠦᠨ ᠴᠤ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠵᠢᠩᠬᠢᠨᠢ ᠪᠠᠷ ᠲᠤᠭᠳᠠᠭᠠᠭᠳᠠᠭᠰᠠᠨ ᠢ ᠬᠠᠷᠠᠭᠤᠯᠵᠦ ᠪᠠᠶᠢᠨ᠎ᠠ᠃ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠤᠯᠤᠰ ᠠᠷᠠᠳ ᠤᠨ ᠠᠵᠤ ᠠᠬᠤᠢ ᠶᠢ ᠰᠡᠷᠬᠦᠭᠡᠨ ᠬᠦᠭᠵᠢᠬᠦᠯᠬᠦ᠂ ᠰᠢᠨᠡᠬᠡᠨ ᠮᠡᠨᠳᠦᠯᠡᠭᠰᠡᠡ ᠠᠷᠠᠳ ᠤᠨ ᠵᠠᠰᠠᠭ ᠤᠨ ᠡᠷᠭᠡ ᠶᠢ ᠪᠠᠬᠢᠵᠢᠬᠦᠯᠬᠦ᠂ ᠨᠡᠶᠢᠭᠡᠮ ᠵᠢᠷᠤᠮᠳᠦ ᠬᠤᠪᠢᠰᠬᠠᠯ ᠢ ᠪᠡᠶᠡᠯᠡᠬᠦᠯᠬᠦ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠤᠭᠳᠠᠭᠠᠬᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠵᠡᠢ᠃ 1954 ᠤᠨ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠳᠤᠮᠳᠠ ᠦᠷᠬᠦᠯᠵᠢᠯᠡᠨ ᠭᠠᠷᠮᠠᠭᠠᠢ ᠦᠷ᠎ᠠ ᠪᠦᠳᠦᠮᠵᠢ ᠲᠠᠢ ᠪᠠᠷ ᠠᠵᠢᠯ ᠢᠶᠠᠨ ᠦᠷᠨᠢᠬᠦᠯᠵᠡᠢ᠃      1978 ᠤᠨ ᠳᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠬᠤᠷᠠᠯᠳᠤᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠤᠨ ᠬᠦᠭᠵᠢᠯᠳᠠ ᠰᠢᠨ᠎ᠠ ᠴᠠᠭ ᠦᠶ᠎ᠠ ᠳᠤ ᠤᠷᠤᠪᠠ᠃ ᠨᠠᠮ ᠤᠨ ᠲᠦᠪ ᠬᠤᠷᠢᠶ᠎ᠠ ᠠᠴᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨᠵᠢ ᠴᠢᠨᠠᠷ᠂ ᠡᠬᠦᠷᠭᠡ᠂ ᠭᠤᠤᠯ ᠰᠡᠳᠦᠪ᠂ ᠡᠬᠦᠷᠭᠡ ᠴᠢᠳᠠᠪᠬᠢ ᠶᠢ ᠤᠯᠠᠮ ᠴᠢᠨᠠᠬᠰᠢᠳᠠ ᠳᠤᠳᠤᠷᠬᠠᠶᠢᠯᠠᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨᠵᠢ ᠴᠢᠨᠠᠷ ᠪᠠ ᠦᠢᠯᠡᠳᠦᠯ ᠢ ᠦᠨᠳᠦᠰᠦᠨ ᠬᠠᠤᠯᠢ ᠳᠤ ᠤᠷᠤᠭᠤᠯᠬᠤ ᠶᠢ ᠠᠬᠢᠭᠤᠯᠤᠨ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠭᠰᠠᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡ ᠬᠢᠬᠦ ᠪᠠᠶᠢᠭᠤᠯᠤᠯ ᠢ ᠮᠠᠨ ᠤ ᠤᠯᠤᠰ ᠤᠨ ᠨᠢᠭᠡ ᠵᠦᠢᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠢᠶᠠᠷ ᠲᠤᠭᠳᠠᠭᠠᠵᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠨᠠᠮ ᠤᠨ ᠤᠨᠤᠯ ᠪᠠ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠠᠯᠢᠪᠠ ᠢᠳᠡᠪᠬᠢ ᠬᠦᠴᠦᠨ ᠪᠦᠬᠦᠨ ᠢ ᠲᠠᠶᠢᠴᠢᠯᠠᠨ᠂ ᠠᠯᠢᠪᠠ ᠪᠦᠯᠬᠦᠮᠳᠡᠵᠦ ᠪᠤᠯᠬᠤ ᠬᠦᠴᠦᠨ ᠲᠠᠢ ᠪᠦᠯᠬᠦᠮᠳᠡᠨ᠂ ᠦᠭᠡᠷᠡᠴᠢᠯᠡᠯᠳᠠ ᠨᠡᠭᠡᠭᠡᠯᠳᠠ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤᠮᠳᠠ ᠴᠢᠬᠤᠯᠠ ᠬᠤᠪᠢ ᠨᠠᠮᠡᠷᠢ ᠦᠵᠡᠬᠦᠯᠪᠡ᠃      ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠵᠤ᠂ ᠨᠠᠮ ᠤᠨ ᠲᠦᠪ ᠬᠤᠷᠢᠶ᠎ᠡ ᠠᠴᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠤ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠳᠠ ᠬᠢᠵᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨᠵᠢ ᠴᠢᠨᠠᠷ ᠤᠨ ᠪᠠᠶᠢᠷᠢ ᠲᠤᠭᠳᠠᠭᠠᠯᠳᠠ ᠶᠢ ᠪᠠᠷᠢᠮᠳᠠᠯᠠᠨ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠪᠠᠷ ᠴᠢᠩᠭ᠎ᠠ ᠭᠤᠤᠯᠳᠠᠭᠤᠯᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠳᠠᠢ ᠤᠷᠤᠯᠴᠠᠨ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠠ ᠳᠤ ᠰᠡᠳᠬᠢᠯ ᠢ ᠨᠢᠬᠳᠠᠷᠠᠭᠤᠯᠤᠨ ᠬᠦᠴᠦ ᠶᠢ ᠬᠠᠮᠳᠤᠳᠬᠠᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠠ ᠪᠠᠶᠢᠳᠠᠯ ᠢ ᠡᠬᠦᠳᠴᠠᠢ᠃      ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠳᠤᠷᠰᠢᠯᠭ᠎ᠠ ᠪᠠᠨ ᠳ᠋ᠦᠩᠨᠡᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠲᠤᠷᠠᠳᠴᠠᠢ᠂ ᠭᠤᠤᠯᠳᠠᠭᠤ ᠲᠤᠤᠷᠠᠬᠢ ᠭᠡᠳᠦᠨ ᠲᠡᠯ᠎ᠡ ᠪᠠᠶᠢᠨ᠎ᠡ᠃      ᠨᠢᠭᠡ ᠳᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠡ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠤᠯ ᠡᠯ᠎ᠠ ᠠᠷᠠᠳᠴᠢᠯᠠᠬᠰᠠᠨ ᠨᠠᠮ ᠪᠦᠯᠦᠭ᠂ ᠡᠯ᠎ᠠ ᠪᠦᠯᠬᠦᠮ᠂ ᠡᠯ᠎ᠠ ᠦᠨᠳᠦᠰᠦᠳᠡᠨ᠂ ᠡᠯ᠎ᠠ ᠠᠩᠬᠢ ᠳᠠᠪᠬᠤᠷᠭ᠎ᠠ᠂ ᠡᠯ᠎ᠠ ᠡᠳᠡᠭᠡᠳ ᠤᠨ ᠬᠦᠮᠦᠰ ᠢ ᠪᠠᠭᠳᠠᠭᠠᠭᠰᠠᠨ ᠪᠦᠬᠦ᠋ᠢᠯᠡ ᠳᠤᠮᠳᠠᠳᠤ ᠤᠯᠤᠰ ᠤᠨ ᠠᠷᠠᠳ ᠲᠦᠮᠡᠨ ᠤ ᠬᠠᠮᠳᠦ ᠶᠢᠨ ᠰᠤᠩᠭᠤᠯᠳᠠ ᠮᠦᠨ᠂ ᠤᠯᠤᠰ ᠲᠦᠷᠦ ᠶᠢᠨ ᠵᠦᠪᠯᠡᠯᠭᠡᠨ ᠢ ᠪᠠᠶᠢᠭᠤᠯᠬᠤ ᠦᠶ᠎ᠠ ᠶᠢᠨ ᠤᠬ ᠰᠠᠨᠠᠭ᠎ᠠ ᠮᠦᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠬᠦᠭᠵᠢᠵᠤ ᠲᠠᠪᠰᠢᠬᠤ ᠶᠢᠨ ᠦᠨᠳᠦᠰᠦᠨ ᠪᠠᠳᠤᠯᠠᠭ᠎ᠠ ᠮᠦᠨ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠶᠢ ᠤᠯᠤᠰ ᠲᠦᠷᠦ ᠶᠢᠨ ᠵᠦᠪᠯᠡᠯᠭᠡᠨ ᠤ ᠪᠦᠬᠦ ᠠᠵᠢᠯ ᠳᠤᠮᠳᠠ ᠲᠤᠭᠤᠰᠢᠯᠠᠭᠤᠯᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠲᠤᠬᠠᠢ ᠨᠠᠮ ᠤᠨ ᠲᠦᠪ ᠬᠤᠷᠢᠶᠠᠨ ᠤ ᠡᠯ᠎ᠠ ᠲᠦᠷᠦᠯ ᠤᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠭᠡᠷᠡᠭᠲᠡᠢ᠃      ᠬᠤᠶᠠᠷ ᠲᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠰᠢᠨᠵᠢ ᠴᠢᠨᠠᠷ ᠤᠨ ᠪᠠᠶᠢᠷᠢ ᠲᠤᠬᠳᠠᠭᠠᠯᠳᠠ ᠶᠢ ᠤᠨᠤᠪᠴᠢᠳᠠᠢ ᠡᠵᠡᠮᠳᠡᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠨᠢᠭᠡᠳᠦᠮᠠᠯ ᠹᠷᠤᠨᠲ ᠤᠨ ᠵᠤᠬᠢᠶᠠᠨ ᠪᠠᠶᠢᠭᠤᠯᠤᠯᠳᠠ᠂ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡ ᠬᠢᠬᠦ ᠪᠠᠶᠢᠭᠤᠯᠤᠮᠵᠢ᠂ ᠠᠷᠠᠳ ᠤᠨ ᠠᠷᠠᠳᠴᠢᠯᠠᠯ ᠤᠨ ᠴᠢᠬᠤᠯᠠ ᠪᠡᠶᠡᠯᠡᠭᠳᠡᠬᠦ ᠬᠡᠯᠪᠡᠷᠢ ᠪᠤᠯᠤᠭᠰᠠᠨ ᠤ ᠬᠤᠪᠢ ᠳᠤ᠂ ᠡᠨᠡ ᠨᠢ ᠨᠡᠶᠢᠭᠡᠮ ᠵᠢᠷᠤᠮ ᠤᠨ ᠵᠦᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠦᠪᠯᠡᠬᠦ ᠪᠠᠶᠢᠭᠤᠯᠤᠮᠵᠢ᠂ ᠤᠯᠤᠰ ᠤᠨ ᠵᠠᠰᠠᠯᠳᠠ ᠶᠢᠨ ᠰᠢᠰᠲᠧᠮ ᠤᠨ ᠴᠢᠬᠤᠯᠠ ᠪᠦᠷᠢᠯᠳᠦᠬᠦᠨ ᠭᠡᠰᠡᠭ᠂ ᠳᠤᠮᠳᠠᠳᠤ ᠤᠯᠤᠰ ᠤᠨ ᠤᠨᠴᠠᠯᠢᠭ ᠲᠠᠢ ᠪᠠᠶᠢᠭᠤᠯᠤᠯ ᠤᠨ ᠲᠤᠬᠢᠷᠠᠭᠤᠯᠤᠯᠳᠠ ᠮᠦᠨ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠡᠨᠡ ᠬᠦ ᠰᠢᠨᠵᠢ ᠴᠢᠨᠠᠷ ᠤᠨ ᠪᠠᠶᠢᠷᠢ ᠲᠤᠭᠳᠠᠭᠠᠯᠳᠠ ᠶᠢ ᠪᠠᠷᠢᠮᠳᠠᠯᠠᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ᠃      ᠭᠤᠷᠪᠡ ᠳᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠳᠤᠷ ᠪᠠᠳᠠᠷᠠᠭᠤᠯᠤᠨ᠎ᠡ᠃ ᠵᠦᠪᠯᠡᠬᠦ ᠠᠷᠠᠳᠴᠢᠯᠠᠯ ᠪᠤᠯ ᠨᠠᠮ ᠤᠨ ᠤᠳᠤᠷᠢᠳᠤᠯᠭ᠎ᠠ ᠶᠢ ᠪᠡᠶᠡᠯᠡᠬᠦᠯᠬᠦ ᠴᠢᠬᠤᠯᠠ ᠠᠷᠭ᠎ᠠ ᠭᠡᠯᠪᠡᠷᠢ᠂ ᠨᠡᠶᠢᠭᠡᠮ ᠵᠢᠷᠤᠮ ᠤᠨ ᠠᠷᠠᠳᠴᠢᠯᠠᠬᠰᠠᠨ ᠤᠯᠤᠰ ᠲᠦᠷᠦ ᠳᠤ ᠤᠨᠴᠠᠭᠠᠢ ᠪᠠᠶᠢᠳᠠᠭ ᠭᠡᠯᠪᠡᠷᠢ ᠪᠡ ᠦᠪᠡᠷᠮᠢᠴᠡ ᠲᠠᠪᠠᠭᠤᠯᠢᠭ ᠮᠦᠨ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠵᠦᠪᠯᠡᠬᠦ ᠠᠷᠠᠳᠴᠢᠯᠠᠯ ᠢ ᠡᠬᠦᠷᠭᠡ ᠴᠢᠳᠠᠪᠬᠢ ᠪᠠᠨ ᠬᠦᠢᠴᠡᠳᠭᠡᠬᠦ ᠪᠦᠬᠦ ᠶᠠᠪᠤᠴᠠ ᠳᠤ ᠲᠤᠭᠤᠰᠢᠯᠠᠭᠤᠯᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠠᠬᠢᠭᠤᠯᠬᠤ ᠶᠢ ᠬᠠᠷᠢᠯᠴᠠᠨ ᠨᠡᠪᠲᠡᠷᠡᠯᠴᠡᠬᠦᠯᠬᠦ ᠶᠢ ᠪᠠᠷᠢᠮᠳᠠᠯᠠᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠳᠦ ᠶᠢᠨ ᠲᠠᠨᠢᠯᠳᠠ ᠶᠢ ᠨᠢᠬᠳᠠᠷᠠᠭᠤᠯᠬᠤ ᠬᠤᠤᠰ ᠴᠢᠭᠯᠡᠯ ᠢᠶᠠᠷ ᠬᠦᠴᠦᠯᠡᠵᠦ᠂ ᠨᠠᠮ ᠪᠤᠯᠤᠨ ᠤᠯᠤᠰ ᠤᠨ ᠴᠢᠬᠤᠯᠠ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠢᠳᠡᠪᠬᠢᠳᠠᠢ ᠦᠷᠨᠢᠬᠦᠯᠬᠦ ᠭᠡᠷᠡᠭᠲᠡᠢ᠃      ᠲᠦᠷᠪᠡ ᠳᠤ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠤᠨ᠎ᠡ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠬᠰᠠᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡ ᠬᠢᠬᠦ ᠪᠠᠶᠢᠭᠤᠯᠤᠯ ᠪᠤᠯ ᠮᠠᠨ ᠤ ᠤᠯᠤᠰ ᠤᠨ ᠨᠢᠭᠡ ᠵᠦᠢᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠳᠤᠮᠳᠠᠳᠤ ᠤᠯᠤᠰ ᠤᠨ ᠬᠦᠷᠦᠰᠦᠨ ᠳᠤ ᠤᠷᠭᠤᠵᠦ ᠪᠤᠶᠢᠵᠢᠬᠰᠠᠨ ᠰᠢᠨ᠎ᠠ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠮᠦᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠠᠷᠠᠳᠴᠢᠯᠠᠬᠰᠨᠨ ᠨᠠᠮ ᠪᠦᠯᠦᠭ ᠪᠠ ᠨᠠᠮ ᠪᠦᠯᠦᠭ ᠤᠨ ᠪᠤᠰᠤ ᠬᠦᠮᠦᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠳᠤᠮᠳᠠ ᠦᠢᠯᠡᠳᠦᠯ ᠢᠶᠠᠨ ᠨᠡᠩ ᠰᠠᠶᠢᠳᠤᠷ ᠪᠠᠳᠠᠷᠠᠭᠤᠯᠬᠤ ᠳᠤ ᠨᠦᠬᠦᠴᠡᠯ ᠡᠬᠦᠳᠴᠦ ᠦᠭᠬᠦ ᠭᠡᠷᠡᠭᠲᠡᠢ᠃      ᠲᠠᠪᠤ ᠳᠤ᠂ ᠬᠦᠮᠦᠨ ᠠᠷᠠᠳ ᠤᠨ ᠰᠡᠳᠬᠢᠯ ᠪᠠ ᠬᠦᠴᠦᠨ ᠴᠢᠳᠠᠯ ᠢ ᠦᠷᠭᠡᠨ ᠢᠶᠠᠷ ᠨᠢᠬᠳᠠᠷᠠᠭᠤᠯᠤᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠨᠢᠭᠡᠳᠦᠮᠡᠯ ᠹᠷᠤᠨᠲ ᠤᠨ ᠵᠤᠬᠢᠶᠠᠨ ᠪᠠᠶᠢᠭᠤᠯᠤᠯᠳᠠ ᠶᠢᠨ ᠴᠢᠳᠠᠪᠬᠢ ᠶᠢ ᠪᠠᠳᠠᠷᠠᠭᠤᠯᠵᠦ᠂ ᠶᠡᠭᠡ ᠪᠦᠯᠬᠦᠮᠳᠡᠯ ᠶᠡᠭᠡ ᠬᠤᠯᠪᠤᠭᠠᠯᠠᠯ ᠢ ᠪᠠᠷᠢᠮᠳᠠᠯᠠᠨ᠂ ᠨᠢᠭᠡᠳᠦᠯᠳᠠᠢ ᠴᠢᠨᠠᠷ ᠪᠠ ᠤᠯᠠᠨ ᠶᠠᠩᠵᠦᠳᠦ ᠴᠢᠨᠠᠷ ᠤᠨ ᠨᠢᠭᠡᠳᠦᠯ ᠢ ᠪᠠᠷᠢᠮᠳᠠᠯᠠᠵᠦ᠂ ᠬᠠᠮᠳᠦ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠳᠠᠰᠤᠷᠠᠯᠳᠠ ᠦᠭᠡᠢ ᠪᠠᠬᠢᠵᠢᠬᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠲᠤᠮᠵᠢ ᠬᠢᠬᠦ ᠶᠢ ᠴᠢᠩᠭᠠᠳᠬᠠᠨ᠂ ᠬᠠᠮᠳᠦ ᠶᠢᠨ ᠲᠠᠨᠢᠯᠳᠠ ᠶᠢ ᠦᠷᠭᠡᠨ ᠢᠶᠠᠷ ᠨᠢᠬᠳᠠᠷᠠᠭᠤᠯᠵᠦ᠂ ᠬᠠᠮᠤᠭ ᠤᠨ ᠶᠡᠭᠡ ᠶᠡᠷᠦᠩᠭᠡᠢ ᠬᠤᠷᠢᠶᠠᠬᠴᠢ ᠲᠤᠭ᠎ᠠ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠢᠵᠢᠯᠢ ᠲᠦᠪᠳᠦ ᠲᠤᠭᠤᠷᠢᠭ ᠢ ᠵᠢᠷᠤᠭᠯᠠᠨ᠂ ᠦᠨᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠠᠤᠭ᠎ᠠ ᠶᠡᠭᠡ ᠬᠦᠴᠦᠨ ᠢ ᠨᠢᠬᠳᠠᠷᠠᠭᠤᠯᠬᠤ ᠭᠡᠷᠡᠭᠲᠡᠢ᠃      ᠵᠢᠷᠭᠤᠭ᠎ᠠ ᠳᠤ᠂ ᠨᠠᠮ ᠪᠠ ᠤᠯᠤᠰ ᠤᠨ ᠭᠤᠤᠯ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠶᠢᠰᠢ ᠤᠷᠤᠬᠰᠢᠯᠠᠬᠤ ᠪᠠᠷ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠭᠯᠡᠯ ᠪᠤᠯᠭᠠᠵᠦ᠂ ᠬᠦᠭᠵᠢᠯᠳᠠ ᠲᠡᠩᠴᠡᠬᠦᠷᠢ ᠦᠭᠡᠢ ᠬᠦᠢᠴᠡᠳ ᠦᠭᠡᠢ ᠪᠠᠶᠢᠬᠤ ᠠᠰᠠᠭᠤᠳᠠᠯ ᠢ ᠰᠠᠶᠢᠳᠤᠷ ᠰᠢᠢᠳᠪᠤᠷᠢᠯᠡᠨ ᠠᠬᠢᠭᠤᠯᠬᠤ ᠪᠠᠷ ᠠᠵᠢᠯ ᠤᠨ ᠭᠤᠤᠯᠳᠠᠯᠭ᠎ᠠ ᠪᠤᠯᠭᠠᠨ᠂ ᠶᠡᠭᠡ ᠲᠠᠯ᠎ᠠ ᠶᠢᠨ ᠲᠤᠭᠤᠷᠢᠨ ᠳᠤ᠂ ᠭᠤᠤᠯᠳᠠᠯᠭ᠎ᠠ ᠶᠢ ᠠᠳᠬᠤᠬᠤ᠂ ᠳᠤᠳᠠᠭᠤᠳᠠᠯ ᠢᠶᠠᠨ ᠨᠦᠬᠦᠪᠦᠷᠢᠯᠡᠬᠦ᠂ ᠪᠠᠭᠤᠷᠠᠢ ᠭᠤᠬᠴᠤᠭ᠎ᠠ ᠪᠠᠨ ᠴᠢᠩᠭᠠᠳᠬᠬᠠᠤ ᠴᠢᠬᠤᠯᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠬᠦᠨᠵᠡᠭᠡᠢ ᠵᠦᠪᠯᠡᠯᠭᠡ ᠬᠢᠵᠦ ᠲᠦᠪᠯᠡᠷᠡᠬᠦᠯᠦᠨ ᠲᠦᠷᠦ ᠶᠢᠨ ᠶᠠᠪᠤᠳᠠᠯ ᠢ ᠵᠦᠪᠯᠡᠨ᠂ ᠬᠢᠨᠡᠯᠳᠠ ᠲᠠᠯᠪᠢᠬᠤ ᠪᠠᠨ ᠡᠷᠴᠢᠮᠵᠢᠬᠦᠯᠦᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠳᠤ ᠬᠦᠴᠦᠯᠡᠬᠦ ᠭᠡᠷᠡᠭᠲᠡᠢ᠃      ᠲᠤᠯᠤᠭ᠎ᠠ ᠳᠤ᠂ ᠠᠷᠡᠳ ᠤᠨ ᠤᠯᠤᠰ ᠲᠦᠷᠦ ᠶᠢᠨ ᠵᠦᠪᠯᠡᠯᠭᠡᠨ ᠠᠷᠠᠳ ᠲᠦᠮᠡᠨ ᠤ ᠲᠦᠯᠦᠭᠡ ᠪᠠᠶᠢᠬᠤ ᠶᠢ ᠪᠠᠷᠢᠮᠳᠠᠯᠠᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠭᠡᠷᠡᠭᠴᠡᠭᠡ ᠶᠢ ᠳᠠᠰᠤᠷᠠᠯᠳᠠ ᠦᠭᠡᠢ ᠬᠠᠩᠭᠠᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠴᠢᠬᠤᠯᠠ ᠲᠤᠰᠤᠯᠳᠠ ᠪᠤᠯᠭᠠᠵᠦ᠂ ᠤᠯᠠᠨ ᠲᠦᠮᠡᠨ ᠤ ᠬᠦᠰᠡᠯ ᠰᠠᠨᠠᠯ ᠢ ᠰᠤᠨᠤᠰᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠤᠳᠠᠳᠠᠢ ᠠᠰᠠᠭᠤᠳᠠᠯ ᠢ ᠠᠳᠬᠤᠨ ᠠᠵᠢᠯ ᠢᠶᠠᠨ ᠰᠠᠶᠢᠳᠤᠷ ᠬᠢᠵᠦ᠂ ᠨᠠᠮ ᠪᠤᠯᠤᠨ ᠵᠠᠰᠠᠭ ᠤᠨ ᠤᠷᠳᠤᠨ ᠢ ᠬᠠᠪᠰᠤᠷᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠬᠦᠯᠬᠦ ᠭᠡᠷᠡᠭᠲᠡᠢ᠃      ᠨᠠᠶᠢᠮᠠ ᠳᠤ᠂ ᠦᠭᠡᠷᠡᠴᠢᠯᠡᠯᠳᠡ ᠬᠢᠵᠤ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠶᠢᠨ ᠪᠠᠶᠢᠭᠤᠯᠤᠯᠳᠠ ᠶᠢ ᠠᠬᠢᠭᠤᠯᠤᠨ᠎ᠡ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠴᠠᠬᠤ ᠴᠢᠳᠠᠪᠤᠷᠢ᠂ ᠬᠠᠮᠳᠤᠷᠠᠯᠴᠠᠵᠦ ᠬᠠᠮᠳᠤᠷᠠᠨ ᠠᠵᠢᠯᠯᠠᠬᠤ ᠴᠢᠳᠠᠪᠤᠷᠢ ᠪᠠᠨ ᠬᠦᠴᠦᠯᠡᠨ ᠴᠢᠩᠭᠠᠳᠬᠠᠬᠤ ᠭᠡᠷᠡᠭᠲᠡᠢ᠃ ᠭᠡᠰᠢᠬᠦᠳ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠭᠡᠰᠢᠬᠦᠳ ᠢ ᠬᠦᠮᠦᠵᠢᠬᠦᠯᠦᠨ ᠬᠦᠳᠦᠯᠦᠨ ᠵᠢᠯᠤᠭᠤᠳᠴᠦ ᠪᠠᠶᠢᠭᠠᠳ ᠤᠯᠤᠰ ᠲᠦᠷᠦ ᠶᠢᠨ ᠵᠦᠪᠯᠡᠯᠭᠡᠨ ᠢ ᠤᠶᠢᠯᠠᠭᠠᠬᠤ᠂ ᠵᠦᠪᠯᠡᠯᠭᠡ ᠬᠢᠵᠦ ᠴᠢᠳᠠᠬᠤ᠂ ᠲᠦᠷᠦ ᠶᠢᠨ ᠶᠠᠪᠤᠳᠠᠯ ᠢ ᠵᠦᠪᠯᠡᠬᠦ ᠳᠤ ᠴᠢᠳᠠᠮᠠᠭᠠᠢ ᠪᠤᠯᠭᠠᠵᠦ᠂ ᠰᠠᠬᠢᠯᠭ᠎ᠠ ᠪᠠᠳᠤ ᠶᠢ ᠰᠠᠬᠢᠨ᠂ ᠶᠤᠰᠤ ᠲᠦᠷᠢᠮ ᠢ ᠡᠷᠬᠢᠮᠯᠡᠵᠦ᠂ ᠵᠠᠩ ᠰᠤᠷᠲᠠᠬᠤᠨ ᠢ ᠡᠷᠬᠢᠮᠯᠡᠬᠦ ᠪᠤᠯᠭᠠᠬᠤ ᠭᠡᠷᠡᠭᠲᠡᠢ᠃      ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠨᠢ ᠤᠯᠠᠨ ᠲᠠᠯ᠎ᠡ ᠶᠢᠨ ᠦᠪᠡᠷᠮᠢᠴᠠ ᠲᠠᠪᠠᠭᠤᠯᠢᠭ ᠲᠠᠢ ᠭᠡᠳᠡᠭ ᠢ 70 ᠵᠢᠯ ᠤᠨ ᠦᠢᠯᠡᠳᠦᠯᠭᠡ ᠭᠡᠷᠡᠴᠢᠯᠡᠵᠠᠢ᠃ ᠮᠠᠷᠺᠰ᠂ ᠡᠩᠭᠧᠯᠰ᠄ ︽ᠠᠷᠠᠳᠴᠢᠯᠠᠯ ᠭᠡᠳᠡᠭ ᠶᠠᠭᠤ ᠪᠤᠢ︖ ᠲᠡᠷᠡ ᠨᠢ ᠡᠷᠭᠡᠪᠰᠢ ᠵᠤᠬᠢᠬᠤ ᠤᠳᠬ᠎ᠠ ᠠᠭᠤᠯᠭ᠎ᠠ ᠲᠠᠢ ᠪᠠᠶᠢᠬᠤ ᠭᠡᠷᠡᠭᠲᠡᠢ᠂ ᠡᠰᠡᠪᠡᠰᠦ ᠲᠡᠷᠡ ᠨᠢ ᠤᠷᠤᠰᠢᠬᠤ ᠦᠭᠡᠢ ᠶᠤᠮ᠃ ᠡᠶᠢᠮᠦ ᠠᠴᠠ ᠪᠦᠬᠦ ᠠᠰᠠᠭᠤᠳᠠᠯ ᠨᠢ ᠠᠷᠠᠳᠴᠢᠯᠠᠯ ᠤᠨ ᠦᠨᠡᠨ ᠤᠳᠬ᠎ᠠ ᠠᠭᠤᠯᠭ᠎ᠠ ᠶᠢ ᠲᠤᠭᠳᠠᠭᠠᠬᠤ ᠳᠤ ᠪᠤᠢ︾ ᠭᠡᠵᠦ ᠭᠡᠯᠡᠵᠦ ᠦᠩᠭᠡᠷᠡᠪᠡ᠃ ᠠᠷᠠᠳᠴᠢᠯᠠᠬᠰᠠᠨ ᠤᠯᠤᠰ ᠲᠦᠷᠦ ᠶᠢ ᠪᠡᠶᠡᠯᠡᠬᠦᠯᠬᠦ ᠭᠡᠯᠪᠡᠷᠢ ᠨᠢ ᠤᠯᠠᠨ ᠶᠠᠩᠵᠦ ᠶᠢᠨ ᠪᠠᠶᠢᠳᠠᠭ᠂ ᠬᠡᠪᠰᠢᠮᠡᠯ ᠵᠠᠬᠪᠤᠷ ᠲᠤ ᠪᠠᠷᠢᠬᠳᠠᠵᠦ ᠪᠤᠯᠬᠤ ᠦᠭᠡᠢ᠃ ᠳᠤᠮᠳᠠᠳᠤ ᠤᠯᠤᠰ ᠤᠨ ᠮᠠᠶᠢᠭ ᠤᠨ ᠠᠷᠠᠳᠴᠢᠯᠠᠯ ᠨᠢ ᠳᠤᠮᠳᠠᠳᠤ ᠤᠯᠤᠰ ᠲᠤ ᠶᠠᠪᠤᠬᠳᠠᠵᠦ ᠪᠤᠯᠬᠤ ᠪᠦᠭᠡᠳ ᠮᠠᠰᠢ ᠦᠷ᠎ᠠ ᠪᠦᠳᠦᠮᠵᠢ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ᠃ ᠰᠢᠨ᠎ᠠ ᠪᠠᠶᠢᠳᠠᠯ ᠳᠤᠤᠷ᠎ᠠ᠂ ᠪᠢᠳᠠ ᠡᠷᠭᠡᠪᠰᠢ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯ ᠢ ᠰᠠᠶᠢᠳᠤᠷ ᠪᠠᠷᠢᠮᠳᠠᠯᠠᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠢᠯᠡᠰ ᠢ ᠰᠠᠶᠢᠳᠤᠷ ᠬᠦᠭᠵᠢᠬᠦᠯᠵᠦ᠂ ᠨᠢᠭᠡᠳᠦᠮᠡᠯ ᠹᠷᠤᠨᠲ ᠤᠨ ᠠᠵᠢᠯ ᠢ ᠦᠷᠨᠢᠬᠦᠯᠬᠦ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠨ᠂ ᠨᠡᠩ ᠤᠯᠠᠨ ᠬᠦᠮᠦᠰ ᠢ ᠨᠠᠮ ᠤᠨ ᠲᠤᠭᠤᠷᠢᠨ ᠳᠤ ᠪᠦᠯᠬᠦᠮᠳᠡᠬᠦᠯᠬᠦ ᠭᠡᠷᠡᠭᠲᠡᠢ᠃      ᠨᠦᠬᠦᠳ ᠡ᠂ ᠨᠠᠶᠢᠵᠠ ᠨᠠᠷ ᠡ︕      ᠤᠳᠤᠬᠠᠨ ᠤ ᠳᠡᠯᠡᠭᠡᠢ ᠶᠢᠷᠳᠢᠨᠴᠦ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠶᠢ ᠦᠩᠭᠡᠷᠡᠬᠦᠯᠵᠦ ᠪᠤᠢ᠂ ᠳᠤᠮᠳᠠᠳᠤ ᠶᠢᠨ ᠦᠡᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠠᠳ ᠪᠠᠶᠢᠨ᠎ᠠ᠃ ᠬᠠᠷᠠᠯᠳᠠ ᠳᠠᠭᠠᠨ ᠤᠶᠢᠢᠷᠠᠳᠬᠤ ᠳᠤᠳᠤᠮ᠂ ᠪᠠᠶᠢᠳᠠᠯ ᠨᠡᠩ ᠨᠠᠷᠢᠨ ᠪᠤᠳᠤᠯᠢᠶᠠᠨᠳᠠᠢ ᠪᠤᠯᠵᠦ᠂ ᠡᠬᠦᠷᠭᠡ ᠨᠡᠩ ᠪᠡᠷᠭᠡ ᠬᠠᠳᠠᠭᠤᠵᠢᠯᠳᠠᠢ ᠪᠤᠯᠤᠨ᠎ᠠ᠂ ᠡᠶᠢᠨ ᠬᠦ ᠡᠷᠬᠡᠪᠰᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ ᠳᠠᠪᠠᠭᠤᠯᠢᠬ ᠪᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠳᠤᠷ ᠪᠠᠳᠠᠷᠠᠭᠤᠯᠵᠦ᠂ ᠡᠯ᠎ᠠ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠤᠨ᠂ ᠤᠯᠤᠰ ᠤᠨ ᠳᠤᠳᠤᠭᠠᠳᠦ ᠭᠠᠳᠠᠭᠠᠳᠦ ᠶᠢᠨ ᠳᠤᠮᠳᠠᠳᠤ ᠶᠢᠨ ᠬᠦᠪᠡᠬᠦᠳ ᠦᠬᠢᠳ ᠤᠨ ᠳᠤᠤᠭᠠᠷᠪᠠᠯ ᠳᠠᠭᠤ ᠨᠢᠭᠡᠳᠠᠢ᠂ ᠲᠤᠭᠳᠤᠷᠪᠠᠯ ᠬᠦᠴᠦ ᠨᠢᠭᠡᠳᠠᠢ ᠪᠠᠶᠢᠬᠤ ᠬᠦᠴᠦᠷᠬᠡᠭ ᠶᠡᠭᠡ ᠬᠠᠮᠳᠤᠷᠠᠯ ᠬᠦᠴᠦᠨ ᠢ ᠪᠦᠷᠢᠯᠳᠦᠬᠦᠯᠬᠦ ᠭᠡᠷᠡᠭᠲᠡᠢ᠃      ᠰᠢᠨ᠎ᠠ ᠴᠠᠭ ᠦᠶ᠎ᠠ ᠳᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠶᠡᠷᠦᠩᠭᠡᠢ ᠱᠠᠭᠠᠷᠳᠠᠯᠭ᠎ᠠ ᠪᠤᠯ᠄ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠯ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠪᠠᠷ ᠬᠠᠮᠳᠦ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠬᠦᠯᠬᠦ ᠭᠤᠤᠯ ᠲᠡᠩᠭᠡᠯᠢᠭ ᠪᠤᠯᠭᠠᠵᠦ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠳᠤ ᠦᠢᠯᠡᠴᠢᠯᠡᠬᠦ ᠪᠠᠷ ᠠᠵᠢᠯ ᠤᠨ ᠭᠤᠤᠯ ᠰᠢᠵᠢᠮ ᠪᠤᠯᠭᠠᠨ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠲᠤᠮᠵᠢ ᠶᠢ ᠴᠢᠩᠭᠠᠳᠬᠠᠬᠤ᠂ ᠬᠠᠮᠳᠦ ᠶᠢᠨ ᠲᠠᠨᠢᠯᠳᠠ ᠶᠢ ᠦᠷᠭᠡᠨ ᠢᠶᠠᠷ ᠨᠢᠬᠳᠠᠷᠠᠭᠤᠯᠬᠤ ᠪᠠᠷ ᠭᠤᠤᠯ ᠭᠤᠭᠴᠤᠭ᠎ᠠ ᠪᠤᠯᠭᠠᠵᠦ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠰᠡᠳᠦᠪ ᠢ ᠪᠠᠷᠢᠮᠳᠠᠯᠠᠨ᠂ ᠤᠯᠤᠰ ᠲᠦᠷᠦ ᠶᠢᠨ ᠵᠦᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠵᠤ ᠲᠦᠷᠦ ᠶᠢᠨ ᠶᠠᠪᠤᠳᠠᠯ ᠢ ᠵᠦᠪᠯᠡᠬᠦ ᠲᠦᠪᠰᠢᠨ ᠢᠶᠠᠨ ᠳᠡᠭᠡᠭᠰᠢᠯᠡᠬᠦᠯᠵᠦ᠂ ᠬᠠᠮᠳᠦ ᠶᠢᠨ ᠲᠠᠨᠢᠯᠳᠠ ᠶᠢ ᠨᠡᠩ ᠰᠠᠶᠢᠳᠤᠷ ᠨᠢᠬᠳᠠᠷᠠᠭᠤᠯᠤᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠳᠤᠮᠳᠠᠳᠤ ᠶᠢᠨ ᠬᠦᠪᠡᠬᠦᠳ ᠦᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠬᠦᠷᠭᠡᠯᠡᠵᠦ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠡᠬᠦᠨ ᠤ ᠤᠯᠠᠮ ᠢᠶᠠᠷ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠲᠡᠢ᠃      ᠤᠳᠤᠬᠠᠨ ᠳᠤ ᠪᠠ ᠬᠤᠶᠢᠰᠢᠲᠠ ᠶᠢᠨ ᠨᠢᠭᠡ ᠬᠤᠭᠤᠴᠠᠭᠠᠨ ᠳᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤᠨᠴᠠᠭᠠᠶᠢᠢᠯᠠᠨ ᠳᠤᠤᠷᠠᠬᠢ ᠠᠵᠢᠯ ᠢ ᠰᠠᠶᠢᠲᠤᠷ ᠠᠳᠬᠤᠬᠤ ᠬᠡᠷᠡᠭᠲᠡᠢ᠃      ᠨᠢᠭᠡᠳᠦᠭᠡᠷ ᠲᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠨᠡᠶᠢᠭᠡᠮ ᠵᠢᠷᠦᠮ ᠤᠨ ᠪᠠᠶᠢᠭᠤᠯᠤᠯ ᠳᠤᠤᠷ᠎ᠠ᠂ ᠤᠴᠢᠷ ᠶᠠᠪᠤᠳᠠᠯ ᠢ ᠰᠠᠶᠢᠲᠤᠷ ᠵᠦᠪᠳᠡᠯᠴᠡᠵᠦ᠂ ᠤᠯᠠᠨ ᠤ ᠶᠠᠪᠤᠳᠠᠯ ᠢ ᠤᠯᠠᠨ ᠢᠶᠠᠷ ᠢᠶᠠᠨ ᠵᠦᠪᠳᠡᠯᠴᠡᠵᠦ᠂ ᠪᠦᠬᠦ ᠨᠡᠶᠢᠭᠡᠮ ᠤᠨ ᠬᠦᠰᠡᠯ ᠰᠠᠨᠠᠭ᠎ᠠ ᠪᠤᠯᠤᠨ ᠱᠠᠭᠠᠷᠳᠠᠯᠭ᠎ᠠ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠬᠴᠢ ᠲᠤᠭ᠎ᠠ ᠶᠢ ᠴᠢᠷᠮᠠᠶᠢᠨ ᠡᠷᠢᠯᠬᠢᠯᠡᠬᠦ ᠪᠤᠯ ᠠᠷᠠᠳ ᠤᠨ ᠠᠷᠠᠳᠴᠢᠯᠠᠯ ᠤᠨ ᠭᠤᠤᠯ ᠰᠠᠨᠠᠭ᠎ᠠ ᠪᠤᠯᠤᠨ᠎ᠠ ᠭᠡᠵᠦ ᠪᠢ ᠬᠡᠯᠡᠵᠦ ᠦᠡᠭᠭᠡᠷᠡᠵᠡᠢ᠃ ᠵᠦᠪᠯᠡᠬᠦ ᠠᠷᠠᠳᠴᠢᠯᠡᠯ ᠪᠤᠯ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠢ ᠪᠦᠲᠦᠮᠵᠢᠲᠡᠢ ᠪᠠᠷ ᠵᠠᠰᠠᠵᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠬᠠᠤ ᠴᠢᠬᠤᠯᠠ ᠪᠠᠶᠢᠭᠤᠯᠤᠯ ᠤᠨ ᠵᠢᠷᠤᠭ ᠲᠦᠰᠦᠯ ᠪᠠᠶᠢᠵᠤ᠂ ᠰᠤᠩᠭᠤᠭᠤᠯᠢ ᠶᠢᠨ ᠠᠷᠠᠳᠴᠢᠯᠠᠯ ᠲᠠᠢ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠵᠤ ᠪᠠᠶᠢᠳᠠᠭ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠵᠦᠪᠯᠡᠯᠬᠡ ᠬᠢᠬᠦ ᠲᠤᠮᠳᠠ ᠪᠠᠨ ᠦᠷᠭᠡᠨ ᠳᠡᠯᠭᠡᠷ ᠢᠶᠠᠷ ᠪᠦᠯᠬᠦᠮᠳᠡᠬᠦ ᠶᠢ ᠠᠬᠢᠭᠤᠯᠵᠤ᠂ ᠤᠯᠠᠨ ᠨᠠᠮ ᠬᠠᠮᠳᠤᠷᠠᠠ ᠠᠵᠢᠯᠯᠠᠬᠤ ᠶᠢ ᠠᠬᠢᠭᠤᠯᠤᠨ᠂ ᠠᠷᠠᠳ ᠤᠨ ᠠᠷᠠᠳᠴᠢᠯᠡᠯ ᠢ ᠦᠢᠯᠡᠳᠦᠯᠭᠡᠵᠢᠬᠦᠯᠵᠤ᠂ ᠲᠡᠤᠭᠡᠨ ᠤᠯᠠᠮᠵᠢᠯᠠᠯ ᠢ ᠵᠠᠯᠭᠠᠮᠵᠢᠯᠠᠬᠤ ᠪᠦᠭᠡᠳ ᠴᠠᠭ ᠦᠶ᠎ᠡ ᠶᠢᠨ ᠤᠨᠴᠠᠯᠢᠭ ᠢ ᠲᠤᠰᠬᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠡᠯ ᠤᠨ ᠤᠴᠢᠷ ᠶᠠᠪᠤᠳᠠᠯ ᠪᠠᠶᠢᠪᠠᠯ ᠢᠯᠡᠬᠦᠭᠡᠨ ᠵᠦᠪᠳᠡᠬᠦ᠂ ᠤᠴᠢᠷ ᠶᠠᠪᠤᠳᠠᠯ ᠲᠤᠬᠢᠶᠠᠯᠳᠤᠪᠡᠯ ᠢᠯᠡᠬᠦᠭᠡᠨ ᠵᠦᠪᠳᠡᠬᠦ᠂ ᠠᠵᠢᠯ ᠬᠢᠬᠦ ᠳᠡᠭᠡᠨ ᠢᠯᠡᠬᠦᠭᠡᠨ ᠵᠦᠪᠳᠡᠬᠦ ᠤᠨᠴᠠᠯᠢᠭ ᠪᠠ ᠲᠠᠪᠠᠭᠤᠯᠢᠭ ᠢ ᠬᠦᠢᠴᠡᠳ ᠢᠯᠡᠷᠡᠬᠦᠯᠪᠡ᠃      ᠰᠠᠨᠠᠯ ᠢ ᠰᠤᠨᠤᠰᠬᠤ᠂ ᠰᠠᠨᠠᠯ ᠢ ᠵᠤᠷᠢᠭᠳᠠᠢ ᠰᠤᠨᠤᠰᠬᠤ᠂ ᠢᠯᠠᠩᠭᠤᠶ᠎ᠡ ᠰᠢᠬᠦᠮᠵᠢᠯᠡᠯ ᠢ ᠵᠤᠷᠢᠭᠳᠠᠢ ᠪᠠᠷ ᠬᠦᠯᠢᠶᠡᠨ ᠠᠪᠴᠦ ᠠᠵᠢᠯ ᠢᠶᠠᠨ ᠰᠠᠶᠢᠵᠢᠷᠠᠭᠤᠯᠬᠤ ᠪᠤᠯ ᠪᠡᠶ᠎ᠠ ᠳᠡᠭᠡᠨ ᠢᠳᠡᠭᠡᠯ ᠲᠠᠢ ᠪᠠᠶᠢᠬᠤ ᠪᠦᠭᠡᠳ ᠬᠦᠴᠦᠨ ᠲᠠᠢ ᠪᠠᠶᠢᠬᠤ ᠶᠢᠨ ᠢᠯᠡᠷᠡᠯ ᠮᠦᠨ᠃ ᠨᠡᠶᠢᠭᠡᠮ ᠵᠢᠷᠤᠮ ᠤᠨ ᠵᠦᠪᠯᠡᠬᠦ ᠠᠷᠠᠳᠴᠢᠯᠡᠯ ᠢ ᠬᠦᠭᠵᠢᠬᠦᠯᠬᠦ ᠳᠤ ᠠᠷᠠᠳᠴᠢᠯᠡᠯ ᠲᠦᠪᠯᠡᠷᠡᠯ ᠤᠨ ᠶᠤᠰᠤᠨ ᠤ ᠲᠠᠪᠠᠭᠤᠯᠢᠭ ᠢ ᠰᠠᠶᠢᠳᠤᠷ ᠠᠰᠢᠡᠡᠯᠠᠨ᠂ ︽ᠪᠦᠯᠬᠦᠮᠳᠡᠬᠦ — ᠰᠢᠬᠦᠮᠵᠢᠯᠡᠬᠦ — ᠪᠦᠯᠬᠦᠮᠳᠡᠬᠦ︾ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠶᠠᠷᠢᠯᠴᠠᠵᠤ ᠰᠠᠨᠠᠯ ᠢᠶᠠᠨ ᠬᠡᠯᠡᠬᠦ ᠠᠷᠭ᠎ᠠ ᠵᠠᠮ ᠢ ᠦᠷᠭᠡᠳᠭᠡᠨ᠂ ᠤᠯᠠᠨ ᠤ ᠤᠶᠤᠨ ᠤᠬᠠᠭᠠᠨ ᠢ ᠲᠦᠪᠯᠡᠷᠡᠬᠦᠯᠵᠤ᠂ ᠠᠳᠠᠯᠢ ᠪᠤᠰᠤ ᠦᠵᠡᠯ ᠰᠠᠨᠠᠭ᠎ᠠ ᠦᠵᠡᠯᠳᠠ ᠪᠠᠨ ᠬᠦᠢᠴᠡᠳ ᠢᠯᠡᠳᠭᠡᠬᠦ ᠪᠠ ᠬᠦᠨᠵᠡᠭᠡᠢ ᠰᠤᠯᠢᠯᠴᠠᠬᠤ ᠶᠢ ᠠᠬᠢᠭᠤᠯᠵᠤ᠂ ᠬᠠᠷᠢᠯᠴᠠᠨ ᠬᠦᠨᠳᠦᠳᠭᠡᠨ ᠡᠷᠭᠡ ᠲᠡᠭᠰᠢ ᠪᠠᠷ ᠵᠦᠪᠳᠡᠯᠴᠡᠬᠦ ᠠᠴᠠ ᠪᠢᠰᠢ ᠪᠤᠰᠤᠳ ᠲᠤ ᠠᠯᠪᠠ ᠪᠠᠷ ᠲᠤᠯᠭᠠᠬᠤ ᠦᠭᠡᠢ ᠪᠠᠶᠢᠬᠤ ᠶᠢ ᠪᠠᠶᠡᠯᠡᠬᠦᠯᠵᠤ᠂ ᠵᠢᠮ᠎ᠡ ᠶᠤᠰᠤ ᠶᠢ ᠵᠢᠷᠤᠮᠯᠠᠨ ᠡᠮᠬᠢ ᠵᠢᠷᠤᠮ ᠲᠠᠢ ᠪᠠᠷ ᠵᠦᠪᠳᠡᠯᠴᠡᠬᠦ ᠠᠴᠠ ᠪᠢᠰᠢ ᠦᠪᠡᠷ ᠦᠪᠡᠷ ᠤᠨ ᠬᠢ ᠪᠠᠨ ᠬᠡᠯᠡᠬᠦ ᠦᠭᠡᠢ ᠪᠠᠶᠢᠵᠤ᠂ ᠬᠠᠷᠢᠯᠴᠠᠨ ᠤᠶᠢᠯᠠᠭᠠᠵᠤ ᠬᠠᠷᠢᠯᠴᠠᠨ ᠪᠠᠭᠳᠠᠭᠠᠨ ᠦᠨᠡᠨᠴᠢ ᠪᠠᠷ ᠵᠦᠪᠳᠡᠯᠴᠡᠬᠦ ᠠᠴᠠ ᠪᠢᠰᠢ ᠬᠡᠳᠦᠷᠡᠭᠦᠯᠵᠦ ᠵᠦᠷᠢᠬᠦᠳᠯᠡᠬᠦ ᠦᠭᠡᠢ ᠪᠠᠶᠢᠵᠤ᠂ ᠠᠭᠤᠵᠢᠷᠠᠳᠠᠯ᠎ᠡ ᠶᠠᠷᠢᠯᠴᠠᠨ ᠦᠪᠡᠷ ᠦᠪᠡᠷ ᠤᠨ ᠰᠠᠨᠠᠯ ᠢᠶᠠᠨ ᠭᠦᠢᠴᠡᠳ ᠢᠯᠡᠳᠭᠡᠬᠦ ᠪᠦᠭᠡᠳ ᠪᠤᠯᠭᠤᠮᠵᠢᠳᠠᠢ ᠭᠡᠮᠵᠢᠶ᠎ᠡ ᠬᠢᠵᠠᠭᠠᠷ ᠲᠠᠢ᠂ ᠬᠠᠤᠯᠢ ᠳᠤ ᠨᠡᠶᠢᠴᠡᠭᠰᠡᠨ ᠲᠦᠷᠢᠮ ᠲᠤᠬᠳᠠᠭᠠᠯ ᠳᠤ ᠨᠠᠶᠢᠴᠡᠭᠰᠡᠨ ᠰᠠᠶᠢᠨ ᠰᠠᠶᠢᠬᠠᠨ ᠵᠦᠪᠳᠡᠯᠴᠡᠬᠦ ᠠᠭᠤᠷ ᠠᠮᠢᠰᠬᠤᠯ ᠢ ᠪᠦᠷᠢᠯᠳᠦᠬᠦᠯᠬᠦ ᠭᠡᠷᠡᠭᠳᠠᠢ᠃ ᠡᠯ᠎ᠠ ᠵᠦᠢᠯ ᠤᠨ ᠰᠠᠨᠠᠯ ᠪᠠ ᠰᠢᠭᠦᠮᠵᠢᠯᠡᠯ ᠨᠢ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠳᠠᠭ ᠯᠡ ᠶᠤᠮ ᠪᠤᠯ᠂ ᠤᠯᠠᠨ ᠢᠶᠠᠷ ᠶᠠᠷᠢᠭᠤᠯᠵᠤ᠂ ᠴᠢᠬᠢᠨ ᠳᠤ ᠠᠶ᠎ᠠ ᠦᠭᠡᠢ᠂ ᠬᠠᠲᠠᠭᠤ ᠦᠭᠡ ᠪᠤᠯᠤᠬᠰᠠᠨ ᠴᠤ᠂ ᠪᠢᠳᠡ ᠰᠢᠭᠦᠮᠵᠢᠯᠡᠯ ᠢ ᠬᠢᠴᠢᠶᠡᠩᠭᠦ᠋ᠢᠯᠡᠨ ᠬᠦᠯᠢᠶᠡᠬᠦ ᠤᠪᠤᠷ ᠢᠶᠠᠷ ᠰᠤᠨᠤᠰᠴᠤ᠂ ᠠᠯᠲᠠᠰᠢ ᠪᠤᠷᠤᠭᠤ ᠪᠠᠶᠢᠪᠠᠯ ᠵᠠᠯᠠᠷᠠᠭᠤᠯᠵᠤ᠂ ᠠᠯᠲᠠᠰᠢ ᠪᠤᠷᠤᠭᠤ ᠦᠭᠡᠢ ᠪᠤᠯ ᠦᠪᠡᠷ ᠢ ᠪᠠᠨ ᠵᠤᠷᠢᠬᠵᠢᠭᠤᠯᠬᠤ ᠬᠡᠷᠡᠭᠲᠡᠢ᠃      ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠳᠤ᠂ ᠪᠠᠶᠢᠭᠤᠯᠤᠮᠵᠢ ᠲᠤᠬᠳᠠᠴᠠ ᠪᠠᠨ ᠲᠡᠬᠦᠯᠳᠡᠷᠵᠢᠬᠦᠯᠬᠦ ᠬᠡᠷᠡᠭᠲᠡᠢ᠃ ᠨᠠᠮ ᠤᠨ ᠬᠤᠷᠢᠶ᠎ᠠ ᠠᠴᠠ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠲᠠᠢ ᠬᠠᠮᠲᠤᠷᠠᠨ ᠤᠨ ᠤ ᠵᠦᠪᠯᠡᠯᠭᠡ ᠬᠢᠬᠦ ᠲᠦᠯᠦᠪᠯᠡᠭᠡ ᠲᠤᠬᠲᠠᠭᠠᠬᠤ ᠳᠦᠷᠢᠮ ᠢ ᠪᠠᠷᠢᠮᠲᠠᠯᠠᠵᠤ᠂ ᠰᠢᠢᠳᠪᠤᠷᠢᠳᠤ ᠪᠤᠳᠤᠯᠭ᠎ᠠ ᠭᠠᠷᠭᠠᠬᠤ ᠠᠴᠠ ᠡᠮᠤᠨ᠎ᠡ ᠵᠦᠪᠳᠡᠯᠴᠡᠬᠦ ᠪᠠ ᠰᠢᠢᠳᠪᠤᠷᠢᠳᠤ ᠪᠤᠳᠤᠯᠭ᠎ᠠ ᠶᠢ ᠭᠡᠷᠡᠭᠵᠢᠬᠦᠯᠬᠦ ᠲᠤᠮᠳᠠ ᠵᠦᠪᠳᠡᠯᠴᠡᠬᠦ ᠶᠢ ᠨᠠᠶᠢᠳᠠᠪᠤᠷᠢᠵᠢᠭᠤᠯᠬᠤ ᠲᠤᠬᠳᠠᠴᠠ ᠶᠢ ᠲᠡᠬᠦᠯᠳᠡᠷᠵᠢᠬᠦᠯᠤᠨ᠂ ᠤᠯᠤᠰ ᠲᠦᠷᠦ ᠶᠢᠨ ᠵᠦᠪᠯᠡᠯᠭᠡᠨ ᠠᠴᠠ ᠵᠦᠪᠯᠡᠯᠭᠡ ᠬᠢᠬᠦ ᠬᠡᠷᠡᠭᠲᠡᠢ ᠭᠡᠵᠦ ᠲᠤᠳᠤᠷᠬᠠᠢ ᠲᠤᠬᠲᠠᠭᠠᠬᠰᠠᠨ ᠶᠠᠪᠤᠳᠠᠯ ᠢ ᠡᠷᠬᠡᠪᠰᠢ ᠵᠦᠪᠯᠡᠯᠭᠡ ᠬᠢᠭᠰᠡᠨ ᠤ ᠳᠠᠷᠠᠭ᠎ᠠ ᠰᠢᠢᠳᠪᠦᠷᠢᠲᠦ ᠪᠤᠳᠤᠯᠭ᠎ᠠ ᠭᠠᠷᠭᠠᠬᠤ ᠪᠠᠷ ᠲᠡᠪᠰᠢᠬᠦᠯᠵᠤ᠂ ᠵᠦᠪᠳᠡᠯᠴᠡᠭᠡ ᠬᠢᠬᠦ ᠳᠤ ᠤᠷᠤᠯᠴᠠᠬᠤ ᠬᠦᠷᠢᠶ᠎ᠡ ᠬᠡᠪᠴᠢᠶ᠎ᠡ᠂ ᠶᠠᠷᠢᠯᠴᠠᠬᠤ ᠵᠠᠷᠴᠢᠮ᠂ ᠦᠨᠳᠦᠰᠦᠨ ᠵᠢᠷᠦᠮ ᠲᠠᠷᠠᠭᠠᠯᠠᠯ᠂ ᠰᠤᠯᠢᠯᠴᠠᠬᠤ ᠠᠷᠭ᠎ᠠ ᠬᠡᠯᠪᠡᠷᠢ ᠵᠡᠷᠭᠡ ᠳᠤ ᠲᠤᠬᠳᠠᠭᠠᠯ ᠭᠠᠷᠭᠠᠬᠤ ᠭᠡᠷᠡᠭᠳᠠᠢ᠃      ᠬᠤᠶᠠᠳᠤᠭᠠᠷ ᠲᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠵᠤ᠂ ᠬᠠᠮᠳᠤ ᠶᠢᠨ ᠲᠠᠨᠢᠯᠳᠡ ᠶᠢ ᠦᠷᠬᠡᠨ ᠢᠶᠠᠷ ᠨᠢᠬᠳᠠᠷᠠᠭᠤᠯᠬᠤ ᠬᠡᠷᠡᠭᠲᠡᠢ᠃ ᠮᠠᠤ ᠽᠧ ᠳ᠋ᠦᠩ ᠨᠦᠬᠦᠷ᠄ ᠤᠯᠤᠰ ᠲᠦᠷᠦ ᠭᠡᠳᠡᠭ ᠨᠢ ᠳᠠᠷᠤᠢ ᠪᠢᠳᠡᠨ ᠢ ᠬᠦᠷᠢᠶᠡᠯᠡᠬᠦ ᠬᠦᠮᠦᠰ ᠢ ᠨᠡᠩ ᠢᠯᠡᠬᠦᠦ ᠪᠤᠯᠭᠠᠵᠤ᠂ ᠪᠢᠳᠡᠨ ᠢ ᠡᠰᠡᠷᠬᠦᠴᠡᠬᠦ ᠬᠦᠮᠦᠰ ᠢ ᠤᠯᠠᠮ ᠪᠠᠭ᠎ᠠ ᠪᠤᠯᠭᠠᠬᠤ ᠶᠠᠪᠤᠳᠠᠯ ᠪᠤᠯᠤᠨ᠎ᠠ ᠭᠡᠵᠦ ᠬᠡᠯᠡᠵᠦ ᠦᠡᠭᠭᠡᠷᠡᠵᠠᠢ᠃ ᠮᠠᠨ ᠤ ᠨᠠᠮ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠦᠭᠡᠷᠡᠴᠢᠯᠡᠯᠲᠡ ᠶᠢ ᠤᠳᠤᠷᠢᠳᠴᠤ ᠠᠮᠵᠢᠯᠲᠠ ᠤᠯᠤᠬᠰᠠᠠ ᠨᠢ ᠳᠠᠷᠤᠢ ᠡᠭᠦᠨ ᠢ ᠲᠦᠰᠢᠭᠯᠡᠪᠡ᠃ ᠰᠢᠨ᠎ᠡ ᠴᠠᠭ ᠦᠶ᠎ᠡ ᠶᠢᠨ ᠨᠦᠬᠦᠴᠡᠯ ᠲᠤᠤᠷ᠎ᠡ ᠪᠢᠳᠠ ᠦᠷᠬᠦᠯᠵᠢᠯᠡᠨ ᠤᠷᠤᠬᠰᠢᠯᠠᠬᠤ ᠳᠤ ᠡᠷᠬᠡᠪᠰᠢ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠴᠢᠩᠭᠠᠳᠬᠠᠵᠤ᠂ ᠠᠯᠢᠪᠠ ᠲᠠᠶᠢᠴᠢᠯᠡᠵᠤ ᠪᠤᠯᠬᠤ ᠢᠳᠡᠪᠬᠢ ᠬᠦᠴᠦᠨ ᠵᠦᠢᠯ ᠪᠦᠬᠦᠨ ᠢ ᠲᠠᠶᠢᠴᠢᠯᠠᠬᠤ ᠭᠡᠷᠡᠭᠳᠠᠢ᠃      ᠤᠯᠠᠨ ᠢ ᠪᠦᠯᠬᠦᠮᠳᠡᠭᠦᠯᠬᠦ ᠳᠤ᠂ ᠦᠵᠡᠯ ᠰᠠᠨᠠᠭ᠎ᠠ ᠶᠢ ᠵᠢᠯᠤᠭᠤᠳᠬᠤ᠂ ᠬᠠᠮᠲᠤ ᠶᠢᠨ ᠲᠠᠨᠢᠯᠲᠠ ᠶᠢ ᠨᠢᠬᠲᠠᠷᠠᠭᠤᠯᠬᠤ ᠨᠢ ᠳᠤᠲᠠᠬᠳᠠᠵᠤ ᠪᠤᠯᠤᠰᠢ ᠦᠭᠡᠢ ᠶᠤᠮ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠪᠦ᠋ᠳᠦᠮᠵᠢᠳᠠᠢ ᠠᠵᠢᠯᠯᠠᠬᠤ ᠪᠠᠷ ᠲᠠᠮᠵᠢᠨ᠂ ᠡᠯ᠎ᠡ ᠵᠦᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ᠂ ᠨᠠᠮ ᠤᠨ ᠰᠢᠨ᠎ᠡ ᠶᠢ ᠡᠬᠦᠳᠬᠦ ᠤᠨᠤᠯ ᠢᠶᠠᠷ ᠡᠯ᠎ᠠ ᠦᠨᠳᠦᠰᠦᠳᠡᠨ ᠡᠯ᠎ᠡ ᠡᠳᠡᠭᠡᠳ ᠤᠨ ᠲᠦᠯᠦᠭᠡᠯᠡᠭᠴᠢ ᠬᠦᠮᠦᠰ ᠢ ᠪᠦᠯᠬᠦᠮᠳᠡᠭᠦᠯᠵᠦ ᠬᠦᠮᠦᠵᠢᠬᠦᠯᠤᠨ ᠵᠢᠯᠤᠭᠤᠳᠬᠤ ᠴᠢᠬᠤᠯᠠ ᠲᠠᠪᠴᠠᠩ᠂ ᠬᠠᠮᠳᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠲᠡᠭᠡᠷ᠎ᠡ ᠵᠦᠷᠢᠴᠡᠯ ᠢ ᠰᠢᠢᠳᠪᠤᠷᠢᠯᠡᠬᠦ ᠪᠠ ᠬᠠᠮᠳᠤ ᠶᠢᠨ ᠲᠠᠨᠢᠯᠳᠠ ᠶᠢ ᠨᠢᠬᠳᠠᠷᠠᠭᠤᠯᠬᠤ ᠴᠢᠬᠤᠯᠠ ᠠᠷᠭ᠎ᠠ ᠵᠠᠮ ᠪᠤᠯᠬᠤ ᠪᠠᠷ ᠴᠢᠷᠮᠠᠶᠢᠬᠤ ᠭᠡᠷᠡᠭᠳᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠳᠤ ᠤᠷᠤᠯᠴᠠᠭᠰᠠᠠ ᠡᠯ᠎ᠠ ᠨᠠᠮ ᠪᠦᠯᠦᠭ ᠪᠦᠯᠬᠦᠮ ᠪᠤᠯᠤᠨ ᠡᠯ᠎ᠠ ᠦᠨᠳᠦᠰᠦᠲᠡᠨ ᠡᠯ᠎ᠠ ᠡᠲᠡᠭᠡᠳ ᠤᠨ ᠬᠦᠮᠦᠰ ᠤᠨ ᠨᠠᠮ ᠤᠨ ᠰᠢᠨ᠎ᠠ ᠶᠢ ᠡᠭᠦᠳᠬᠦ ᠤᠨᠤᠯ ᠢ ᠰᠤᠷᠤᠯᠴᠠᠵᠤ᠂ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠰᠤᠷᠤᠯᠴᠠᠵᠤ᠂ ᠰᠢᠨ᠎ᠠ ᠳᠤᠮᠳᠠᠳᠤ ᠤᠯᠤᠰ ᠤᠨ ᠲᠡᠦᠬᠡ ᠪᠠ ᠨᠢᠭᠡᠲᠦᠮᠡᠯ ᠹᠷᠤᠨᠲ ᠤᠨ ᠲᠡᠦᠬᠡ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠲᠡᠦᠬᠡ ᠶᠢ ᠰᠤᠷᠤᠯᠴᠠᠵᠤ᠂ ᠵᠦᠪ ᠲᠡᠦᠬᠡ ᠶᠢᠨ ᠦᠵᠡᠯᠲᠡ ᠪᠤᠯᠤᠨ ᠶᠡᠭᠡ ᠲᠠᠯ᠎ᠠ ᠶᠢᠨ ᠦᠵᠡᠯᠲᠡ ᠶᠢ ᠪᠤᠢ ᠪᠤᠯᠭᠠᠬᠤ ᠶᠢ ᠵᠢᠯᠤᠭᠤᠳᠬᠤ ᠬᠡᠷᠡᠭᠲᠡᠢ᠃      ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠬᠤ ᠳᠤ᠂ ᠨᠢᠭᠡᠳᠦᠯᠳᠠᠢ ᠴᠢᠨᠠᠷ ᠪᠠ ᠤᠯᠠᠨ ᠶᠠᠩᠵᠤᠳᠤ ᠴᠢᠨᠠᠷ ᠤᠨ ᠬᠠᠷᠢᠴᠠᠭ᠎ᠠ ᠶᠢ ᠵᠦᠪ ᠢᠶᠠᠷ ᠰᠢᠢᠳᠪᠤᠷᠢᠯᠡᠬᠦ ᠭᠡᠷᠡᠭᠳᠠᠢ᠃ ᠨᠢᠭᠡᠳᠦᠯᠳᠠᠢ ᠴᠢᠨᠠᠷ ᠭᠡᠳᠡᠭ ᠨᠢ ᠬᠠᠮᠳᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠤ ᠨᠢᠭᠡᠳᠦᠯ ᠢ ᠬᠡᠯᠡᠵᠤ ᠪᠠᠶᠢᠨ᠎ᠠ᠂ ᠤᠯᠠᠨ ᠶᠠᠩᠵᠤᠳᠤ ᠴᠢᠨᠠᠷ ᠭᠡᠳᠡᠭ ᠨᠢ ᠠᠰᠢᠭ ᠲᠤᠰᠠ ᠤᠯᠠᠨ ᠡᠰᠢᠳᠤ᠂ ᠦᠵᠡᠯ ᠰᠠᠨᠠᠭ᠎ᠠ ᠤᠯᠠᠨ ᠶᠠᠩᠵᠤ ᠶᠢᠨ ᠪᠠᠶᠢᠬᠤ ᠶᠢᠨ ᠲᠤᠰᠬᠠᠯ ᠮᠦᠨ᠂ ᠤᠯᠠᠨ ᠶᠠᠩᠵᠤᠳᠤ ᠴᠢᠨᠠᠷ ᠢ ᠬᠦᠨᠳᠦᠳᠭᠡᠬᠦ ᠲᠤᠮᠳᠠ ᠨᠢᠭᠡᠳᠦᠯᠳᠠᠢ ᠴᠢᠨᠠᠷ ᠢ ᠡᠷᠢᠯᠬᠢᠯᠡᠬᠦ ᠬᠡᠷᠡᠭᠲᠡᠢ᠂ ︽ᠨᠢᠭᠡ ᠯᠡ ᠬᠡᠪ︾ ᠤᠨ ᠪᠤᠯᠭᠠᠵᠤ ᠪᠤᠯᠬᠤ ᠦᠭᠡᠢ᠃ ᠨᠢᠭᠡᠲᠦᠮᠡᠯ ᠹᠷᠤᠨᠲ ᠤᠨ ᠳᠤᠲᠤᠭᠠᠳᠤ ᠶᠢᠨ ᠦᠵᠡᠯ ᠰᠠᠨᠠᠭᠠᠨ ᠤ ᠬᠠᠨᠲᠤᠰᠢ ᠪᠠᠶᠢᠳᠠᠯ ᠢ ᠴᠠᠭ ᠲᠤᠬᠠᠢ ᠳᠤᠨᠢ ᠤᠶᠢᠯᠠᠭᠠᠵᠤ᠂ ᠬᠦᠨᠳᠡᠭᠦᠷᠢ ᠴᠡᠭ᠂ ᠠᠶᠤᠯ ᠲᠦᠭᠰᠢᠭᠦᠷᠢᠲᠦ ᠴᠡᠭ᠂ ᠠᠩᠬᠠᠷᠤᠯ ᠤᠨ ᠴᠡᠭ ᠳᠡᠭᠡᠷ᠎ᠠ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠬᠤ ᠶᠢ ᠪᠠᠶᠢᠡᠭᠭᠤ ᠶᠢᠨ ᠴᠢᠨᠠᠷᠳᠠᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠲᠠᠢ ᠪᠠᠨ ᠤᠶᠠᠯᠳᠤᠭᠤᠯᠵᠤ᠂ ᠠᠳᠠᠯᠢ ᠲᠠᠯ᠎ᠠ ᠪᠠᠨ ᠡᠷᠢᠵᠤ ᠠᠳᠠᠯᠢ ᠪᠤᠰᠤ ᠲᠠᠯ᠎ᠠ ᠪᠠᠨ ᠲᠦᠷ ᠲᠠᠯᠪᠢᠵᠤ᠂ ᠠᠳᠠᠯᠢ ᠲᠠᠯ᠎ᠠ ᠪᠠᠨ ᠨᠢᠭᠡᠳᠭᠡᠨ ᠵᠦᠷᠢᠶ᠎ᠡ ᠲᠠᠢ ᠲᠠᠯ᠎ᠠ ᠪᠠᠨ ᠠᠷᠢᠯᠭᠠᠵᠤ᠂ ᠡᠯ᠎ᠡ ᠨᠠᠮ ᠪᠦᠯᠦᠭ ᠪᠦᠯᠬᠦᠮ ᠪᠤᠯᠤᠨ ᠡᠯ᠎ᠠ ᠦᠨᠳᠦᠰᠦᠳᠡᠨ ᠡᠯ᠎ᠡ ᠡᠳᠡᠭᠡᠳ ᠤᠨ ᠬᠦᠮᠦᠰ ᠤᠨ ᠦᠵᠡᠯ ᠰᠠᠨᠠᠭᠠᠨ ᠤ ᠳᠠᠯ᠎ᠠ ᠪᠠᠷ ᠬᠠᠮᠳᠤ ᠪᠠᠷ ᠳᠠᠪᠰᠢᠬᠤ ᠶᠢ ᠠᠬᠢᠭᠤᠯᠬᠤ ᠭᠡᠷᠡᠭᠳᠠᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠡᠯ᠎ᠡ ᠡᠳᠡᠭᠡᠳ ᠤᠨ ᠤᠯᠠᠨ ᠲᠦᠮᠡᠨ ᠲᠠᠢ ᠦᠷᠬᠡᠨ ᠢᠶᠠᠷ ᠬᠠᠷᠢᠯᠴᠠᠬᠤ ᠪᠠ ᠲᠡᠲᠡᠨ ᠢ ᠦᠷᠭᠡᠨ ᠢᠶᠠᠷ ᠲᠠᠶᠢᠴᠢᠯᠡᠵᠤ᠂ ᠨᠠᠮ ᠪᠠ ᠵᠠᠰᠠᠭ ᠤᠨ ᠤᠷᠳᠤᠨ ᠢ ᠬᠠᠪᠰᠤᠷᠤᠨ ᠬᠠᠷᠢᠴᠠᠭ᠎ᠠ ᠶᠢ ᠵᠤᠬᠢᠴᠠᠭᠤᠯᠬᠤ᠂ ᠰᠡᠳᠭᠢᠯ ᠢ ᠰᠢᠯᠤᠭᠤᠳᠬᠠᠬᠤ᠂ ᠵᠦᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠡᠰᠢᠬᠦᠳ ᠤᠨ ᠦᠨᠳᠦᠰᠤᠨ ᠱᠠᠳᠤᠨ ᠳᠤ ᠬᠦᠨᠵᠡᠭᠡᠶᠢᠷᠠᠨ᠂ ᠡᠳᠡᠭᠡᠳ ᠢᠯᠭᠠᠯ ᠤᠨ ᠢᠶᠠᠨ ᠤᠯᠠᠨ ᠲᠦᠮᠡᠨ ᠤ ᠲᠤᠮᠳᠠ ᠬᠦᠨᠵᠡᠭᠡᠶᠢᠷᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠲᠤᠰᠬᠠᠵᠤ᠂ ᠨᠠᠮ ᠪᠠ ᠤᠯᠤᠰ ᠤᠨ ᠴᠢᠭᠯᠡᠯᠳᠠ ᠲᠦᠷᠦ ᠶᠢᠨ ᠪᠤᠳᠤᠯᠭ᠎ᠠ ᠶᠢ ᠬᠦᠨᠵᠡᠭᠡᠢ ᠤᠬᠠᠭᠤᠯᠬᠤ ᠶᠢ ᠵᠤᠷᠢᠬᠵᠢᠭᠤᠯᠤᠨ ᠲᠠᠮᠵᠢᠬᠦ ᠭᠡᠷᠡᠭᠳᠠᠢ      ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠬᠡᠯᠰᠢᠬᠦᠯᠬᠦ ᠳᠤ᠂ ᠪᠦᠯᠬᠦᠮᠳᠡᠨ ᠳᠡᠮᠡᠴᠡᠬᠦ ᠢᠳᠡᠪᠬᠢ ᠬᠦᠴᠦᠨ ᠢ ᠦᠷᠬᠡᠨ ᠢᠶᠠᠷ ᠬᠤᠷᠠᠮᠳᠤᠭᠤᠯᠬᠤ ᠬᠡᠷᠡᠭᠳᠡᠢ᠃ ᠠᠷᠠᠳ ᠤᠨ ᠤᠯᠤᠰ ᠲᠦᠷᠦ ᠶᠢᠨ ᠵᠦᠪᠯᠡᠯᠭᠡᠨ ᠨᠢ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠭᠡᠷᠡᠭᠵᠢᠬᠦᠯᠬᠦ ᠴᠢᠬᠤᠯᠠ ᠤᠯᠤᠰ ᠲᠦᠷᠦ ᠶᠢᠨ ᠬᠡᠯᠪᠡᠷᠢ ᠪᠠ ᠵᠤᠬᠢᠶᠠᠨ ᠪᠠᠶᠢᠭᠤᠯᠤᠯᠲᠠ ᠶᠢᠨ ᠭᠡᠯᠪᠡᠷᠢ ᠪᠤᠯᠬᠤ ᠦᠢᠯᠡᠳᠦᠯ ᠢ ᠪᠠᠳᠠᠷᠠᠭᠤᠯᠵᠤ᠂ ᠡᠯ᠎ᠡ ᠠᠷᠠᠳᠴᠢᠯᠠᠭᠰᠡᠨ ᠨᠠᠮ ᠪᠦᠯᠦᠭ ᠤᠨ ᠬᠢᠨ ᠲᠤᠰ ᠨᠠᠮ ᠪᠦᠯᠦᠭ ᠤᠨ ᠢᠶᠠᠨ ᠨᠠᠷ᠎ᠡ ᠪᠠᠷ ᠤᠯᠤᠰ ᠲᠦᠷᠦ ᠶᠢᠨ ᠵᠦᠪᠯᠡᠯᠭᠡᠨ ᠳᠤ ᠰᠠᠨᠠᠯ ᠢᠶᠠᠨ ᠬᠡᠯᠡᠵᠤ᠂ ᠰᠠᠨᠠᠭᠤᠯᠭ᠎ᠠ ᠲᠤᠷᠠᠳᠬᠤ ᠳᠤ ᠲᠤᠬᠳᠠᠴᠠ ᠶᠢᠨ ᠴᠢᠨᠠᠷᠳᠠᠢ ᠲᠤᠬᠢᠷᠠᠭᠤᠯᠤᠯᠳᠠ ᠬᠢᠬᠦ ᠭᠡᠷᠡᠭᠳᠠᠢ᠃ ᠨᠠᠮ ᠤᠨ ᠭᠠᠳᠠᠨᠠᠬᠢ ᠰᠡᠭᠡᠭᠡᠳᠡᠳ᠂ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠮᠦᠰ᠂ ᠰᠢᠨ᠎ᠡ ᠨᠡᠶᠢᠭᠡᠮ ᠤᠨ ᠲᠠᠪᠬᠤᠷᠭ᠎ᠠ ᠶᠢᠨ ᠬᠦᠮᠦᠰ ᠯᠦᠭᠡ ᠬᠤᠯᠪᠤᠭ᠎ᠠ ᠠᠪᠴᠤ ᠤᠯᠤᠯᠴᠠᠵᠤ ᠨᠡᠪᠲᠡᠷᠡᠯᠴᠡᠬᠦ ᠲᠤᠬᠳᠠᠴᠠ ᠶᠢ ᠪᠦᠷᠢᠨᠰᠢᠬᠦᠯᠬᠦ ᠭᠡᠷᠡᠭᠳᠠᠢ᠃ ᠨᠠᠮ ᠤᠨ ᠦᠨᠲᠦᠰᠦᠲᠡᠡ ᠤ ᠲᠤᠬᠠᠢ ᠲᠦᠷᠦ ᠶᠢᠨ ᠪᠤᠲᠤᠯᠭ᠎ᠠ ᠪᠤᠯᠤᠨ ᠱᠠᠰᠢᠨ ᠰᠤᠷᠲᠠᠬᠤᠨ ᠤ ᠲᠤᠬᠠᠢ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠦᠨᠳᠦᠰᠦᠳᠡᠨ ᠨᠦᠭᠦᠳ ᠤᠨ ᠬᠤᠭᠤᠷᠤᠨᠳᠤᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠦ᠂ ᠱᠠᠰᠢᠨ ᠰᠤᠷᠳᠠᠬᠤᠨ ᠤ ᠬᠢᠨ ᠢ ᠬᠦᠳᠦᠯᠦᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠳᠤ ᠨᠡᠶᠢᠭᠡᠮ ᠯᠦᠭᠡ ᠵᠤᠬᠢᠴᠠᠯᠳᠤᠭᠤᠯᠬᠤ ᠬᠡᠷᠡᠭᠳᠡᠢ᠃ ︽ᠨᠢᠬᠡ ᠤᠯᠤᠰ ᠬᠤᠶᠠᠷ ᠪᠠᠶᠢᠭᠤᠯᠤᠯ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠸᠠᠴᠤᠳ ᠤᠤᠮᠸᠠ ᠢᠶᠠᠨ ᠵᠠᠰᠠᠬᠤ︾ ᠂ ᠳᠡᠬᠡᠳᠦ ᠬᠡᠮᠵᠢᠶ᠎ᠠ ᠪᠠᠷ ᠦᠪᠡᠷᠳᠡᠬᠡᠨ ᠵᠠᠰᠠᠬᠤ ᠴᠢᠭᠯᠡᠯᠳᠡ ᠶᠢ ᠪᠦᠬᠦ ᠳᠠᠯ᠎ᠠ ᠪᠠᠷ ᠵᠦᠪ ᠤᠨᠤᠪᠴᠢᠳᠠᠢ ᠳᠤᠭᠤᠰᠢᠯᠠᠭᠤᠯᠵᠦ᠂ ᠰᠢᠶᠠᠩᠭᠠᠩ ᠤᠤᠮᠸᠠ ᠤ ᠭᠡᠰᠢᠭᠦᠳ ᠢ ᠬᠦᠲᠦᠯᠦᠨ ᠵᠢᠯᠤᠭᠤᠳᠴᠤ ᠪᠠᠶᠢᠭᠠᠳ ᠤᠨᠴᠠᠭᠠᠢ ᠵᠠᠰᠠᠭ ᠵᠠᠬᠢᠷᠭᠠᠠ ᠤ ᠤᠷᠤᠨ ᠤ ᠵᠠᠰᠠᠭ ᠤᠨ ᠤᠷᠲᠤᠨ ᠪᠤᠯᠤᠨ ᠵᠠᠰᠠᠭ ᠵᠠᠬᠢᠷᠭᠠᠠ ᠤ ᠲᠠᠷᠤᠭ᠎ᠠ ᠶᠢᠨ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠲᠡᠮᠵᠢᠵᠦ᠂ ᠡᠭᠡ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠤᠤᠮᠸᠠ ᠢᠶᠠᠨ ᠬᠠᠶᠢᠷᠠᠯᠠᠬᠤ ᠬᠦᠴᠤᠨ ᠢ ᠬᠦᠭᠵᠢᠭᠦᠯᠦᠨ ᠪᠤᠵᠠᠭᠠᠶᠢᠷᠠᠭᠤᠯᠬᠤ ᠭᠡᠷᠡᠭᠲᠡᠢ᠃ ᠨᠢᠬᠡ ᠳᠤᠮᠳᠠᠳᠤ ᠤᠯᠤᠰ ᠪᠠᠶᠢᠬᠤ ᠵᠠᠷᠴᠢᠮ ᠪᠤᠯᠤᠨ ︽ᠶᠡᠷᠡᠨ ᠬᠤᠶᠠᠷ ᠤᠨ ᠤ ᠬᠠᠮᠳᠤ ᠶᠢᠨ ᠳᠠᠨᠢᠯᠳᠠ︾ ᠶᠢ ᠪᠠᠷᠢᠮᠳᠠᠯᠠᠵᠦ᠂ ᠲᠠᠶᠢᠸᠠᠠ ᠠᠷᠠᠯ ᠤᠨ ᠲᠤᠲᠤᠭᠠᠲᠤᠬᠢ ᠬᠤᠯᠪᠤᠭᠲᠠᠯ ᠪᠦᠬᠦᠢ ᠨᠠᠮ ᠪᠦ᠋ᠯᠦᠭ ᠪᠦᠯᠭᠦᠮ᠂ ᠨᠡᠶᠢᠭᠡᠮ ᠤᠨ ᠵᠤᠬᠢᠶᠠᠠ ᠪᠠᠶᠢᠭᠤᠯᠤᠯᠲᠠ᠂ ᠡᠯ᠎ᠠ ᠡᠲᠡᠭᠡᠳ ᠤᠨ ᠬᠦᠮᠦᠰ ᠯᠦᠭᠡ ᠶᠢᠨ ᠶᠠᠪᠤᠯᠴᠠᠭ᠎ᠠ ᠰᠤᠯᠢᠯᠴᠠᠭ᠎ᠠ ᠪᠠᠨ ᠦᠷᠭᠡᠳᠭᠡᠵᠦ᠂ ᠲᠠᠶᠢᠸᠠᠠ ᠬᠤᠭᠤᠯᠠᠢ ᠶᠢᠨ ᠬᠤᠶᠠᠷ ᠬᠦᠪᠡᠭᠡ ᠶᠢᠨ ᠠᠭᠤᠰᠤᠯᠴᠠᠠ ᠬᠦᠭᠵᠢᠭᠦ ᠶᠢ ᠭᠦᠨᠵᠡᠭᠡᠶᠢᠷᠡᠭᠦᠯᠦᠨ ᠠᠬᠢᠭᠤᠯᠵᠦ᠂ ︽ᠳᠠᠶᠢᠸᠠᠨ ᠢ ᠳᠤᠰᠠᠭᠠᠷ ᠳᠤᠬᠳᠠᠨᠢᠭᠤᠯᠬᠤ︾ ᠶᠠᠮᠠᠷᠪᠠ ᠬᠡᠯᠪᠡᠷᠢ ᠶᠢᠨ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠬᠦᠴᠡᠬᠦ ᠬᠡᠷᠡᠭᠳᠡᠢ᠃ ᠭᠠᠲᠠᠭᠠᠲᠦ ᠳᠠᠬᠢ ᠳᠤᠮᠳᠠᠳᠤ ᠶᠢᠨ ᠬᠠᠷᠢᠶᠠᠲᠦ ᠠᠬ᠎ᠠ ᠳᠡᠭᠦᠦ ᠨᠠᠷ ᠲᠠᠢ ᠦᠷᠭᠡᠨ ᠢᠶᠠᠷ ᠪᠦᠯᠬᠦᠮᠳᠡᠵᠤ᠂ ᠬᠠᠷᠢᠶᠠᠲᠦ ᠠᠬ᠎ᠠ ᠲᠡᠬᠦᠤ ᠨᠠᠷ ᠤᠨ ᠲᠦᠯᠦᠭᠡᠯᠡᠭᠴᠢᠳ ᠢ ᠤᠯᠤᠰ ᠲᠦᠷᠦ ᠶᠢᠨ ᠵᠦᠪᠯᠡᠯᠭᠡᠨ ᠤ ᠠᠵᠢᠯᠯᠠᠭ᠎ᠠ ᠳᠤ ᠤᠷᠤᠯᠴᠠᠭᠤᠯᠬᠤ ᠪᠠᠷ ᠴᠢᠷᠮᠠᠶᠢᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠶᠠᠪᠤᠯᠴᠠᠭ᠎ᠠ ᠶᠢ ᠢᠳᠡᠪᠬᠢᠳᠡᠢ ᠦᠷᠨᠢᠬᠦᠯᠵᠦ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ ᠳᠤ ᠢᠳᠡᠪᠬᠢ ᠬᠦᠴᠦᠨ ᠨᠡᠮᠡᠷᠢᠯᠡᠬᠦ ᠬᠡᠷᠡᠭᠳᠡᠢ᠃      ᠭᠤᠷᠪᠠᠳᠤᠭᠠᠷ ᠲᠤ᠂ ᠬᠡᠰᠢᠬᠦᠨ ᠤ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠳᠡᠢ᠃ ᠤᠯᠤᠰ ᠲᠦᠷᠦ ᠶᠢᠨ ᠵᠦᠪᠯᠡᠯᠭᠡᠡ ᠤ ᠭᠡᠰᠢᠭᠦᠨ ᠨᠢ ᠡᠯ᠎ᠠ ᠨᠠᠮ ᠪᠦ᠋ᠯᠦᠭ ᠪᠦᠯᠬᠦᠮ ᠪᠤᠯᠤᠨ ᠡᠯ᠎ᠠ ᠦᠨᠲᠦᠰᠤᠲᠡᠡ ᠡᠯ᠎ᠠ ᠡᠲᠡᠭᠡᠳ ᠤᠨ ᠲᠦᠯᠦᠭᠡᠯᠡᠭᠴᠢ ᠬᠦᠮᠦᠨ ᠪᠤᠯᠤᠭᠰᠠᠠ ᠤ ᠬᠤᠪᠢ ᠳᠤ᠂ ᠲᠡᠲᠡᠨ ᠢ ᠡᠯ᠎ᠠ ᠲᠠᠯ᠎ᠠ ᠶᠢᠨ ᠬᠢᠨ ᠠᠴᠠ ᠲᠦᠪ ᠬᠢᠴᠢᠶᠡᠩᠭᠦᠢ ᠪᠠᠷ ᠵᠦᠪᠲᠠᠯᠴᠠᠵᠤ ᠰᠤᠩᠭᠤᠨ ᠲᠤᠭᠲᠠᠭᠠᠲᠠᠭ᠂ ᠲᠡᠲᠡ ᠡᠯ᠎ᠠ ᠡᠲᠡᠭᠡᠳ ᠤᠨ ᠤᠯᠠᠠ ᠲᠦᠮᠡᠡ ᠢ ᠲᠦᠯᠦᠭᠡᠯᠡᠨ ᠲᠦᠷᠦ ᠶᠢᠨ ᠶᠠᠪᠤᠲᠠᠯ ᠳᠤ ᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠲᠡᠭ ᠶᠤᠮ᠃ ᠡᠨᠡ ᠪᠤᠯ ᠢᠷᠠᠭᠤ ᠠᠯᠲᠠᠷ᠂ ᠨᠡᠩ ᠴᠤ ᠡᠬᠦᠷᠬᠡ ᠬᠠᠷᠢᠭᠤᠴᠠᠯᠭ᠎ᠠ ᠮᠦᠨ᠃ ᠦᠷᠭᠡᠡ ᠤᠯᠠᠠ ᠤᠯᠤᠰ ᠲᠦᠷᠦ ᠶᠢᠨ ᠵᠦᠪᠯᠡᠯᠭᠡᠡ ᠤ ᠭᠡᠰᠢᠭᠦᠨ ᠤᠯᠤᠰ ᠤᠷᠤᠨ ᠤ ᠪᠠᠨ ᠲᠦᠯᠦᠭᠡ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ᠂ ᠠᠷᠠᠳ ᠲᠦᠮᠡᠨ ᠤ ᠲᠦᠯᠦᠭᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠰᠡᠳᠭᠢᠯᠭᠡ ᠪᠠᠷ ᠦᠢᠯᠡᠰ ᠢᠶᠠᠨ ᠳᠡᠭᠡᠳᠦᠯᠡᠵᠦ᠂ ᠬᠠᠷᠢᠭᠤᠴᠠᠯᠭ᠎ᠠ ᠪᠠᠨ ᠡᠬᠦᠷᠭᠡᠯᠡᠡ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠬᠦ ᠬᠡᠷᠡᠭᠳᠡᠢ᠃    ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠪᠤᠯ ᠤᠯᠠᠨ ᠬᠦᠷᠢᠶ᠎ᠡ ᠴᠠᠷᠠᠭ᠎ᠠ ᠠᠴᠠ ᠢᠷᠡᠭᠰᠡᠡ ᠬᠦᠮᠦᠰ ᠪᠤᠯᠬᠤᠷ ᠵᠠᠷᠢᠮ ᠠᠰᠠᠭᠤᠳᠠᠯ ᠤᠨ ᠳᠠᠯ᠎ᠠ ᠪᠠᠷ ᠦᠵᠡᠯᠳᠡ ᠳᠠᠨᠢᠯᠳᠠ ᠠᠳᠠᠯᠢ ᠪᠤᠰᠤ ᠪᠠᠶᠢᠵᠦ ᠮᠡᠳᠡᠨ᠎ᠠ᠂ ᠬᠡᠪᠡᠴᠦ ᠤᠯᠤᠰ ᠳᠦᠷᠦ ᠶᠢᠨ ᠵᠤᠬᠰᠤᠯᠳᠠ ᠪᠠᠲᠦ ᠲᠤᠲᠤᠷᠬᠠᠢ᠂ ᠤᠯᠤᠰ ᠳᠦᠷᠦ ᠶᠢᠨ ᠵᠠᠷᠴᠢᠮ ᠭᠤᠶᠢᠪᠢᠰᠢ ᠦᠭᠡᠢ ᠪᠠᠶᠢᠬᠤ ᠬᠡᠷᠡᠭᠲᠡᠢ᠃ ᠡᠷᠬᠡᠪᠰᠢ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠰᠤᠷᠤᠯᠴᠠᠨ ᠳᠤᠭᠤᠰᠢᠯᠠᠭᠤᠯᠵᠦ᠂ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠲᠤᠬᠠᠢ ᠤᠯᠤᠰ ᠳᠦᠷᠦ ᠶᠢᠨ ᠬᠠᠮᠳᠤ ᠶᠢᠨ ᠳᠠᠨᠢᠯᠳᠠ᠂ ᠦᠵᠡᠯ ᠰᠠᠨᠠᠭᠠᠨ ᠤ ᠬᠠᠮᠳᠤ ᠶᠢᠨ ᠳᠠᠨᠢᠯᠳᠠ᠂ ᠤᠨᠤᠯ ᠤᠨ ᠬᠠᠮᠳᠤ ᠶᠢᠨ ᠳᠠᠨᠢᠯᠳᠠ᠂ ᠰᠡᠳᠬᠢᠯᠬᠡ ᠶᠢᠨ ᠬᠠᠮᠳᠤ ᠶᠢᠨ ᠳᠠᠨᠢᠯᠳᠠ ᠪᠠᠨ ᠳᠠᠰᠤᠷᠠᠯᠳᠠ ᠦᠬᠡᠢ ᠴᠢᠩᠭᠠᠷᠠᠭᠤᠯᠬᠤ ᠬᠡᠷᠡᠭᠳᠡᠢ᠃ ᠦᠵᠡᠯ ᠰᠠᠨᠠᠭᠠᠨ ᠤ ᠲᠦᠪᠰᠢᠨ ᠪᠤᠯᠤᠨ ᠲᠠᠨᠢᠯᠲᠠ ᠶᠢᠨ ᠴᠢᠲᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠭᠦᠯᠦᠨ᠂ ᠡᠯ᠎ᠠ ᠳᠠᠯ᠎ᠠ ᠶᠢᠨ ᠮᠡᠳᠡᠯᠬᠡ ᠶᠢ ᠦᠷᠬᠡᠨ ᠢᠶᠠᠷ ᠰᠤᠷᠤᠯᠴᠠᠵᠦ ᠂ ᠤᠯᠤᠰ ᠳᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠠᠷᠭ᠎ᠠ ᠬᠡᠯᠪᠡᠷᠢ ᠶᠢ ᠤᠨᠤᠪᠴᠢᠳᠠᠢ ᠡᠵᠡᠮᠰᠢᠵᠦ᠂ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠦ᠂ ᠢᠲᠡᠪᠬᠢᠲᠡᠢ ᠪᠠᠷ ᠰᠠᠨᠠᠯ ᠰᠠᠨᠠᠭᠤᠯᠭ᠎ᠠ ᠭᠠᠷᠭᠠᠨ ᠠᠷᠭ᠎ᠠ ᠤᠬᠠᠭᠠᠨ ᠡᠷᠭᠦᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠲᠠᠪᠤᠷᠢ ᠶᠢ ᠪᠦᠬᠦ ᠲᠠᠯ᠎ᠠ ᠪᠠᠷ ᠴᠢᠩᠭᠠᠳᠬᠠᠬᠤ ᠭᠡᠷᠡᠭᠲᠡᠢ᠃ ᠬᠦᠬᠦᠷᠬᠡ ᠬᠤᠯᠪᠤᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠡᠳᠡᠭᠡᠳ ᠢᠯᠭᠠᠯ ᠤᠨ ᠢᠶᠠᠨ ᠤᠯᠠᠨ ᠳᠦᠮᠡᠨ ᠳᠤ ᠳᠠᠭᠠᠷᠠᠬᠰᠠᠨ ᠦᠶ᠎ᠠ ᠳᠤᠨᠢ ᠳᠠᠬᠤ ᠬᠦᠷᠬᠡᠬᠦ᠂ ᠶᠠᠳᠠᠭᠤ ᠶᠢ ᠳᠡᠳᠬᠦᠨ ᠬᠦᠴᠢᠷᠳᠡᠯ ᠢ ᠳᠤᠰᠠᠯᠠᠬᠤ ᠠᠵᠢᠯ ᠢ ᠢᠯᠡᠬᠦᠬᠡᠨ ᠬᠢᠵᠦ᠂ ᠤᠷᠢᠬᠠᠨ ᠰᠠᠯᠬᠢ ᠦᠭᠬᠢᠶᠡᠮᠤᠷ ᠬᠤᠷ᠎ᠠ ᠪᠤᠯᠬᠤ᠂ ᠰᠡᠵᠢᠭ ᠢ ᠨᠢ ᠲᠠᠶᠢᠯᠵᠤ ᠡᠭᠡᠲᠡᠷᠡᠭᠡᠨ ᠲᠠᠢ ᠠᠰᠠᠭᠤᠲᠠᠯ ᠢ ᠨᠢ ᠠᠷᠢᠯᠭᠠᠵᠤ ᠦᠭᠬᠦ ᠠᠵᠢᠯ ᠢ ᠢᠯᠡᠬᠦᠬᠡᠨ ᠬᠢᠵᠦ᠂ ᠰᠠᠨᠠᠭ᠎ᠠ ᠰᠡᠳᠬᠢᠯ ᠢ ᠰᠢᠯᠤᠭᠤᠳᠬᠠᠵᠤ ᠵᠦᠷᠢᠴᠡᠯ ᠢ ᠠᠷᠢᠯᠭᠠᠬᠤ ᠠᠵᠢᠯ ᠢ ᠢᠯᠡᠬᠦᠬᠡᠨ ᠬᠢᠬᠦ ᠬᠡᠷᠡᠭᠳᠡᠢ᠃ ᠦᠨᠳᠦᠰᠦᠨ ᠬᠠᠤᠯᠢ ᠬᠠᠤᠯᠢ ᠴᠠᠭᠠᠵᠠ ᠪᠤᠯᠤᠨ ᠤᠯᠤᠰ ᠳᠦᠷᠦ ᠶᠢᠨ ᠵᠦᠪᠯᠡᠯᠬᠡᠨ ᠤ ᠳᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠦ᠂ ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠲᠠ ᠶᠢ ᠢᠲᠠᠪᠬᠢᠲᠠᠢ ᠦᠢᠯᠡᠲᠦᠯᠭᠡᠵᠢᠭᠦᠯᠦᠨ᠂ ᠶᠤᠰᠤ ᠰᠤᠷᠲᠠᠬᠤᠨ ᠵᠠᠩ ᠴᠢᠨᠠᠷ ᠢᠶᠠᠨ ᠲᠠᠪᠲᠠᠠ ᠪᠤᠯᠪᠠᠰᠤᠷᠠᠭᠤᠯᠵᠦ᠂ ᠠᠷᠢᠭᠤᠨ ᠴᠢᠭᠡᠴᠢ ᠪᠠᠷ ᠪᠡᠶ᠎ᠠ ᠪᠠᠨ ᠴᠢᠩᠭ᠎ᠠ ᠱᠠᠭᠠᠷᠲᠠᠨ᠂ ᠵᠢᠱᠢᠶᠠᠴᠢ ᠠᠵᠢᠯᠯᠠᠭ᠎ᠠ ᠪᠠᠷ ᠢᠶᠠᠨ ᠰᠢᠨ᠎ᠠ ᠴᠠᠭ ᠦᠶ᠎ᠠ ᠶᠢᠨ ᠤᠯᠤᠰ ᠲᠦᠷᠦ ᠶᠢᠨ ᠵᠦᠪᠯᠡᠯᠭᠡᠡ ᠤ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃      ᠨᠦᠬᠦᠳ ᠡ᠂ ᠨᠠᠶᠢᠵᠠ ᠨᠠᠷ ᠡ︕      ᠡᠯ᠎ᠠ ᠱᠠᠲᠤᠨ ᠤ ᠨᠠᠮ ᠤᠨ ᠬᠤᠷᠢᠶ᠎ᠠ ᠠᠷᠠᠳ ᠤᠨ ᠤᠯᠤᠰ ᠲᠦᠷᠦ ᠶᠢᠨ ᠵᠦᠪᠯᠡᠯᠭᠡᠡ ᠤ ᠠᠵᠢᠯ ᠢ ᠡᠳᠦᠷ ᠲᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠨᠡᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠤᠯᠤᠰ ᠳᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠶᠢᠯᠡᠩ ᠤᠨ ᠠᠵᠢᠯ᠂ ᠤᠯᠤᠰ ᠳᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠳᠤᠬᠳᠠᠬᠰᠠᠨ ᠬᠤᠭᠤᠴᠠᠭ᠎ᠠ ᠲᠠᠢ ᠪᠠᠷ ᠰᠤᠨᠤᠰᠬᠤ ᠳᠦᠷᠢᠮ ᠢ ᠪᠠᠷᠢᠮᠳᠠᠯᠠᠵᠦ᠂ ᠤᠯᠤᠰ ᠳᠦᠷᠦ ᠶᠢᠨ ᠵᠦᠪᠯᠡᠯᠬᠡᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠱᠤᠭᠤᠮ ᠴᠢᠭᠯᠡᠯᠳᠡ ᠳᠦᠷᠦ ᠶᠢᠨ ᠪᠤᠳᠤᠯᠭ᠎ᠠ ᠵᠡᠷᠬᠡ ᠶᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠬᠢᠬᠦ ᠬᠡᠷᠡᠭᠳᠡᠢ᠃ ᠤᠯᠤᠰ ᠲᠦᠷᠦ ᠶᠢᠨ ᠵᠦᠪᠯᠡᠯᠭᠡᠡ ᠤ ᠵᠤᠬᠢᠶᠠᠠ ᠪᠠᠶᠢᠭᠤᠯᠤᠯᠲᠠ ᠶᠢᠨ ᠠᠵᠢᠯ ᠢᠶᠠᠨ ᠦᠷᠨᠢᠭᠦᠯᠬᠦ ᠳᠤ ᠠᠰᠢᠭᠲᠠᠢ ᠨᠦᠬᠦᠴᠡᠯ ᠢ ᠪᠦᠷᠢᠯᠲᠦᠭᠦᠯᠦᠨ ᠦᠭᠴᠤ᠂ ᠤᠯᠤᠰ ᠲᠦᠷᠦ ᠶᠢᠨ ᠵᠦᠪᠯᠡᠯᠭᠡᠡ ᠤ ᠤᠲᠤᠷᠢᠳᠬᠤ ᠪᠠᠭ ᠲᠤ ᠰᠢᠯᠢᠳᠡᠭ ᠴᠢᠩᠭ᠎ᠠ ᠬᠦᠴᠦᠨ ᠢ ᠲᠤᠬᠢᠷᠠᠭᠤᠯᠵᠦ᠂ ᠬᠤᠳᠠ ᠰᠢᠶᠠᠨ ᠤ ᠱᠠᠳᠤᠨ ᠤ ᠤᠯᠤᠰ ᠳᠦᠷᠦ ᠶᠢᠨ ᠵᠦᠪᠯᠡᠯᠬᠡᠨ ᠤ ᠰᠠᠭᠤᠷᠢ ᠠᠵᠢᠯ ᠪᠠᠭᠤᠷᠠᠢ ᠪᠠᠶᠢᠭ᠎ᠠ᠂ ᠬᠦᠮᠦᠨ ᠤ ᠬᠦᠴᠦᠨ ᠬᠦᠷᠦᠯᠴᠡᠬᠦ ᠦᠬᠡᠢ ᠪᠠᠶᠢᠭ᠎ᠠ ᠵᠡᠷᠬᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠬᠦ ᠬᠡᠷᠡᠭᠳᠡᠢ᠃ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠠ ᠤᠯᠤᠰ ᠲᠦᠷᠦ ᠶᠢᠨ ᠵᠦᠪᠯᠡᠯᠭᠡᠡ ᠤ ᠴᠢᠬᠤᠯᠠ ᠠᠵᠢᠯᠯᠠᠭ᠎ᠠ ᠳᠤ ᠲᠦᠷᠦᠭᠦᠯᠡᠨ ᠤᠷᠤᠯᠴᠠᠵᠦ᠂ ᠨᠠᠮ ᠤᠨ ᠭᠠᠲᠠᠨᠠᠬᠢ ᠬᠦᠮᠦᠰ ᠲᠠᠢ ᠦᠷᠭᠡᠡ ᠢᠶᠠᠷ ᠨᠠᠶᠢᠵᠠᠯᠠᠵᠦ ᠬᠦᠨᠵᠡᠭᠡᠢ ᠨᠠᠶᠢᠵᠠᠯᠠᠬᠤ ᠭᠡᠷᠡᠭᠲᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠪᠤᠯᠤᠨ ᠵᠤᠬᠢᠶᠠᠨ ᠪᠠᠶᠢᠭᠤᠯᠬᠤ᠂ ᠤᠬᠠᠭᠤᠯᠬᠤ᠂ ᠨᠢᠬᠡᠳᠦᠮᠡᠯ ᠹᠷᠤᠨᠲ ᠵᠡᠷᠬᠡ ᠰᠠᠯᠠᠭ᠎ᠠ ᠮᠦᠴᠢᠷ ᠂ ᠵᠠᠰᠠᠬ ᠤᠨ ᠤᠷᠳᠤᠨ ᠬᠢᠬᠡᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠳᠦᠷᠦ ᠶᠢᠨ ᠵᠦᠪᠯᠡᠯᠬᠡᠨ ᠤ ᠵᠤᠬᠢᠶᠠᠨ ᠪᠠᠶᠢᠭᠤᠯᠤᠯᠳᠠ ᠯᠤᠭ᠎ᠠ ᠶᠢᠨ ᠬᠤᠯᠪᠤᠭ᠎ᠠ ᠬᠠᠮᠵᠢᠯᠴᠠᠭ᠎ᠠ ᠪᠠᠨ ᠴᠢᠩᠭᠠᠳᠬᠠᠵᠦ᠂ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠠᠮᠳᠤᠷᠠᠯ ᠬᠦᠴᠦᠨ ᠢ ᠪᠦᠷᠢᠯᠳᠦᠬᠦᠯᠬᠦ ᠬᠡᠷᠡᠭᠳᠡᠢ᠃ ᠰᠢᠨ᠎ᠠ ᠴᠠᠬ ᠦᠶ᠎ᠠ ᠶᠢᠨ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠳᠦᠪ ᠬᠤᠷᠢᠶ᠎ᠠ ᠠᠴᠠ ᠳᠤᠰᠬᠠᠶᠢᠢᠯᠠᠨ ᠪᠢᠴᠢᠭ ᠮᠠᠲ᠋ᠧᠷᠢᠶᠠᠯ ᠪᠠᠭᠤᠯᠭᠠᠬᠤ ᠪᠤᠯᠤᠨ᠎ᠠ᠂ ᠤᠯᠠᠨ ᠢᠶᠠᠷ ᠢᠶᠠᠨ ᠡᠷᠬᠡᠪᠰᠢ ᠨᠠᠷᠢᠨ ᠬᠢᠨᠠᠮᠠᠭᠠᠢ ᠳᠤᠭᠤᠰᠢᠯᠡᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃      ᠤᠯᠤᠰ ᠲᠦᠷᠦ ᠶᠢᠨ ᠵᠦᠪᠯᠡᠯᠭᠡᠡ ᠤ ᠨᠠᠮ ᠤᠨ ᠤᠲᠤᠷᠢᠳᠬᠤ ᠲᠤᠭᠤᠶᠢᠢᠯᠠᠩ ᠨᠢ ᠨᠠᠮ ᠤᠨ ᠲᠦᠪ ᠬᠤᠷᠢᠶᠠᠠ ᠤ ᠶᠡᠭᠡ ᠪᠤᠲᠤᠯᠭ᠎ᠠ ᠴᠢᠭᠯᠡᠯᠲᠡ ᠪᠤᠯᠤᠨ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢᠨ ᠠᠷᠠᠳ ᠤᠨ ᠤᠯᠤᠰ ᠲᠦᠷᠦ ᠶᠢᠨ ᠵᠦᠪᠯᠡᠯᠭᠡᠡ ᠳᠤ ᠲᠤᠭᠤᠰᠢᠯᠠᠭᠳᠠᠨ ᠨᠠᠶᠢᠲᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠭᠡᠡ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠦ᠂ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠪᠠᠷ ᠤᠯᠤᠰ ᠳᠦᠷᠦ ᠶᠢᠨ ᠵᠦᠪᠯᠡᠯᠬᠡᠨ ᠤ ᠨᠠᠮ ᠤᠨ ᠡᠯ᠎ᠠ ᠳᠦᠷᠦᠯ ᠤᠨ ᠪᠦᠳᠦᠬᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠬᠤ ᠶᠢ ᠶᠡᠷᠦᠩᠬᠡᠶᠢᠯᠡᠨ ᠵᠢᠯᠤᠭᠤᠲᠤᠭᠤᠯᠵᠤ᠂ ᠨᠠᠮ ᠤᠨ ᠪᠠᠶᠢᠭᠤᠯᠤᠯᠳᠠ ᠪᠠᠷ ᠤᠯᠤᠰ ᠳᠦᠷᠦ ᠶᠢᠨ ᠵᠦᠪᠯᠡᠯᠬᠡᠨ ᠤ ᠪᠠᠶᠢᠭᠤᠯᠭ᠎ᠠ ᠶᠢᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ      ᠨᠦᠬᠦᠳ ᠡ᠂ ᠨᠠᠶᠢᠵᠠ ᠨᠠᠷ ᠡ︕      70 ᠵᠢᠯ ᠤᠨ ᠡᠮᠤᠨ᠎ᠠ᠂ ᠰᠢᠨ᠎ᠠ ᠳᠤᠮᠳᠠᠳᠤ ᠤᠯᠤᠰ ᠤᠨ ᠦᠤᠷ ᠤᠨ ᠳᠤᠶᠠᠭ᠎ᠠ ᠰᠠᠴᠤᠷᠠᠨ ᠮᠠᠨᠳᠤᠬᠤ ᠶᠢᠨ ᠦᠶ᠎ᠡ ᠪᠠᠷ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠳᠠᠯ ᠤᠨ ᠶᠡᠭᠡ ᠬᠠᠨᠳᠤᠰᠢ ᠳᠤ ᠵᠤᠬᠢᠴᠠᠭᠤᠯᠤᠨ᠂ ᠡᠯ᠎ᠠ ᠡᠳᠡᠬᠡᠳ ᠤᠨ ᠬᠢᠨ ᠲᠠᠢ ᠪᠦᠯᠬᠦᠮᠳᠡᠵᠦ᠂ ᠵᠦᠪᠳᠡᠯᠴᠡᠵᠦ ᠪᠠᠶᠢᠭᠠᠳ ᠤᠯᠤᠰ ᠢᠶᠠᠨ ᠪᠠᠶᠢᠭᠤᠯᠬᠤ᠂ ᠠᠭᠤᠤ ᠦᠢᠯᠡᠰ ᠢ ᠬᠠᠮᠳᠤ ᠪᠠᠷ ᠡᠬᠦᠳᠬᠦ ᠰᠢᠨ᠎ᠠ ᠡᠷᠢᠨ ᠴᠠᠬ ᠢ ᠨᠡᠭᠡᠭᠡᠪᠡ᠃ 70 ᠵᠢᠯ ᠤᠨ ᠳᠠᠷᠠᠭᠠᠬᠢ ᠦᠨᠦᠳᠦᠷ᠂ ᠰᠡᠳᠬᠢᠯ ᠨᠢᠬᠡᠳᠦᠨ ᠬᠠᠮᠲᠦ ᠪᠠᠷ ᠳᠤᠮᠳᠠᠳᠤ ᠶᠢᠨ ᠵᠡᠬᠦᠳᠦ ᠶᠢ ᠳᠡᠷᠬᠡᠯᠰᠢᠬᠦᠯᠬᠦ᠂ ᠭᠠᠷ ᠬᠤᠯᠪᠤᠯᠴᠠᠨ ᠰᠢᠨ᠎ᠠ ᠴᠠᠬ ᠦᠶ᠎ᠠ ᠳᠠᠶᠢᠰᠢ ᠡᠷᠡᠮᠡᠬᠡᠶᠢᠯᠡᠨ ᠤᠷᠤᠬᠰᠢᠯᠠᠬᠤ ᠰᠢᠨ᠎ᠠ ᠠᠶᠠᠨ ᠵᠠᠮ ᠳᠠᠭᠠᠨ᠂ ᠳᠤᠮᠳᠠᠳᠤ ᠤᠯᠤᠰ ᠤᠨ ᠡᠪ ᠬᠠᠮᠳᠤ ᠨᠠᠮ ᠤᠬ ᠰᠠᠨᠠᠭ᠎ᠠ ᠪᠠᠨ ᠦᠯᠦ ᠮᠠᠷᠳᠠᠵᠦ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠢ ᠦᠷᠬᠦᠯᠵᠢᠯᠡᠨ  ᠪᠦᠯᠬᠦᠮᠳᠡᠬᠦᠯᠦᠨ ᠳᠠᠭᠠᠭᠤᠯᠵᠦ᠂ ᠶᠡᠭᠡ ᠪᠦᠯᠬᠦᠮᠳᠡᠯ ᠶᠡᠭᠡ ᠬᠤᠯᠪᠤᠭᠠᠯᠠᠯ ᠢ ᠴᠢᠩᠭᠠᠳᠬᠠᠵᠦ᠂ ᠨᠢᠬᠡ ᠰᠡᠳᠬᠢᠯ ᠨᠢᠬᠡ ᠵᠤᠷᠢᠬ ᠢᠶᠠᠷ ᠶᠡᠭᠡ ᠦᠢᠯᠡᠰ ᠢ ᠪᠦᠲᠦᠭᠡᠬᠦ ᠪᠤᠯᠤᠨ᠎ᠠ᠃ ᠡᠨᠡ ᠬᠦ ᠲᠡᠤᠬᠡᠨ ᠠᠬᠢᠴᠠ ᠲᠤᠮᠲᠠ᠂ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠡᠭᠦᠷᠭᠡ ᠬᠠᠷᠢᠭᠤᠴᠠᠯᠭ᠎ᠠ ᠦᠡᠭᠭᠡ ᠭᠡᠷᠡᠯᠲᠡᠢ ᠪᠦᠭᠡᠳ ᠬᠦᠨᠳᠦ ᠴᠢᠬᠤᠯᠠ ᠪᠠᠶᠢᠭ᠎ᠠ ᠶᠤᠮ᠃ ᠠᠷᠠᠳ ᠤᠨ ᠤᠯᠤᠰ ᠳᠦᠷᠦ ᠶᠢᠨ ᠵᠦᠪᠯᠡᠯᠬᠡᠨ ᠤ ᠬᠢᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠬᠡᠢ ᠤᠷᠤᠬᠰᠢᠯᠠᠵᠦ᠂ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠬᠡᠯᠰᠢᠬᠦᠯᠬᠦ᠂ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠪᠡᠶᠡᠯᠡᠬᠦᠯᠬᠦ ᠶᠢᠨ ᠳᠦᠯᠦᠬᠡ ᠦᠷᠬᠦᠯᠵᠢᠯᠡᠨ ᠡᠷᠡᠯᠬᠡᠭᠯᠡᠨ ᠳᠡᠮᠡᠴᠡᠬᠦ ᠶᠢ ᠬᠦᠰᠡᠵᠦ ᠪᠠᠶᠢᠨ᠎ᠠ︕                ︵ᠰᠢᠨᠬᠤᠸᠠ ᠬᠤᠷᠢᠶᠠᠨ ᠤ ᠪᠡᠬᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号