9 ᠰᠠᠷ᠎ᠠ ᠶᠢᠨ 20 ᠤ ᠡᠳᠤᠷ ᠤᠨ ᠦᠳᠡ ᠶᠢᠨ ᠡᠮᠦᠨ᠎ᠡ᠂ ᠮᠠᠨ ᠤ ᠬᠤᠰᠢᠭᠤ ︽ᠤᠭ ᠰᠠᠨᠠᠭ᠎ᠠ ᠪᠠᠨ ᠦᠯᠦ | ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠢᠭᠠᠨ | ᠵᠢᠯᠣᠭᠤᠳᠬᠤ ᠲᠤᠭᠤᠶᠢᠯᠠᠩ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠣᠭᠤᠯᠵᠦ᠂ ᠰᠢ | ᠶᠢᠨ ᠫᠢᠩ ᠶᠡᠷᠦᠩᠬᠡᠶ ᠱᠦᠵᠢ ᠶᠢᠨ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠬᠤᠰᠢᠭᠤᠨ ᠤ 12 | ᠵᠢᠭᠠᠨ ᠵᠢᠯᠣᠭᠤᠳᠬᠤ ᠲᠤᠭᠤᠶᠢᠯᠠᠩ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠯ᠎ᠡ ᠨᠠᠮ ᠤᠨ | ᠠᠵᠢᠯᠯᠠᠬᠤ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠳᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠬᠢᠨ ᠳᠤ | ᠦᠵᠡᠯ ᠰᠠᠨᠠᠭᠠᠨ ᠤ ᠳᠠᠶᠢᠴᠢᠯᠠᠯᠲᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠠ᠃ | | | | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ | ᠰᠦ᠋ ᠰᠢᠨ ᠹᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠰᠦ᠋ ᠰᠢᠨ ᠹᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠢᠨ | ᠲᠤᠭᠤᠷᠢᠨ ᠳᠤ᠂ ᠮᠠᠨ ᠤ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠢᠭᠠᠨ ᠵᠢᠯᠣᠭᠤᠳᠬᠤ ᠠᠵᠢᠯ ᠢ ᠰᠠᠶᠢᠲᠤᠷ ᠥᠷᠨᠢᠭᠦᠯᠬᠦ | ᠬᠡᠷᠡᠭᠲᠡᠶ᠃ ᠤᠯᠤᠰ ᠲᠥᠷᠥ ᠶᠢᠨ ᠵᠤᠭᠰᠤᠴᠨ ᠪᠠᠨ ᠳᠡᠭᠡᠭᠰᠢᠯᠡᠭᠦᠯᠵᠦ ᠵᠢᠭᠠᠨ ᠵᠢᠯᠣᠭᠤᠳᠬᠤ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠤᠬᠠᠮᠰᠠᠷᠳᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠶ᠃ | ᠴᠢᠩᠭ᠎ᠠ ᠪᠣᠳᠠᠲᠠᠶ ᠪᠠᠶᠢᠬᠤ ᠶᠢ ᠴᠢᠩᠭᠠᠳᠬᠠᠨ ᠵᠢᠭᠠᠨ ᠵᠢᠯᠣᠭᠤᠳᠬᠤ ᠠᠵᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ | ᠴᠢᠩᠭ᠎ᠠ ᠱᠠᠭᠠᠷᠳᠠᠯᠭ᠎ᠠ ᠲᠠᠢ ᠪᠠᠷ ᠪᠡᠶᠡᠯᠡᠭᠦᠯᠬᠦ ᠭᠡᠷᠡᠭᠳᠡᠢ᠃ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ | ᠴᠢᠩᠭᠠᠳᠬᠠᠨ ᠵᠢᠭᠠᠨ ᠵᠢᠯᠣᠭᠤᠳᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠪᠣᠯᠤᠨ ᠥᠷᠭᠡᠨ ᠣᠯᠠᠨ ᠨᠠᠮ ᠤᠨ | ᠭᠡᠰᠢᠭᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠭ ᠰᠠᠨᠠᠭ᠎ᠠ ᠪᠠᠨ ᠳᠠᠬᠢᠨ ᠡᠷᠬᠢᠴᠡᠭᠦᠯᠦᠨ | ᠡᠷᠴᠢ ᠵᠣᠷᠢᠭ ᠢᠶᠠᠨ ᠬᠥᠪᠴᠢᠯᠡᠵᠦ᠂ ᠬᠠᠷᠢᠭᠤᠴᠠᠯᠭ᠎ᠠ ᠢᠶᠠᠨ ᠡᠭᠦᠷᠭᠡᠯᠡᠨ ᠡᠷᠡᠮᠡᠬᠡᠶᠢᠯᠡᠨ ᠠᠵᠢᠯᠯᠠᠵᠤ᠂ ᠲᠡᠭᠡᠳᠤ | ᠬᠡᠮᠵᠢᠶᠡᠨ ᠤ ᠤᠯᠤᠰ ᠲᠥᠷᠦ ᠶᠢᠨ ᠤᠬᠠᠮᠰᠠᠷ᠂ ᠪᠣᠳᠠᠲᠠᠶ ᠶᠢ ᠡᠷᠬᠢᠮᠯᠡᠬᠦ ᠤᠪᠤᠷ ᠪᠠ ᠪᠤᠳᠠᠳᠤ ᠠᠵᠢᠯᠯᠠᠭ᠎ᠠ ᠪᠠᠷ ᠢᠶᠠᠨ | ᠭᠤᠤᠯ ᠰᠡᠳᠦᠪᠲᠦ ᠬᠥᠮᠦᠵᠢᠯ ᠤᠨ ᠡᠯ᠎ᠡ ᠵᠦᠶᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠰᠢᠯᠢᠳᠡᠭ | ᠦᠷ᠎ᠡ ᠪᠦᠳᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ | ᠳᠤ ᠪᠡᠯᠡᠭ ᠡᠷᠬᠦᠬᠦ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠬᠤ ᠳᠠᠭᠠᠨ᠂ ︽ᠭᠦᠨᠵᠡᠭᠡᠶ︾ ᠪᠠᠶᠢᠬᠤ ᠶᠢ ᠳᠣᠪᠣᠶᠢᠯᠭᠠᠵᠤ ᠭᠤᠤᠯ ᠰᠡᠳᠦᠪᠲᠦ | ᠬᠥᠮᠦᠵᠢᠯ ᠤᠨ ᠠᠵᠢᠯ ᠢ ᠦᠨᠡᠨᠬᠦ ᠨᠡᠪᠲᠡᠷᠬᠡᠶ ᠡᠵᠡᠮᠰᠢᠨ᠂ ︽ᠪᠣᠳᠠᠲᠠᠶ︾ ᠪᠠᠶᠢᠬᠤ ᠶᠢ ᠳᠣᠪᠣᠶᠢᠯᠭᠠᠵᠤ ᠭᠤᠤᠯ | ᠰᠡᠳᠦᠪᠲᠦ ᠬᠥᠮᠦᠵᠢᠯ ᠤᠨ ᠠᠵᠢᠯ ᠢ ᠦᠨᠡᠨᠬᠦ ᠨᠠᠶᠢᠳᠠᠪᠤᠷᠢᠵᠢᠭᠤᠯᠤᠨ᠂ ︽ᠨᠠᠷᠢᠯᠢᠭ︾ ᠪᠠᠶᠢᠬᠤ ᠶᠢ ᠳᠣᠪᠣᠶᠢᠯᠭᠠᠵᠤ | ᠵᠢᠭᠠᠨ ᠵᠢᠯᠣᠭᠤᠳᠬᠤ ᠠᠵᠢᠯ ᠤᠨ ᠦᠨᠡᠨᠬᠦ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠲᠡᠶ᠃ ᠡᠯ᠎ᠡ ᠵᠢᠭᠠᠨ | ᠵᠢᠯᠣᠭᠤᠳᠬᠤ ᠳᠤᠭᠤᠶᠢᠯᠠᠩ ᠨᠢ ᠬᠠᠷᠢᠯᠴᠠᠵᠤ ᠪᠠᠶᠢᠭ᠎ᠠ ᠭᠠᠵᠠᠷ ᠣᠷᠣᠨ᠂ ᠰᠠᠯᠠᠭ᠎ᠠ ᠮᠥᠴᠢᠷ᠂ ᠠᠵᠢᠯ ᠲᠥᠷᠥᠯ ᠤᠨ | ᠠᠵᠢᠯ ᠤᠨ ᠣᠨᠴᠠᠯᠢᠭ ᠪᠣᠯᠤᠨ ᠪᠣᠳᠠᠲᠤ ᠪᠠᠶᠢᠳᠠᠯ ᠢᠶᠠᠨ ᠬᠢᠨᠠᠮᠠᠭᠠᠶ ᠵᠠᠳᠠᠯᠤᠨ ᠰᠢᠨᠵᠢᠯᠡᠵᠤ᠂ ᠵᠢᠯᠤᠭᠤᠳᠤᠯᠭᠠᠳᠤ ᠴᠢᠨᠠᠷ | ᠪᠦᠬᠦᠢ ᠦᠨᠡᠨᠬᠦ ᠭᠡᠷᠡᠭᠵᠢᠭᠦᠯᠦᠭᠦᠰᠢᠳᠠᠢ ᠠᠵᠢᠯ ᠤᠨ ᠲᠥᠰᠦᠯ ᠲᠥᠯᠥᠪᠯᠡᠭᠡ ᠪᠠᠨ ᠳᠠᠷᠤᠶᠢᠬᠠᠨ ᠲᠣᠭᠲᠠᠭᠠᠵᠤ᠂ ᠵᠢᠭᠠᠨ | ᠵᠢᠯᠣᠭᠤᠳᠬᠤ ᠪᠠᠶᠢᠭᠤᠯᠭ᠎ᠠ ᠨᠢᠭᠡᠴᠢ ᠶᠢᠨ ᠭᠤᠤᠯ ᠰᠡᠳᠦᠪᠲᠦ ᠬᠥᠮᠦᠵᠢᠯ ᠤᠨ ᠠᠬᠢᠯᠲᠠ ᠶᠢᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠬᠦ ᠬᠡᠷᠡᠭᠲᠡᠶ᠃ ᠪᠠᠷᠢᠮᠵᠢᠶ᠎ᠠ ᠪᠠᠨ ᠴᠢᠩᠭ᠎ᠠ ᠪᠠᠷᠢᠮᠳᠠᠯᠠᠨ ᠤᠨᠤᠪᠴᠢᠳᠠᠢ ᠪᠠᠷ ᠠᠵᠢᠯ ᠢᠶᠠᠨ | ᠵᠢᠯᠣᠭᠤᠳᠴᠤ᠂ ᠵᠢᠭᠠᠨ ᠵᠢᠯᠤᠭᠤᠳᠬᠤ ᠪᠠᠶᠢᠭᠤᠯᠭ᠎ᠠ ᠨᠢᠭᠡᠴᠢ ᠶᠢᠨ ᠬᠦᠯᠢᠶᠡᠬᠦ ᠦᠭᠡᠢ ᠬᠤᠶᠢᠰᠢᠯᠠᠭᠤᠯᠬᠤ ᠦᠭᠡᠢ᠂ | ᠦᠨᠡᠨᠬᠦ ᠪᠠᠶᠢᠴᠠᠭᠠᠵᠤ ᠦᠨᠡᠨᠬᠦ ᠰᠠᠶᠢᠵᠢᠷᠠᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠪᠣᠳᠠᠲᠤ ᠠᠵᠢᠯᠯᠠᠭ᠎ᠠ ᠪᠣᠯᠤᠨ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠷᠠᠳ ᠤᠯᠠᠨ ᠤ ᠢᠲᠡᠭᠡᠯ ᠢ ᠣᠯᠬᠤ ᠬᠡᠷᠡᠭᠲᠡᠶ ᠭᠡᠪᠠ᠃ | ᠬᠤᠷᠠᠯ ᠠᠴᠠ ᠵᠢᠭᠠᠨ ᠵᠢᠯᠣᠭᠤᠳᠬᠤ ᠳᠤᠭᠤᠶᠢᠯᠠᠩ ᠳᠤ ᠤᠯᠤᠰ ᠲᠥᠷᠥ ᠶᠢᠨ ᠵᠤᠭᠰᠤᠴᠨ ᠪᠠᠨ | ᠲᠡᠭᠡᠭᠰᠢᠯᠡᠬᠦᠯᠬᠦ ᠶᠢ ᠴᠢᠩᠭᠠᠳᠬᠠᠬᠤ᠂ ᠴᠢᠩᠭ᠎ᠠ ᠪᠤᠳᠠᠳᠠᠢ ᠪᠠᠶᠢᠬᠤ ᠶᠢ ᠴᠢᠩᠭᠠᠳᠬᠠᠬᠤ᠂ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠵᠤᠤ ᠫᠧᠩ ᠵᠢᠭᠠᠨ | ᠵᠢᠯᠣᠭᠤᠳᠬᠤ ᠳᠤᠭᠤᠶᠢᠯᠠᠩ ᠤᠨ ᠠᠵᠢᠯ ᠤᠨ ᠬᠠᠷᠢᠭᠤᠴᠠᠯᠭ᠎ᠠ᠂ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠦᠵᠢᠯ ᠢ ᠦᠷᠨᠢᠬᠦᠯᠬᠦ ᠠᠯᠬᠤᠮ ᠲᠠᠷᠠᠭ᠎ᠠ ᠪᠠ | ᠭᠤᠤᠯᠳᠠᠯᠭ᠎ᠠ ᠲᠠᠢ ᠡᠭᠦᠷᠭᠡ ᠵᠡᠷᠭᠡ ᠲᠠᠯ᠎ᠠ ᠶᠢᠨ ᠠᠭᠤᠯᠭ᠎ᠠ ᠪᠠᠷ ᠨᠠᠷᠢᠨ ᠲᠣᠳᠣᠷᠬᠠᠶ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠢᠭᠰᠡᠨ ᠪᠠᠶᠢᠨ᠎ᠠ᠃ |