ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ | ᠮᠥᠨ᠂ ᠮᠥᠨᠴᠦ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠣᠢ ᠮᠥᠨ᠃ | 70 ᠵᠢᠯ ᠤᠨ ᠲᠤᠷᠰᠢ᠂ ᠦᠦᠰᠢᠨ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠣᠭᠠᠨ ᠤ ᠲᠣᠭᠤᠷᠢᠨ ᠳᠤ ᠨᠠᠮ | ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠪᠠ ᠥᠷᠭᠡᠨ ᠣᠯᠠᠨ ᠠᠷᠠᠳ ᠲᠦᠮᠡᠨ ᠤ ᠬᠠᠮᠤᠭ ᠤᠨ | ᠬᠠᠯᠠᠮᠰᠢᠯ ᠲᠠᠢ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠪᠠᠶᠢᠴᠠᠭᠠᠨ ᠰᠤᠳᠤᠯᠤᠯᠲᠠ | ᠬᠢᠵᠦ ᠢᠳᠡᠪᠬᠢᠲᠡᠢ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ ᠠᠷᠠᠳᠴᠢᠯᠠᠯ ᠢᠶᠠᠷ ᠬᠢᠨᠠᠯᠲᠠ ᠲᠠᠯᠪᠢᠨ ᠦᠦᠰᠢᠨ | ᠬᠤᠰᠢᠭᠤᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠠᠷᠭ᠎ᠠ ᠤᠬᠠᠭᠠᠨ ᠰᠦᠪᠡᠭᠴᠢᠯᠡᠵᠤ ᠰᠠᠨᠠᠯ | ᠵᠥᠪᠯᠡᠯᠭᠡ ᠳᠤᠷᠠᠳᠤᠨ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ ᠳᠤᠮᠳᠠ ᠣᠷᠣᠯᠠᠭᠤᠯᠵᠤ ᠪᠣᠯᠤᠰᠢ ᠦᠭᠡᠢ ᠴᠢᠬᠤᠯᠠ ᠦᠶᠯᠡᠳᠦᠯ ᠦᠵᠡᠭᠦᠯᠦᠭᠰᠡᠨ ᠪᠠᠶᠢᠨ᠎ᠠ᠃ | ᠠᠳᠡ ︽ᠢᠷᠠᠭᠤ ᠭᠠᠶᠢᠬᠠᠮᠰᠢᠭᠲᠤ ᠳᠠᠯᠠᠨ ᠵᠢᠯ ᠡᠷᠡᠮᠡᠬᠡᠶᠢᠯᠡᠨ ᠲᠡᠮᠡᠴᠡᠬᠦᠢ ᠰᠢᠨ᠎ᠡ ᠡᠷᠡᠨ᠂ ᠲᠡᠦᠬᠡ ᠪᠠᠨ ᠲᠡᠮᠳᠡᠭᠯᠡᠨ | ᠢᠷᠡᠭᠡᠳᠦᠢ ᠪᠠᠨ ᠴᠣᠭᠴᠠᠯᠠᠨ ᠶᠠᠪᠤᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ︾ ᠭᠡᠬᠦ ᠲᠤᠰᠬᠠᠶ | ᠪᠤᠯᠤᠩ ᠢᠶᠠᠷ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠤᠭ | ᠵᠢᠪᠬᠤᠭ᠎ᠠ᠂ ᠦᠦᠰᠢᠨ ᠤ ᠬᠥᠭᠵᠢᠯ ᠬᠤᠪᠢᠷᠠᠯᠲᠠ ᠶᠢ ᠬᠠᠷᠠᠭᠤᠯᠬᠤ ᠪᠣᠯᠣᠨ᠎ᠠ᠃ | ᠥᠨᠥᠳᠥᠷ ᠤᠨ ᠲᠤᠰᠬᠠᠢ ᠪᠤᠯᠤᠩ ᠢᠶᠠᠷ ᠪᠢᠳᠠ ᠠᠷᠪᠠᠨ ᠳᠥᠷᠪᠡᠳᠦᠭᠡᠷ ᠬᠤᠭᠤᠴᠠᠭᠠᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠨᠠᠰᠤᠨᠳᠠᠯᠠᠢ ᠶᠢ ᠰᠤᠷᠪᠤᠯᠵᠢᠯᠠᠨ ᠦᠨᠳᠦᠰᠦᠲᠡᠨ ᠤ ᠰᠣᠶᠣᠯ ᠰᠤᠷᠭᠠᠨ ᠬᠥᠮᠥᠵᠢᠯ ᠤᠨ | ᠦᠢᠯᠡᠰ ᠤᠨ ᠬᠥᠭᠵᠢᠯ ᠬᠤᠪᠢᠷᠠᠯ ᠢ ᠣᠶᠢᠯᠠᠭᠠᠶ᠎ᠠ᠃ | ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠤᠨ ᠵᠠᠬᠢᠷᠤᠯ ᠤᠨ ᠠᠯᠪᠠ ᠪᠠᠷ | ᠠᠵᠢᠯᠯᠠᠵᠤ ᠪᠠᠶᠢᠭ᠎ᠠ ᠨᠠᠰᠤᠨᠳᠠᠯᠠᠢ ᠰᠤᠷᠭᠠᠨ ᠬᠦᠮᠦᠵᠢᠯ ᠤᠨ ᠠᠵᠢᠯ ᠳᠤ 32 ᠵᠢᠯ ᠵᠢᠳᠬᠦᠵᠦ ᠰᠤᠷᠭᠠᠭᠤᠯᠢ ᠶᠢᠨ | ᠵᠢᠩᠬᠢᠨᠢ ᠵᠠᠬᠢᠷᠤᠯ ᠤᠨ ᠠᠵᠢᠯ ᠢ 19 ᠵᠢᠯ ᠡᠭᠦᠷᠭᠡᠯᠡᠨ ᠦᠨᠳᠦᠰᠦᠲᠡᠨ ᠤ ᠰᠣᠶᠣᠯ ᠰᠤᠷᠭᠠᠨ ᠬᠥᠮᠥᠵᠢᠯ ᠤᠨ | ᠦᠢᠯᠡᠰ ᠤᠨ ᠬᠥᠭᠵᠢᠯᠲᠡ ᠶᠢ ᠨᠢᠳᠦ ᠪᠠᠷ ᠬᠠᠷᠠᠵᠤ ᠪᠡᠶ᠎ᠡ ᠪᠠᠷ ᠢᠶᠠᠨ ᠣᠷᠣᠯᠴᠠᠵᠤ ᠢᠷᠡᠭᠰᠡᠨ ᠨᠢᠭᠡᠨ ᠪᠠᠶᠢᠵᠠᠢ᠃ | ᠨᠠᠰᠤᠨᠳᠠᠯᠠᠢ᠄ ︽ᠡᠨᠡᠬᠦ ᠲᠠᠯᠠᠨ ᠵᠢᠯ ᠤᠨ ᠲᠤᠷᠰᠢ ᠮᠠᠨ ᠤ ᠦᠨᠳᠦᠰᠦᠲᠡᠨ ᠤ ᠰᠤᠷᠭᠠᠨ ᠬᠦᠮᠦᠵᠢᠯ ᠨᠢ ᠶᠡᠭᠡ | ᠬᠤᠪᠢᠷᠠᠯᠲᠠ ᠲᠠᠢ ᠪᠤᠯᠤᠭᠰᠠᠨ ᠪᠠᠶᠢᠨ᠎ᠠ᠃ ᠢᠯᠩᠭᠤᠶᠠ ᠮᠠᠨ ᠤ ᠤᠷᠳᠤᠰ ᠬᠤᠳᠠ ᠶᠢᠨ ᠮᠤᠩᠭᠤᠯ ᠬᠤᠶᠠᠳᠤᠭᠠᠷ | ᠳᠤᠮᠳᠠᠳᠤ ᠰᠤᠷᠭᠠᠭᠤᠯᠢ ᠪᠠᠷ ᠠᠪᠴᠤ ᠬᠡᠯᠡᠪᠡᠯ 58 ᠤᠨ ᠳᠤ ᠠᠩᠬ᠎ᠠ ᠡᠬᠢᠯᠡᠵᠦ ᠪᠠᠶᠢᠭᠤᠯᠤᠭᠳᠠᠭᠰᠠᠨ᠂ ᠣᠳᠣ 61 | ᠵᠢᠯ ᠤᠨ ᠤᠢ ᠪᠤᠯᠵᠤ ᠪᠠᠶᠢᠬᠤ᠂ ᠡᠨᠡ ᠳᠤᠲᠤᠷ᠎ᠠ ᠤᠤᠯ ᠨᠢ ᠪᠤᠯ ᠵᠦᠪᠬᠡᠨ 4 ᠠᠩᠭᠢ ᠠᠷᠪᠠᠭᠠᠳ ᠪᠠᠭᠰᠢ ᠠᠵᠢᠯᠲᠠᠨ | ᠂ ᠵᠠᠭᠤ ᠭᠠᠷᠤᠢ ᠰᠣᠷᠣᠬᠴᠢ ᠲᠠᠢ ᠪᠠᠶᠢᠭᠰᠠᠨ ᠪᠤᠯ ᠣᠳᠣ ᠮᠢᠩᠭ᠎ᠠ ᠬᠢᠷᠢᠲᠡᠢ ᠰᠣᠷᠣᠬᠴᠢ᠂ ᠬᠤᠶᠠᠷ ᠵᠠᠭᠤ ᠢᠯᠡᠭᠦᠤ | ᠪᠠᠭᠰᠢ ᠠᠵᠢᠯᠲᠠᠨ ᠲᠠᠢ ᠤᠷᠤᠨ ᠬᠤᠲᠠ ᠳᠠᠭᠠᠨ ᠨᠦᠯᠦᠭᠡ ᠲᠠᠢ᠂ ᠵᠢᠭᠠᠨ ᠰᠤᠷᠭᠠᠬᠤ ᠶᠠᠰᠤ ᠴᠢᠨᠠᠷ ᠪᠤᠶᠤ | ᠬᠠᠮᠢᠶᠠᠷᠤᠯᠲᠠ ᠶᠢᠨ ᠲᠠᠯ᠎ᠠ ᠪᠠᠷ ᠪᠠᠰᠠ ᠮᠠᠨ ᠤ ᠤᠷᠤᠨ ᠤ ᠪᠠᠨ ᠳᠤᠲᠤᠷ᠎ᠠ ᠪᠠᠷᠠᠭᠤᠨ ᠬᠤᠰᠢᠭᠤ ᠰᠢᠶᠠᠨ ᠤ ᠪᠠᠨ | ᠳᠤᠲᠤᠷ᠎ᠠ ᠲᠡᠷᠢᠭᠦᠨ ᠤ ᠡᠩᠨᠡᠭᠡᠨ ᠳᠤ ᠶᠠᠪᠤᠵᠤ ᠪᠠᠶᠢᠬᠤ ᠡᠶᠢᠮᠦ ᠨᠢᠭᠡᠨ ᠰᠤᠷᠭᠠᠭᠤᠯᠢ ᠪᠤᠯᠵᠤ ᠬᠦᠭᠵᠢᠵᠦ ᠴᠢᠳᠠᠭᠰᠠᠨ | ᠪᠠᠶᠢᠨ᠎ᠠ᠃ ᠡᠨᠡ ᠨᠢ ᠬᠡᠯᠡᠯᠭᠡᠨ ᠦᠬᠡᠢ ᠮᠠᠨ ᠤ ᠨᠠᠮ ᠤᠨ᠂ ᠰᠤᠷᠭᠠᠨ ᠬᠦᠮᠦᠵᠢᠯ ᠤᠨ ᠲᠤᠬᠠᠢ ᠵᠦᠪ ᠲᠦᠷᠦ ᠶᠢᠨ | ᠪᠤᠳᠤᠯᠭ᠎ᠠ᠂ ᠨᠠᠮ ᠵᠠᠰᠠᠭ ᠤᠨ ᠤᠳᠤᠷᠢᠳᠤᠯᠭ᠎ᠠ᠂ ᠦᠶ᠎ᠡ ᠦᠶ᠎ᠡ ᠶᠢᠨ ᠤᠳᠤᠷᠢᠳᠤᠯᠭ᠎ᠠ ᠪᠠᠭᠰᠢ ᠨᠠᠷ ᠤᠨ ᠬᠠᠮᠲᠤ ᠶᠢᠨ | ᠴᠢᠷᠮᠠᠶᠢᠯᠭ᠎ᠠ ᠠᠴᠠ ᠰᠠᠯᠵᠤ ᠴᠢᠳᠠᠰᠢ ᠦᠬᠡᠢ ᠭᠡᠵᠦ ᠪᠤᠳᠤᠵᠤ ᠪᠠᠶᠢᠨ᠎ᠠ︾ ᠭᠡᠪᠡ᠃ | ᠰᠣᠶᠣᠯ ᠤᠨ ᠬᠥᠭᠵᠢᠯᠲᠡ ᠨᠢ ᠦᠨᠳᠦᠰᠦᠲᠡᠨ ᠤ ᠬᠥᠭᠵᠢᠯᠲᠡ ᠶᠢᠨ ᠰᠠᠭᠤᠷᠢ ᠪᠣᠯᠬᠤ ᠶᠢ ᠪᠠᠲᠤ ᠢᠲᠡᠭᠡᠳᠡᠭ | ᠨᠠᠰᠤᠨᠳᠠᠯᠠᠢ ᠣᠯᠠᠨ ᠵᠢᠯ ᠤᠨ ᠲᠤᠷᠰᠢ ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ ᠰᠤᠷᠭᠠᠨ ᠬᠥᠮᠥᠵᠢᠯ ᠤᠨ ᠠᠵᠢᠯ ᠳᠤ ᠴᠤᠴᠠᠯᠲᠠ ᠦᠭᠡᠢ ᠵᠢᠳᠬᠦᠭᠰᠡᠭᠡᠷ ᠢᠷᠡᠭᠰᠡᠨ ᠪᠠᠶᠢᠨ᠎ᠠ᠃ | ᠨᠠᠰᠤᠨᠳᠠᠯᠠᠢ᠄ ︽ᠮᠢᠨᠦ ᠦᠵᠡᠬᠦ ᠪᠠᠷ ᠰᠤᠷᠭᠠᠨ ᠬᠦᠮᠦᠵᠢᠯ ᠤᠨ ᠠᠵᠢᠯ ᠭᠡᠰᠡᠨ ᠶᠠᠭᠤᠮ᠎ᠠ ᠪᠤᠯ ᠮᠡᠳᠡᠯᠭᠡ | ᠤᠯᠠᠮᠵᠢᠯᠠᠨ᠎ᠠ᠂ ᠵᠦᠪ ᠦᠵᠡᠯ ᠰᠠᠨᠠᠭ᠎ᠠ ᠶᠢ ᠤᠯᠠᠮᠵᠢᠯᠠᠨ᠎ᠠ᠂ ᠦᠨᠡᠨ ᠶᠤᠰᠤ ᠶᠢ ᠤᠯᠠᠮᠵᠢᠯᠠᠳᠠᠭ ᠡᠶᠢᠮᠦᠷᠬᠦᠦ ᠨᠢᠭᠡᠨ | ᠲᠠᠷᠬᠠᠨ ᠡᠭᠦᠷᠭᠡ ᠬᠠᠷᠢᠭᠤᠴᠠᠯᠭ᠎ᠠ ᠶᠤᠮ᠃ ᠮᠢᠨᠦ ᠪᠡᠶ᠎ᠡ ᠪᠠᠷ ᠠᠪᠴᠤ ᠬᠡᠯᠡᠪᠡᠯ ᠠᠷᠪᠠᠨ ᠳᠦᠷᠪᠡᠳᠦᠭᠡᠷ ᠬᠤᠭᠤᠴᠠᠭᠠᠨ | ᠤ ᠤᠯᠤᠰ ᠲᠦᠷᠦ ᠶᠢᠨ ᠵᠦᠪᠯᠡᠯᠭᠡᠨ ᠤ ᠨᠢᠭᠡᠨ ᠭᠡᠰᠢᠭᠦᠨ ᠪᠤᠯᠤᠭᠰᠠᠨ ᠤ ᠬᠤᠪᠢ ᠳᠤ ᠦᠪᠡᠷ ᠤᠨ ᠢᠶᠠᠨ ᠵᠠᠰᠠᠭ ᠲᠤ | ᠤᠷᠤᠯᠴᠠᠵᠤ ᠵᠠᠰᠠᠭ ᠤᠨ ᠡᠷᠬᠡ ᠶᠢ ᠵᠦᠪᠯᠡᠬᠦ ᠡᠨᠡᠬᠦ ᠡᠭᠦᠷᠭᠡ ᠬᠠᠷᠢᠭᠤᠴᠠᠯᠭ᠎ᠠ ᠪᠠᠨ ᠰᠠᠶᠢᠨ ᠪᠡᠶᠡᠯᠡᠭᠦᠯᠬᠦ ᠶᠢᠨ | ᠲᠤᠰᠠᠳᠠ ᠦᠷᠭᠡᠨ ᠤᠯᠠᠨ ᠪᠠᠭᠰᠢ ᠠᠵᠢᠯᠲᠠ ᠬᠡᠷ ᠤᠨ ᠠᠬᠠᠮᠠᠳ ᠤᠨ ᠳᠤᠮᠳᠠ ᠡᠷᠬᠢᠮ ᠰᠠᠶᠢᠬᠠᠨ ᠰᠠᠨᠠᠯ ᠵᠦᠪᠯᠡᠯᠭᠡ | ᠂ ᠪᠠᠶᠢᠴᠠᠭᠠᠨ ᠰᠤᠳᠤᠯᠤᠯᠲᠠ ᠶᠢ ᠬᠢᠵᠦ ᠦᠪᠡᠷ ᠤᠨ ᠢᠶᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠰᠠᠶᠢᠬᠠᠨ | ᠪᠡᠶᠡᠯᠡᠭᠦᠯᠦᠶ᠎ᠡ ᠭᠡᠵᠦ ᠬᠤᠰᠢᠭᠤᠨ ᠤ ᠪᠠᠨ ᠦᠨᠳᠦᠰᠦᠲᠡᠨ ᠤ ᠰᠤᠶᠤᠯ ᠰᠤᠷᠭᠠᠨ ᠬᠦᠮᠦᠵᠢᠯ ᠤᠨ ᠦᠢᠯᠡᠰ ᠲᠤ | ᠪᠠᠶᠢᠪᠠᠰᠤ ᠵᠤᠬᠢᠬᠤ ᠦᠪᠡᠷ ᠤᠨ ᠬᠠᠷᠢᠭᠤᠴᠠᠯᠭ᠎ᠠ ᠪᠠᠨ ᠪᠡᠶᠡᠯᠡᠭᠦᠯᠦᠶ᠎ᠡ ᠭᠡᠵᠦ ᠪᠤᠳᠤᠵᠤ ᠪᠠᠶᠢᠨ᠎ᠠ᠃ ᠲᠡᠭᠡᠬᠦᠯᠡᠷ ᠤᠭ | ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ ᠦᠩᠭᠡᠷᠡᠭᠰᠡᠨ ᠤ ᠪᠠᠨ ᠲᠤᠷᠰᠢᠯᠭ᠎ᠠ | ᠰᠤᠷᠭᠠᠮᠵᠢ ᠪᠠᠨ ᠳ᠋ᠦᠩᠨᠡᠵᠦ ᠴᠢᠨᠠᠬᠰᠢᠯᠠᠪᠠᠯ ᠰᠢ ᠶᠢᠨ ᠫᠢᠩ ᠲᠡᠷᠢᠭᠦᠯᠡᠭᠴᠢ ᠶᠢᠨ ᠰᠤᠷᠭᠠᠨ ᠬᠦᠮᠦᠵᠢᠯ ᠤᠨ ᠶᠡᠭᠡ | ᠬᠤᠷᠠᠯᠳᠤᠭᠠᠨ ᠳᠡᠭᠡᠷ᠎ᠡ ᠶᠠᠷᠢᠭᠰᠠᠨ ︿ᠶᠠᠮᠠᠷ ᠬᠦᠮᠦᠨ ᠢ ᠶᠠᠭᠠᠬᠢᠵᠦ ᠬᠦᠮᠦᠵᠢᠭᠦᠯᠬᠦ᠂ ᠬᠡᠨ ᠳᠤ ᠬᠦᠮᠦᠨ ᠬᠦᠮᠦᠵᠢᠭᠦᠯᠵᠦ | ᠪᠠᠶᠢᠬᠤ﹀ ᠠᠰᠠᠭᠤᠳᠠᠯ ᠤᠨ ᠲᠤᠬᠠᠢ ᠲᠠᠢ ᠨᠠᠷᠢᠨ ᠪᠤᠳᠤᠯᠬᠢᠯᠠᠵᠤ ᠨᠠᠷᠢᠨ ᠬᠢᠨᠠᠮᠠᠭᠠᠢ ᠠᠵᠢᠯᠯᠠᠵᠤ ᠶᠡᠭᠡ ᠬᠠᠶᠢᠷ᠎ᠠ | ᠰᠡᠳᠬᠢᠯᠭᠡ ᠲᠠᠢ᠂ ᠶᠡᠭᠡ ᠮᠤᠷᠠᠯ ᠲᠠᠢ᠂ ᠨᠠᠮ ᠨᠡᠶᠢᠭᠡᠮ ᠵᠢᠷᠣᠮ ᠤᠯᠤᠰ ᠦᠨᠳᠦᠰᠦᠲᠡᠨ ᠳᠡᠭᠡᠨ ᠬᠦᠴᠦᠨ ᠨᠡᠮᠡᠷᠢ ᠲᠠᠢ | ᠂ ᠰᠢᠨ᠎ᠡ ᠨᠢᠭᠡ ᠦᠶ᠎ᠡ ᠶᠢᠨ ᠬᠠᠷᠢᠭᠤᠴᠠᠯᠭᠠᠲᠤ ᠰᠡᠳᠬᠢᠯᠭᠡ ᠲᠠᠢ ᠮᠦᠷᠲᠡᠭᠡᠨ ᠬᠢᠷᠢ ᠲᠡᠩᠴᠡᠭᠰᠡᠨ ᠣᠳᠣ ᠦᠶ᠎ᠡ ᠶᠢᠨ | ᠢᠷᠭᠡᠨ ᠢ ᠬᠦᠮᠦᠵᠢᠭᠦᠯᠬᠦ ᠪᠤᠯ ᠮᠠᠨᠤᠰ ᠤᠨ ᠲᠠᠷᠬᠠᠨ ᠡᠭᠦᠷᠭᠡ ᠬᠠᠷᠢᠭᠤᠴᠠᠯᠭ᠎ᠠ ᠭᠡᠵᠦ ᠪᠤᠳᠤᠳᠠᠭ᠃ ᠲᠠᠯᠠᠨ ᠵᠢᠯ ᠤᠨ | ᠤᠢ ᠬᠦᠷᠴᠦ ᠢᠷᠡᠵᠦ ᠪᠠᠶᠢᠭ᠎ᠠ ᠲᠠᠰᠢᠷᠠᠮ ᠢᠶᠠᠷ ᠮᠠᠨ ᠤ ᠡᠬᠡ ᠤᠯᠤᠰ ᠮᠢᠨᠢ ᠤᠯᠠᠮ ᠬᠦᠭᠵᠢᠨ ᠮᠠᠨᠳᠤᠬᠤ ᠪᠤᠯᠲᠤᠭᠠᠢ᠂ | ᠮᠠᠨᠤᠰ ᠤᠨ ᠠᠷᠠᠳ ᠤᠨ ᠠᠮᠢᠳᠤᠷᠠᠯ ᠨᠡᠩ ᠪᠠᠶᠠᠯᠢᠭᠵᠢᠨ ᠴᠢᠨᠡᠭᠡᠯᠢᠭᠵᠢᠬᠦ ᠪᠤᠯᠲᠤᠭᠠᠢ ᠭᠡᠵᠦ ᠬᠦᠰᠡᠨ ᠢᠷᠦᠭᠡᠵᠦ | ᠪᠠᠶᠢᠨ᠎ᠠ︾ ᠭᠡᠵᠤ ᠶᠠᠷᠢᠵᠤ ᠪᠠᠶᠢᠯ᠎ᠠ᠃ | ᠣᠶᠢᠯᠠᠭᠠᠭᠰᠠᠨ ᠢᠶᠠᠷ ᠮᠠᠨ ᠤ ᠬᠤᠰᠢᠭᠤ ᠨᠢ 1958 ᠣᠨ ᠳᠤ ᠦᠦᠰᠢᠨ ᠬᠤᠰᠢᠭᠤᠨ ᠤ ᠳᠤᠮᠳᠠᠳᠤ | ᠰᠤᠷᠭᠠᠭᠤᠯᠢ ᠶᠢ ᠡᠬᠢᠯᠡᠨ ᠪᠠᠶᠢᠭᠤᠯᠵᠤ ᠳᠤᠮᠳᠠᠳᠤ ᠵᠡᠷᠭᠡ ᠶᠢᠨ ᠰᠤᠷᠭᠠᠨ ᠬᠥᠮᠥᠵᠢᠯ ᠤᠨ ᠬᠥᠰᠢᠭᠡ ᠶᠢ ᠰᠡᠬᠦᠭᠰᠡᠨ ᠪᠣᠯ | ᠣᠳᠣ ᠪᠣᠯᠬᠤ ᠳᠤ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠨᠡᠶᠢᠲᠡ 47 | ᠰᠠᠭᠤᠷᠢ᠂ 2488 ᠪᠠᠭᠰᠢ ᠠᠵᠢᠯᠲᠠᠨ᠂ 23801 ᠰᠤᠷᠤᠭᠴᠢ ᠲᠠᠢ ᠪᠣᠯᠵᠤ ᠪᠤᠵᠠᠭᠠᠶᠢᠷᠠᠨ ᠡᠭᠦᠨ ᠳᠤ ᠮᠣᠩᠭᠤᠯ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ 9 ᠪᠠᠶᠢᠵᠤ᠂ 728 ᠪᠠᠭᠰᠢ ᠠᠵᠢᠯᠲᠠᠨ 4294 | ᠰᠤᠷᠤᠭᠴᠢ ᠲᠠᠢ ᠲᠣᠮᠣ ᠡᠩᠨᠡᠭᠡ ᠪᠣᠯᠣᠨ ᠦᠨᠳᠦᠰᠦᠲᠡᠨ ᠤ ᠰᠣᠶᠣᠯ ᠰᠤᠷᠭᠠᠨ ᠬᠥᠮᠥᠵᠢᠯ ᠤᠨ ᠦᠢᠯᠡᠰ ᠤᠨ | ᠰᠠᠭᠤᠷᠢᠨ ᠪᠣᠯᠵᠤ ᠦᠨᠳᠦᠰᠦᠲᠡᠨ ᠤ ᠰᠣᠶᠣᠯ ᠰᠤᠷᠭᠠᠨ ᠬᠥᠮᠥᠵᠢᠯ ᠤᠨ ᠦᠢᠯᠡᠰ ᠲᠤ ᠬᠦᠴᠦᠨ ᠨᠡᠮᠡᠷᠢᠯᠡᠵᠦ ᠶᠠᠪᠤᠨ᠎ᠠ | ᠃ |