9 ᠰᠠᠷ᠎ᠠ ᠶᠢᠨ 20 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ 2019 ᠣᠨ ᠤ 8 ᠳ᠋ᠤᠭᠠᠷ | ᠤᠳᠠᠭ᠎ᠠ ᠶᠢᠨ ᠪᠠᠶᠢᠩᠭᠤ ᠶᠢᠨ ᠠᠵᠢᠯ ᠤᠨ ᠬᠤᠷᠠᠯ ᠢ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ | ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠸᠢ ᠯᠦ | ᠬᠤᠷᠠᠯ ᠡᠷᠬᠢᠯᠡᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢ | ᠵᠥᠩ ᠯᠢᠨ᠂ ᠬᠤᠰᠢᠭᠤ ᠳᠡᠳ᠋ ᠳᠠᠷᠤᠭ᠎ᠠ ᠭᠤᠤ ᠬᠤ᠋᠂ ᠵᠸᠤ ᠱᠤᠸᠠᠢ᠂ ᠪᠠᠶᠠᠠᠴᠠᠩᠭᠡᠯ᠂ ᠯᠢᠦ ᠵᠧᠩ ᠬᠤᠷᠠᠯ ᠳᠤ | ᠤᠷᠤᠯᠴᠠᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠵᠤᠤ ᠶᠦᠩ ᠹᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢ ᠰᠢᠤ ᠹᠧᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠧᠢ · ᠬᠠᠰ ᠬᠤᠷᠠᠯ ᠳᠤ ᠰᠤᠯᠠ ᠤᠷᠤᠯᠴᠠᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ | ᠬᠦᠷᠢᠶᠡᠯᠡᠩ ᠲᠣᠭᠤᠷᠢᠭ︶᠂ ᠬᠠᠮᠢᠶ᠎ᠠ ᠪᠦᠬᠦᠢ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ᠂ ︽ᠥᠥᠰᠢᠨ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ | ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠂ ︽ᠥᠥᠰᠢᠨ ᠬᠤᠰᠢᠭᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ ᠪᠠᠷ ᠥᠷᠢᠰᠦᠯᠳᠦᠨ ᠤᠷᠢᠬᠤ | ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠭᠤᠤᠯᠳᠠᠯᠭ᠎ᠠ ᠲᠠᠢ ᠲᠥᠷᠥᠯ ᠵᠥᠢᠯ᠂ ᠠᠷᠠᠳ ᠤᠨ | ᠠᠮᠢᠳᠤᠷᠠᠯ ᠤᠨ ᠪᠣᠳᠠᠲᠤ ᠪᠠᠶᠢᠳᠠᠯ ᠵᠡᠷᠭᠡ ᠬᠡᠷᠡᠭ ᠶᠠᠪᠤᠳᠠᠯ ᠢ ᠰᠤᠳᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢ ᠥᠷᠢᠰᠦᠯᠳᠦᠨ ᠤᠷᠢᠬᠤ ᠠᠵᠢᠯ ᠢ ᠥᠷᠨᠢᠭᠦᠯᠬᠦ ᠪᠣᠯ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢᠭᠡ ᠲᠥᠷᠤᠯ ᠤᠨ ᠴᠢᠬᠤᠯᠠ ᠠᠭᠤᠯᠭ᠎ᠠ ᠪᠣᠯᠤᠨ᠎ᠠ᠃ | ᠤᠯᠤᠰ ᠲᠦᠷᠦ ᠶᠢᠨ ᠬᠡᠪ ᠴᠢᠨᠠᠷ ᠢᠶᠠᠷ ᠦᠨᠳᠦᠷ᠂ ᠲᠤᠬᠠᠶᠢᠯᠠᠭᠰᠠᠨ ᠠᠵᠢᠯ ᠤᠨ ᠮᠡᠷᠭᠡᠵᠢᠯ ᠢᠶᠠᠷ ᠴᠢᠩᠭ᠎ᠠ᠂ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠥᠨᠳᠥᠷ ᠴᠢᠳᠠᠪᠤᠷᠢᠲᠠᠨ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠳᠤ ᠰᠢᠯᠢᠨ ᠳᠡᠪᠰᠢᠭᠦᠯᠵᠦ ᠲᠤᠰᠢᠶᠠᠯ ᠬᠠᠷᠢᠭᠤᠴᠠᠭᠤᠯᠬᠤ ᠶᠢ ᠪᠠᠷᠢᠮᠲᠠᠯᠠᠨ ᠡᠮᠨᠡᠯᠭᠡ ᠶᠢᠨ ᠬᠤᠷᠢᠶᠠᠨ ᠤ | ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠵᠦ ᠡᠮᠨᠡᠯᠭᠡ ᠶᠢᠨ | ᠠᠵᠢᠯᠲᠠᠨ ᠤ ᠢᠳᠡᠪᠬᠢᠵᠢᠯ ᠢ ᠲᠠᠶᠢᠴᠢᠯᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠬᠤᠰᠢᠭᠤ ᠲᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠭᠢᠭᠤᠯᠬᠤ ᠪᠤᠯᠤᠨ᠎ᠠ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠥᠥᠰᠢᠨ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ 33 | ᠮᠠᠯ ᠠᠵᠤ ᠠᠬᠤᠢ ᠶᠢᠨ ᠬᠤᠰᠢᠭᠤ ᠰᠢᠶᠠᠨ ᠤ ᠨᠢᠭᠡ ᠪᠣᠯᠤᠭᠰᠠᠨ ᠤ ᠬᠤᠪᠢ ᠳᠤ ᠮᠠᠯ ᠠᠵᠤ ᠠᠬᠤᠢ ᠶᠢᠨ ᠠᠵᠤ | ᠥᠢᠯᠡᠰ ᠪᠣᠯ ᠥᠥᠰᠢᠨ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠭᠦᠯᠦᠯᠲᠡ ᠶᠢᠨ | ᠪᠥᠳᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠶᠢᠨ ᠨᠢᠭᠡ ᠪᠤᠯᠵᠤ ᠬᠤᠵᠢᠮ ᠦᠨᠳᠦᠰᠦᠨ ᠱᠠᠲᠤᠨ ᠤ ᠮᠠᠯ | ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ | ᠪᠠᠲᠤᠯᠠᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ ᠥᠢᠯᠡᠴᠢᠯᠡᠭᠡᠨ ᠤ ᠡᠭᠦᠷᠭᠡ ᠴᠢᠳᠠᠪᠬᠢ ᠪᠠᠨ | ᠴᠢᠩᠭᠠᠳᠬᠠᠨ ᠮᠠᠯ ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠢᠳᠡᠪᠬᠢᠵᠢᠯ ᠪᠣᠯᠤᠨ ᠡᠩᠨᠡᠭᠡ ᠶᠢᠨ | ᠲᠣᠭᠲᠠᠭᠤᠨ ᠴᠢᠨᠠᠷ ᠢ ᠳᠡᠭᠡᠭᠰᠢᠯᠡᠭᠦᠯᠵᠦ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠳᠤ ᠨᠠᠩ | ᠰᠠᠶᠢᠲᠤᠷ ᠥᠢᠯᠡᠴᠢᠯᠠᠭᠦ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠥᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠲᠦᠷᠭᠡᠳᠬᠡᠬᠦ ᠪᠣᠯ ᠨᠠᠰᠤᠲᠠᠶᠢᠴᠤᠳ ᠤᠨ ᠠᠰᠠᠷᠠᠮᠵᠢ ᠶᠢᠨ ᠠᠰᠠᠭᠤᠳᠠᠯ ᠢ ᠢᠳᠡᠪᠬᠢᠲᠡᠢ | ᠰᠢᠢᠳᠪᠦᠷᠢᠯᠡᠬᠦ ᠶᠢᠨ ᠲᠤᠯᠭᠠᠮ᠎ᠠ ᠱᠠᠭᠠᠷᠳᠠᠯᠭ᠎ᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠮᠥᠨ᠃ ᠨᠠᠰᠤᠵᠢᠯ ᠤᠨ ᠠᠰᠠᠷᠠᠮᠵᠢ ᠶᠢᠨ ᠥᠢᠯᠡᠴᠢᠯᠠᠭᠡᠨ ᠤ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ ᠨᠠᠰᠤᠵᠢᠯ ᠤᠨ ᠠᠰᠠᠷᠠᠮᠵᠢ ᠶᠢᠨ ᠥᠢᠯᠠᠴᠢᠯᠠᠭᠡᠨ ᠤ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠭᠢᠭᠤᠯᠤᠨ ᠡᠯ᠎ᠡ ᠲᠥᠷᠤᠯ ᠤᠨ ᠲᠥᠭᠦᠷᠴᠢᠯᠡᠭᠰᠠᠨ ᠲᠥᠬᠦᠭᠡᠷᠦᠮᠵᠢ ᠶᠢ | ᠲᠡᠭᠦᠯᠳᠡᠷᠵᠢᠬᠦᠯᠵᠤ ᠥᠢᠯᠠᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠦᠨ ᠥᠲᠡᠯᠪᠡᠯ ᠲᠦᠰᠢᠭ ᠲᠠᠢ᠂ ᠥᠲᠡᠯᠪᠡᠯ | ᠠᠰᠠᠷᠠᠮᠵᠢ ᠲᠠᠢ ᠪᠠᠶᠢᠬᠤ ᠰᠠᠶᠢᠨ ᠰᠠᠶᠢᠬᠠᠨ ᠤᠷᠴᠢᠨ ᠨᠦᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠠᠵᠢᠯ ᠤᠨ ᠲᠥᠰᠦᠯ ᠢᠶᠠᠨ ᠲᠠᠭᠦᠯᠳᠡᠷᠵᠢᠭᠦᠯᠤᠨ ᠠᠵᠢᠯ ᠤᠨ ᠶᠠᠪᠤᠴᠠ ᠪᠠᠨ ᠨᠠᠷᠢᠯᠢᠬᠵᠢᠭᠤᠯᠵᠤ ᠡᠯ᠎ᠡ ᠲᠥᠷᠤᠯ ᠤᠨ | ᠡᠭᠦᠷᠭᠡ ᠪᠠᠨ ᠪᠣᠳᠠᠲᠠᠶ ᠳᠤ ᠨᠠᠶᠢᠳᠠᠪᠤᠷᠢᠵᠢᠭᠤᠯᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ | ᠪᠠᠶᠢᠭ᠎ᠠ ᠪᠣᠳᠠᠲᠠᠶ ᠠᠰᠠᠭᠤᠳᠠᠯ ᠢ ᠦᠨᠡᠨᠬᠦ ᠰᠢᠢᠳᠪᠦᠷᠢᠯᠡᠨ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ | ᠭᠡᠵᠡᠢ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠶ᠃ |