ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠤ ᠲᠦᠷᠪᠡᠳᠦᠭᠡᠷ ᠤᠳᠠᠭᠠᠨ ᠤ ᠨᠠᠭᠠᠳᠤᠮ ᠤᠨ ᠬᠤᠷᠠᠯ ᠡᠯᠪᠡᠭ ᠬᠤᠷᠢᠶᠠᠯᠲᠠ ᠶᠢᠨ ᠪᠠᠶᠠᠷ ᠵᠢᠴᠢ ︽ᠨᠤᠲᠤᠭ ᠤᠨ ᠪᠤᠭᠤᠷᠤᠯ ᠠᠭᠤᠯᠠ︾ ᠭᠡᠬᠦ ᠨᠤᠮ ᠲᠠᠷᠬᠠᠭᠠᠬᠤ ᠶᠤᠰᠤᠯᠠᠯ ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠳᠤ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2019-09-24
     ᠤᠶᠢᠷ᠎ᠠ ᠶᠢᠨ ᠡᠳᠦᠷ᠂ ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠤ ᠲᠦᠷᠪᠡᠳᠦᠭᠡᠷ ᠤᠳᠠᠭᠠᠨ ᠤ ᠨᠠᠭᠠᠳᠤᠮ ᠤᠨ ᠬᠤᠷᠠᠯ᠂ ᠡᠯᠪᠡᠭ ᠬᠤᠷᠢᠶᠠᠯᠲᠠ ᠶᠢᠨ ᠪᠠᠶᠠᠷ ᠵᠢᠴᠢ ︽ᠨᠤᠲᠤᠭ ᠤᠨ ᠪᠤᠭᠤᠷᠤᠯ ᠠᠭᠤᠯᠠ︾ ᠭᠡᠬᠦ ᠨᠤᠮ ᠤᠨ ᠲᠠᠷᠬᠠᠭᠠᠯᠲᠠ ᠶᠢᠨ ᠶᠤᠰᠤᠯᠠᠯ ᠭᠠᠯᠠᠭᠤᠳᠣ ᠪᠠᠯᠭᠠᠰᠣᠨ ᠤ ᠭᠦᠬᠡᠨᠠᠭᠤᠷ ᠭᠠᠴᠠᠭᠠᠨ ᠳᠤ ᠶᠠᠪᠤᠭᠳᠠᠪᠠ᠃ ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ  ᠤ ᠤᠤᠯ ᠤᠨ ᠳᠡᠳ᠋ ᠲᠡᠷᠢᠬᠦᠯᠡᠭᠴᠢ ᠪᠤᠷᠤᠯᠳᠠᠢ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠲᠡᠳ᠋ ᠲᠡᠷᠢᠬᠦᠯᠡᠭᠴᠢ ᠴᠢᠶᠤᠤ ᠮᠢᠩ᠂ ᠵᠢᠷᠭᠠᠯᠲᠤ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠪᠠᠶᠢᠩᠭᠤ ᠶᠢᠨ ᠭᠡᠰᠢᠬᠦᠨ ᠮᠦᠷᠡᠨ ᠪᠤᠯᠤᠨ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠤᠯᠤᠰ ᠲᠦᠷᠦ ᠬᠠᠥᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠯᠢ ᠵᠢᠷᠤᠮᠲᠤ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠤᠶᠢᠷ᠎ᠠ ᠵᠡᠷᠭᠡᠯᠡᠳᠡᠭᠡ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠨ ᠠᠵᠢᠯᠯᠠᠭᠠᠨ ᠳᠤ ᠤᠷᠤᠯᠴᠠᠭᠰᠠᠨ ᠪᠠᠶᠢᠨ᠎ᠠ᠃
     ᠡᠬᠢᠯᠡᠯᠲᠡ ᠶᠢᠨ ᠶᠤᠰᠤᠯᠠᠯ ᠳᠡᠭᠡᠷ᠎ᠡ᠂ ᠲᠤᠯᠤᠭᠠᠨ ᠮᠠᠯᠵᠢᠯ ᠤᠨ ᠬᠤᠷᠰᠢᠶᠠᠨ ᠤ ᠮᠠᠯᠴᠢᠳ ᠤᠨ ᠦᠨᠳᠦᠰᠦᠲᠡᠨ  ᠤ ᠤᠨᠴᠠᠯᠢᠭ ᠢ ᠬᠠᠷᠠᠭᠤᠯᠤᠭᠰᠠᠨ ᠰᠦᠷ ᠵᠢᠪᠬᠤᠭ᠎ᠠ ᠲᠠᠢ ᠵᠢᠭᠰᠠᠭᠠᠯ ᠤᠨ ᠡᠩᠨᠡᠭᠡ ᠲᠠᠯᠠᠪᠠᠢ ᠳᠤ ᠤᠷᠤᠵᠤ ᠨᠠᠭᠠᠳᠤᠮ  ᠤᠨ ᠦᠩᠭᠡ ᠶᠢ ᠭᠤᠶᠤᠵᠤ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠲᠡᠳ᠋ ᠲᠡᠷᠢᠬᠦᠯᠡᠭᠴᠢ ᠴᠢᠶᠤᠤ ᠮᠢᠩ ᠨᠠᠭᠠᠳᠤᠮ ᠤᠨ ᠶᠡᠭᠡ ᠬᠤᠷᠠᠯ ᠤᠨ ᠡᠭᠢᠯᠡᠭᠰᠠᠨ ᠢ ᠵᠠᠷᠯᠠᠵᠠᠢ᠃ ᠡᠬᠢᠯᠡᠯᠲᠡ ᠶᠢᠨ ᠶᠤᠰᠤᠯᠠᠯ ᠳᠡᠭᠡᠷ᠎ᠡ ᠪᠠᠰᠠ ᠭᠠᠴᠠᠭᠠᠨ ᠤ ᠠᠷᠪᠠᠨ ᠤᠳᠤᠨ ᠲᠡᠰ ᠤᠨ ᠪᠤᠯᠪᠠᠰᠤᠨ ᠡᠷᠦᠬᠡ᠂ ᠬᠠᠰᠢᠷ ᠮᠠᠯᠴᠢᠨ ᠵᠡᠷᠭᠡ ᠶᠢ ᠱᠠᠩᠨᠠᠨ ᠭᠦᠬᠢᠭᠦᠯᠦᠭᠰᠡᠨ ᠤ ᠬᠠᠮᠲᠤ ︽ᠨᠤᠲᠤᠭ ᠤᠨ ᠪᠤᠭᠤᠷᠤᠯ ᠠᠭᠤᠯᠠ︾ ᠭᠡᠬᠦ ᠨᠤᠮ ᠢ ᠲᠠᠷᠬᠠᠭᠠᠬᠤ ᠶᠤᠰᠤᠯᠠᠯ ᠢ ᠶᠠᠪᠤᠭᠳᠠᠭᠤᠯᠵᠠᠢ᠃
      ᠶᠤᠰᠤᠯᠠᠯ ᠤᠨ ᠲᠠᠷᠠᠭ᠎ᠠ ᠵᠢᠨᠬᠤᠸᠠᠷ᠂ ᠠ᠊ ᠴᠢᠮᠡᠭ᠂ ᠪᠠᠳᠮ᠎ᠠ ᠵᠡᠷᠭᠡ ᠤᠯᠤᠰ ᠤᠨ ᠨᠡᠷᠡᠲᠤ ᠲᠠᠭᠤᠴᠢᠨ ᠲᠤᠭᠯᠠᠭᠴᠢᠨ ᠪᠤᠯᠤᠨ ᠮᠠᠯᠴᠢᠳ ᠤᠨ ᠰᠤᠶᠤᠯ ᠤᠨ ᠲᠤᠭᠤᠶᠢᠯᠠᠩ ᠠᠴᠠ ︽ᠨᠤᠲᠤᠭ ᠤᠨ ᠰᠠᠶᠢᠨ ᠱᠦᠵᠢ ᠲᠠᠷᠵᠠᠢ︾  ᠶᠢ ᠲᠤᠷᠠᠰᠬᠠᠭᠰᠠᠨ ᠤᠷᠠᠨ ᠰᠠᠶᠢᠬᠠᠨ ᠤ ᠲᠤᠭᠯᠠᠯᠲᠠ ᠪᠠᠨ ᠲᠠᠶᠠᠭᠠᠷ ᠤᠯᠠᠨ ᠳᠤ ᠰᠤᠨᠢᠷᠬᠠᠭᠤᠯᠤᠭᠰᠠᠨ ᠪᠠᠶᠢᠨ᠎ᠠ᠃
     ᠲᠤᠰ ᠤᠳᠠᠭᠠᠨ ᠤ ᠮᠠᠯᠴᠢᠳ ᠤᠨ ᠨᠠᠭᠠᠳᠤᠮ ᠤᠨ ᠬᠤᠷᠠᠯ ᠲᠡᠭᠡᠷ᠎ᠡ ᠮᠤᠷᠢ ᠤᠷᠤᠯᠳᠤᠬᠤ᠂ ᠰᠤᠷ ᠬᠠᠷᠪᠤᠬᠤ᠂ ᠪᠦᠬᠡ ᠪᠠᠷᠢᠯᠳᠤᠬᠤ᠂ ᠮᠠᠯᠴᠢᠳ ᠤᠨ ᠲᠠᠭᠤᠤ ᠶᠢᠨ ᠤᠷᠤᠯᠳᠤᠭᠠᠨ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠠᠪᠤᠭᠳᠠᠵᠤ ᠬᠤᠷᠠᠨ ᠴᠤᠭᠯᠠᠷᠠᠭᠰᠠᠨ ᠮᠠᠯᠴᠢᠨ ᠲᠠᠷᠢᠶᠠᠴᠢᠨ ᠢ ᠪᠠᠶᠠᠰᠬᠠᠨ ᠠᠬᠤᠢ ᠲᠠᠯᠠᠪᠠᠢ ᠬᠦᠷ ᠨᠠᠷᠬᠢᠶᠠᠨ ᠢᠶᠠᠷ ᠪᠢᠯᠬᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号