ᠰᠢ ᠶᠢᠨ ᠫᠢᠩ᠄ ᠲᠤᠭ ᠢ ᠦᠠᠳᠤᠷ ᠮᠠᠨᠳᠤᠭᠤᠯᠵᠥ ᠪᠦᠯᠬᠦᠮᠳᠡᠨ ᠨᠢᠬᠡᠳᠴᠦ ᠵᠤᠷᠢᠬᠳᠡᠢ ᠪᠠᠷ ᠤᠷᠤᠭᠰᠢᠯᠠᠵᠥ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠬᠤ ᠶᠢᠨ ᠲᠦᠯᠥᠬᠡ ᠴᠦᠬᠦᠷᠡᠰᠢ ᠦᠬᠡᠢ ᠲᠡᠮᠡᠴᠡᠬᠦ ᠬᠡᠷᠡᠭᠳᠡᠢ
ᠨᠡᠶᠢᠲᠡᠯᠡᠭᠰᠡᠨ ᠴᠠᠭ᠄
2019-09-24
     ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠦ ᠲᠠᠰᠢᠷᠡᠮ ᠢᠶᠠᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ 23 ᠤ ᠡᠳᠤᠷ ᠪᠡᠭᠡᠵᠢᠩ ᠤᠨ ᠦᠵᠡᠰᠬᠦᠯᠡᠩ ᠤᠨ ᠤᠷᠳᠤᠨ ᠳᠤ ᠬᠦᠷᠴᠦ᠂ ︽ᠠᠭᠤᠤ ᠶᠡᠭᠡ ᠦᠡᠭᠭᠡᠷᠡᠯᠳᠡ ᠬᠡᠷᠡᠯ ᠰᠠᠴᠤᠷᠠᠩᠭᠤᠢ ᠠᠮᠵᠢᠯᠳᠠ ᠪᠦᠳᠦᠮᠵᠢ — ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠭᠰᠠᠠ 70 ᠵᠢᠯ ᠤᠨ ᠤᠢ ᠶᠢ ᠪᠡᠯᠬᠡᠯᠡᠬᠦ ᠲᠤᠮᠤ ᠬᠡᠯᠪᠡᠷᠢ ᠶᠢᠨ ᠠᠮᠵᠢᠯᠳᠠ ᠪᠦᠳᠦᠮᠵᠢ ᠶᠢᠨ ᠦᠵᠡᠰᠭᠦᠯᠡᠩ︾ ᠢ ᠲᠤᠭᠤᠷᠢᠨ ᠦᠵᠡᠪᠡ᠃ ᠲᠡᠷᠡ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ 70 ᠵᠢᠯ ᠤᠨ ᠲᠤᠷᠰᠢ᠂ ᠮᠠᠨ ᠤ ᠨᠠᠮ ᠤᠭ ᠰᠠᠨᠠᠭ᠎ᠠ ᠪᠠᠨ ᠦᠯᠥ ᠮᠠᠷᠳᠠᠵᠥ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠭᠠᠭᠤᠯᠵᠤ ᠬᠦᠴᠢᠷ ᠪᠡᠷᠭᠡᠰᠢᠶᠡᠯ ᠬᠠᠷᠰᠢ ᠰᠠᠭᠠᠳ ᠨᠤᠭᠤᠳ ᠢ ᠢᠯᠠᠨ ᠲᠠᠪᠠᠵᠥ᠂ ᠲᠡᠤᠬᠡ ᠶᠢᠨ ᠬᠠᠭᠤᠳᠠᠰᠤ ᠶᠢ ᠬᠡᠷᠡᠯᠳᠦᠬᠦᠯᠥᠭᠰᠡᠡ ᠬᠦᠮᠥᠨ ᠤ ᠤᠷᠴᠢᠯᠠᠩ ᠤᠨ ᠭᠠᠶᠢᠬᠠᠮᠰᠢᠭ ᠤᠳ ᠢ ᠡᠬᠦᠳᠴᠦ᠂ ᠲᠤᠮᠳᠠᠳᠤ ᠶᠢᠨ ᠦᠨᠳᠦᠰᠦᠳᠡᠨ ᠪᠤᠰᠴᠦ ᠵᠤᠭᠰᠤᠭᠰᠠᠠ᠂ ᠪᠠᠶᠠᠵᠢᠬᠰᠠᠨ ᠠᠴᠠ ᠬᠦᠴᠦᠷᠬᠡᠭᠵᠢᠭᠰᠡᠡ ᠠᠭᠤᠤ ᠶᠡᠭᠡ ᠦᠰᠦᠷᠦᠯᠳᠡ ᠶᠢ ᠤᠬᠳᠤᠨ ᠠᠪᠴᠠᠢ᠃ 70 ᠵᠢᠯ ᠤᠨ ᠲᠤᠷᠰᠢᠬᠢ ᠮᠠᠨ ᠤ ᠤᠯᠤᠰ ᠤᠨ ᠤᠯᠤᠭᠰᠠᠠ ᠲᠡᠤᠬᠡᠳᠤ ᠴᠢᠨᠠᠷᠳᠠᠢ ᠠᠮᠵᠢᠯᠳᠠ᠂ ᠡᠬᠦᠰᠦᠭᠰᠡᠡ ᠲᠡᠤᠬᠡᠳᠤ ᠴᠢᠨᠠᠷᠳᠠᠢ ᠬᠤᠪᠢᠰᠤᠯᠳᠡ ᠨᠢ ᠲᠤᠮᠳᠠᠳᠤ ᠤᠯᠤᠰ ᠤᠨ ᠡᠪ ᠬᠠᠮᠳᠤ ᠨᠠᠮ ᠯᠡ ᠰᠠᠶ᠋ᠢ ᠲᠤᠮᠳᠠᠳᠤ ᠤᠯᠤᠰ ᠢ ᠤᠳᠤᠷᠢᠳᠴᠦ ᠴᠢᠳᠠᠨ᠎ᠠ᠂ ᠨᠡᠶᠢᠬᠡᠮ ᠵᠢᠷᠤᠮ ᠯᠡ ᠰᠠᠶ᠋ᠢ ᠲᠤᠮᠳᠠᠳᠤ ᠤᠯᠤᠰ ᠢ ᠠᠪᠤᠷᠠᠵᠥ ᠴᠢᠳᠠᠨ᠎ᠠ᠂ ᠦᠬᠡᠷᠡᠴᠢᠯᠡᠯᠳᠡ ᠨᠡᠬᠡᠬᠡᠯᠳᠡ ᠯᠡ ᠰᠠᠶ᠋ᠢ ᠲᠤᠮᠳᠠᠳᠤ ᠤᠯᠤᠰ ᠢ ᠬᠦᠭᠵᠢᠬᠦᠯᠵᠥ᠂ ᠨᠡᠶᠢᠬᠡᠮ ᠵᠢᠷᠤᠮ ᠢ ᠬᠦᠭᠵᠢᠬᠦᠯᠵᠥ᠂ ᠮᠠᠷᠺᠰ ᠤᠨ ᠦᠵᠡᠯ ᠢ ᠬᠦᠭᠵᠢᠬᠦᠯᠵᠥ ᠴᠢᠳᠠᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠯᠡ ᠰᠠᠶ᠋ᠢ ᠲᠤᠮᠳᠠᠳᠤ ᠤᠯᠤᠰ ᠢ ᠬᠦᠳᠦᠯᠥᠨ ᠲᠠᠭᠠᠭᠤᠯᠵᠥ ᠬᠦᠭᠵᠢᠨ ᠴᠡᠴᠡᠭᠯᠡᠬᠦ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠭᠤᠯᠵᠥ ᠴᠢᠳᠠᠨ᠎ᠠ ᠬᠡᠳᠡᠭ ᠢ ᠬᠦᠢᠴᠡᠳ ᠬᠠᠷᠠᠭᠤᠯᠤᠭᠰᠠᠠ ᠪᠠᠶᠢᠨ᠎ᠠ ᠃ 70 ᠵᠢᠯ ᠤᠨ ᠲᠠᠷᠠᠭ᠎ᠠ ᠠᠶᠠᠨ ᠳᠠᠭᠠᠨ ᠲᠠᠬᠢᠨᠳᠠ ᠮᠤᠷᠳᠠᠵᠤ᠂ ᠤᠳᠤ ᠠᠴᠠ ᠡᠬᠢᠯᠡᠨ ᠬᠦᠴᠢᠷ ᠪᠡᠷᠭᠡ ᠶᠢ ᠲᠠᠪᠠᠨ᠎ᠡ᠃ ᠰᠢᠨ᠎ᠡ ᠲᠤᠮᠳᠠᠳᠤ ᠤᠯᠤᠰ ᠤᠨ ᠰᠦᠷ ᠲᠠᠯᠠᠶᠢᠴᠠᠳᠠᠢ ᠬᠦᠭᠵᠢᠯᠳᠠ ᠶᠢᠨ ᠦᠡᠭᠭᠡᠷᠡᠯᠳᠡ᠂ ᠲᠡᠭᠷᠢ ᠭᠠᠵᠠᠷ ᠢ ᠤᠶᠠᠷᠠᠭᠤᠯᠤᠮ᠎ᠡ ᠬᠢᠯᠠᠯᠵᠠᠬᠰᠡᠨ ᠠᠮᠵᠢᠯᠳᠠ᠂ ᠡᠷᠬᠢᠮ ᠨᠠᠨᠳᠢᠨ ᠲᠤᠷᠰᠢᠯᠭ᠎ᠠ ᠰᠡᠩᠭᠡᠷᠡᠬᠦᠯᠦᠯ ᠢ ᠰᠠᠶᠢᠳᠤᠷ ᠢᠯᠡᠷᠡᠬᠦᠯᠵᠤ ᠂ ᠰᠠᠶᠢᠳᠤᠷ ᠤᠬᠠᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠢᠯᠡᠬᠦᠤ ᠨᠢᠬᠳᠠᠷᠠᠨ ᠪᠦᠯᠬᠦᠮᠳᠡᠭᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠪᠦᠯᠬᠦᠮᠳᠡᠨ ᠨᠢᠭᠡᠳᠴᠤ᠂ ᠵᠤᠷᠢᠬᠳᠠᠢ ᠪᠠᠷ ᠤᠷᠤᠬᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠢᠯᠠᠯᠳᠠ ᠶᠢ ᠤᠯᠵᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠭᠦᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠪᠠᠶᠠᠯᠡᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠭᠡᠷᠡᠭᠳᠠᠢ ᠭᠡᠵᠤ ᠴᠢᠬᠤᠯᠠᠴᠢᠯᠠᠪᠠ᠃
     ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠦᠵᠡᠰᠭᠦᠯᠡᠩ ᠢ ᠲᠤᠭᠤᠷᠢᠨ ᠦᠵᠡᠵᠠᠢ᠃      ᠦᠳᠠ ᠶᠢᠨ ᠬᠤᠶᠢᠨᠠᠬᠢ 4 ᠴᠠᠭ 10 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠠ ᠳᠦᠷᠦ ᠶᠢᠨ ᠤᠳᠤᠷᠢᠳᠬᠤ ᠨᠦᠬᠦᠳ ᠪᠡᠭᠡᠵᠢᠩ ᠤᠨ ᠦᠵᠡᠰᠬᠦᠯᠡᠩ ᠤᠨ ᠤᠷᠳᠤᠨ ᠳᠤ ᠬᠦᠷᠴᠤ᠂ ᠦᠵᠡᠰᠭᠦᠯᠡᠩ ᠢ ᠲᠤᠭᠤᠷᠢᠨ ᠦᠵᠡᠪᠡ᠃ ᠦᠵᠡᠰᠭᠦᠯᠡᠩ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠨᠡᠭᠡᠭᠡᠨ ᠬᠦᠭᠵᠢᠬᠦᠯᠦᠭᠰᠡᠨ᠂ ᠨᠡᠶᠢᠭᠡᠮ ᠵᠢᠷᠤᠮ ᠤᠨ ᠤᠳᠤᠬᠢᠴᠢᠯᠠᠬᠰᠡᠨ ᠤᠯᠤᠰ ᠢ ᠪᠦᠳᠦᠭᠡᠨ ᠪᠠᠶᠢᠭᠤᠯᠬᠤ ᠪᠠᠷ ᠭᠤᠤᠯ ᠰᠡᠳᠦᠪ ᠪᠤᠯᠭᠠᠵᠤ᠂ ᠤᠨ ᠲᠠᠷᠠᠭᠠᠯᠠᠬᠰᠡᠨ ᠪᠢᠴᠢᠯᠭᠡ ᠪᠠᠷ ᠴᠠᠭ ᠬᠤᠭᠤᠴᠠᠭᠠᠨ ᠤ ᠭᠤᠤᠯ ᠰᠢᠵᠢᠮ ᠪᠤᠯᠭᠠᠵᠤ᠂ 5 ᠭᠡᠰᠡᠭ ᠢᠶᠠᠷ ᠲᠤᠬᠢᠷᠠᠭᠤᠯᠤᠨ ᠲᠦᠯᠦᠪᠯᠡᠭᠰᠡᠨ ᠪᠦᠭᠡᠳ ᠤᠳᠠᠭ᠎ᠠ ᠪᠦᠷᠢ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠨᠠᠮ ᠤᠨ ᠲᠦᠪ ᠬᠤᠷᠢᠶᠠᠨ ᠤ ᠴᠢᠬᠤᠯᠠ ᠪᠦᠬᠦᠳᠠ ᠬᠤᠷᠠᠯ᠂ ᠲᠠᠪᠤᠨ ᠵᠢᠯ ᠤᠨ ᠲᠦᠯᠦᠪᠵᠢᠬᠦᠯᠭᠡ ︵ᠲᠦᠯᠦᠪᠯᠡᠭᠡ︶ ᠵᠡᠷᠭᠡ ᠲᠠᠯ᠎ᠡ ᠶᠢᠨ ᠭᠡᠰᠡᠭ ᠠᠯᠤᠰᠯᠠᠬᠰᠡᠨ ᠭᠤᠤᠯ ᠰᠢᠵᠢᠮ ᠢ ᠢᠯᠡᠷᠡᠬᠦᠯᠵᠤ᠂ 150 ︽ᠰᠢᠨ᠎ᠡ ᠲᠤᠮᠳᠠᠳᠤ ᠤᠯᠤᠰ ᠤᠨ ᠠᠩᠬᠠᠳᠠᠬᠴᠢ︾ ᠶᠢ ᠰᠤᠩᠭᠤᠨ ᠲᠡᠯᠭᠡᠨ ᠦᠵᠡᠬᠦᠯᠵᠤ᠂ 10 ᠵᠢᠯ ᠢᠶᠠᠷ ᠦᠶᠠᠴᠢᠯᠡᠭᠰᠡᠨ ᠪᠠᠭᠠᠳᠤᠷ ᠵᠢᠱᠢᠶᠠᠴᠢ ᠬᠦᠮᠦᠰ ᠤᠨ ᠭᠡᠷᠡᠮ ᠢ ᠲᠤᠬᠢᠷᠠᠭᠤᠯᠵᠤ᠂ ᠲᠠᠭᠤ ᠭᠡᠷᠡᠯ ᠴᠠᠬᠢᠯᠭᠠᠨ ᠵᠡᠷᠭᠡ ᠬᠠᠮ ᠵᠠᠭᠤᠴᠢᠯᠠᠭᠤᠷ ᠤᠨ ᠰᠢᠨᠵᠢᠯᠡᠬᠦ ᠤᠠᠬᠭᠠᠨ ᠲᠧᠭᠨᠢᠭ ᠮᠡᠷᠭᠡᠵᠢᠯ ᠤᠨ ᠢᠯᠡᠷᠡᠬᠦᠯᠬᠦ ᠠᠷᠭ᠎ᠠ ᠪᠠᠷᠢᠯ ᠢ ᠬᠦᠢᠴᠡᠳ ᠭᠡᠷᠡᠭᠯᠡᠵᠤ ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠲᠤᠷᠰᠢᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠵᠤ᠂ ᠰᠢᠷᠭᠠᠭᠤ ᠬᠠᠳᠠᠭᠤᠵᠢᠯᠳᠠᠢ ᠲᠡᠮᠡᠴᠡᠯ ᠢᠶᠠᠷ ᠪᠠᠶᠠᠯᠡᠬᠦᠯᠦᠭᠰᠡᠨ ᠠᠭᠤᠤ ᠶᠡᠭᠡ ᠲᠠᠪᠠᠯᠳᠠ ᠶᠢ ᠪᠦᠬᠦ ᠲᠠᠯ᠎ᠡ ᠪᠠᠷ ᠪᠦᠬᠦᠯᠢ ᠴᠤᠬᠴᠠ ᠪᠠᠷ ᠢᠯᠡᠷᠡᠬᠦᠯᠵᠤ᠂ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠳᠤ ᠪᠠᠶᠢᠭᠤᠯᠤᠯ ᠤᠨ ᠬᠦᠴᠦ ᠪᠠᠨ ᠲᠦᠪᠯᠡᠷᠡᠬᠦᠯᠵᠤ ᠶᠡᠭᠡ ᠶᠠᠪᠤᠳᠠᠯ ᠢ ᠪᠦᠳᠦᠭᠡᠬᠦ ᠤᠯᠤᠰ ᠲᠦᠷᠦ ᠶᠢᠨ ᠲᠠᠪᠠᠭᠤᠯᠢᠭ ᠢ ᠲᠤᠳᠤᠷᠬᠠᠢ ᠢᠯᠡᠷᠡᠬᠦᠯᠵᠤ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠯᠤᠳᠤ ᠶᠡᠭᠡ ᠬᠤᠪᠢᠷᠠᠯᠳᠠ ᠶᠢᠨ ᠠᠷᠤ ᠳᠠᠬᠢ ᠡᠴᠢᠨ᠎ᠡ ᠬᠦᠨ ᠶᠤᠰᠤ ᠤᠴᠢᠷ ᠢ ᠬᠦᠨᠵᠡᠭᠡᠢ ᠢᠯᠡᠷᠡᠬᠦᠯᠪᠠ᠃      ᠤᠯᠤᠰ ᠪᠠᠶᠢᠭᠤᠯᠤᠭᠲᠠᠭᠰᠠᠠ ᠦᠪᠡᠲᠡᠭᠰᠢ ᠶᠤᠰᠤᠯᠠᠯ ᠤᠨ ᠲᠡᠤᠭᠡᠲᠦ ᠴᠠᠭ ᠮᠦᠴᠡ ᠶᠢ ᠲᠡᠮᠲᠡᠭᠯᠡᠭᠰᠡᠡ ᠰᠡᠬᠦᠲᠡᠷ ᠵᠢᠷᠤᠭ᠂ ᠰᠢᠨ᠎ᠠ ᠲᠤᠮᠲᠠᠲᠤ ᠤᠯᠤᠰ ᠤᠨ ᠲᠡᠪᠢᠰᠦᠭᠰᠡᠨ ᠠᠩᠬᠠᠲᠠᠭᠴᠢ ᠲᠡᠮᠦᠷ ᠵᠠᠮ ᠴᠧᠩᠲᠦ᠋ ᠠᠴᠠ ᠴᠦᠩᠴᠢᠩ ᠬᠦᠷᠬᠦ ᠲᠡᠮᠦᠷ ᠵᠠᠮ ᠢ ᠪᠠᠶᠢᠭᠤᠯᠵᠦ ᠲᠠᠭᠤᠰᠬᠠᠠ ᠲᠡᠷᠭᠡ ᠨᠡᠪᠲᠡᠷᠡᠭᠦᠯᠦᠭᠰᠡᠡ ᠰᠡᠶᠢᠯᠦᠮᠠᠯ᠂ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠯᠠᠠ ᠤᠯᠤᠰ ᠲᠠᠬᠢ ᠠᠯᠢᠪᠠ ᠬᠠᠤᠯᠢ ᠶᠤᠰᠤᠨ ᠤ ᠡᠷᠭᠡ ᠠᠰᠢᠭ ᠢᠶᠠᠨ ᠰᠡᠷᠭᠦᠭᠡᠭᠰᠡᠡ ᠲᠡᠷᠡ ᠭᠱᠠᠠ ᠢ ᠰᠡᠭᠦᠲᠡᠷᠯᠡᠵᠦ ᠠᠪᠤᠭᠰᠡᠠ ᠭᠡᠷᠡᠯ ᠵᠢᠷᠤᠭ᠂ 1977 ᠤᠨ ᠳᠤ ᠶᠡᠭᠡ ᠲᠡᠭᠡᠲᠦ ᠰᠤᠷᠭᠠᠭᠤᠯᠢ ᠶᠢᠨ ᠨᠢᠭᠡᠲᠦᠯᠲᠡᠢ ᠰᠢᠯᠭᠠᠯᠲᠠ ᠶᠢ ᠰᠡᠷᠭᠦᠭᠡᠭᠰᠡᠡ ᠠᠴᠠ ᠨᠠᠭᠠᠰᠢ ᠬᠡᠲᠦᠨ ᠦᠶ᠎ᠠ ᠶᠢᠨ ᠬᠦᠮᠦᠰ ᠤᠨ ᠬᠤᠪᠢ ᠵᠠᠶᠠᠭ᠎ᠠ ᠶᠢ ᠬᠤᠪᠢᠷᠠᠭᠤᠯᠤᠭᠰᠠᠠ ᠶᠠᠪᠤᠳᠠᠯ ᠢ ᠬᠠᠷᠠᠭᠤᠯᠤᠭᠰᠠᠠ ᠦᠵᠡᠭᠲᠡᠯ᠂ ᠠᠠᡁᠦ᠋ᠢ ᠶᠢᠨ ᠰᠢᠶᠤᠤᠭᠠᠩ ᠲᠤᠰᠬᠤᠨ ᠤ 18 ᠡᠷᠦᠭᠡ ᠲᠠᠷᠢᠶᠠᠴᠢᠠ ᠤ ︽ᠶᠡᠭᠡ ᠲᠠᠭᠠᠭᠠᠴᠢᠯᠠᠯᠲᠠ︾ ᠶᠢᠨ ᠭᠡᠷ᠎ᠠ ᠲᠡᠭᠡᠷ᠎ᠠ ᠤᠯᠠᠭᠠᠨ ᠬᠤᠷᠤᠭᠤᠨ ᠤᠷᠤᠮ ᠢᠶᠠᠨ ᠲᠠᠷᠤᠭᠰᠠᠠ ᠵᠠᠪᠤᠳᠠᠯ ᠢ ᠬᠠᠷᠠᠭᠤᠯᠤᠭᠰᠠᠠ ᠤᠯᠠᠠ ᠬᠦᠮᠦᠨ ᠤ ᠵᠢᠷᠤᠭ᠂ ᠱᠠᠩᠬᠠᠢ ᠶᠢᠨ ᠫᠦᠲᠦ᠋ᠩ ᠢ ᠨᠡᠭᠡᠭᠡᠡ ᠬᠦᠭᠵᠢᠭᠦᠯᠵᠦ ᠨᠡᠭᠡᠭᠡᠯᠲᠡ ᠬᠢᠭᠰᠡᠡ ᠠᠴᠠ ᠬᠠᠭᠤᠴᠢᠨ ᠲᠦᠷᠰᠦ ᠪᠠᠶᠢᠲᠠᠯ ᠰᠢᠨ᠎ᠠ ᠪᠠᠷ ᠰᠤᠯᠢᠭᠲᠠᠭᠰᠠᠠ ᠶᠠᠪᠤᠳᠠᠯ ᠢ ᠬᠠᠷᠠᠭᠤᠯᠤᠭᠰᠠᠠ ᠸᠢᠲᠢᠣ᠋᠂ 1998 ᠤᠠ ᠤ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠲᠤᠮᠲᠠ ᠲᠠᠶᠠᠭᠠᠷ ᠢᠶᠠᠨ ᠰᠡᠳᠭᠢᠯ ᠨᠢᠭᠡᠳᠴᠤ᠂ ᠲᠡᠮᠦᠷ ᠭᠡᠷᠡᠮ ᠪᠤᠯᠤᠭᠰᠠᠠ ᠶᠠᠪᠤᠳᠠᠯ ᠢ ᠬᠠᠷᠠᠭᠤᠯᠤᠭᠰᠠᠠ ᠦᠵᠡᠭᠲᠡᠯ᠂ ᠪᠡᠭᠡᠵᠢᠩ ᠤᠨ ᠤᠯᠢᠮᠫᠢᠺ ᠤᠨ ᠲᠠᠮᠢᠷ ᠤᠨ ᠴᠤᠭᠯᠠᠭᠠᠠ ᠤ ᠦᠪᠡᠲᠡᠭᠰᠢ ᠪᠠᠶᠢᠲᠠᠯ ᠢ ᠲᠠᠬᠢᠨ ᠬᠠᠷᠠᠭᠤᠯᠤᠭᠰᠠᠠ ᠭᠡᠷᠡᠯ ᠵᠢᠷᠤᠭ ᠤᠨ ᠵᠢᠷᠤᠭ ᠲᠦᠯᠦᠪᠯᠡᠭᠡ᠂ ᠲᠤᠮᠲᠠᠲᠤ ᠤᠯᠤᠰ ᠤᠨ ᠪᠡᠶ᠎ᠠ ᠪᠠᠨ ᠲᠠᠭᠠᠭᠠᠵᠦ ᠰᠤᠲᠤᠯᠤᠨ ᠨᠡᠬᠡᠭᠡᠭᠰᠡᠨ ᠠᠩᠬᠠᠲᠠᠭᠴᠢ ᠲᠦᠷᠭᠡᠡ ᠨᠸᠢᠢᠳ᠋ᠷᠤᠨ ᠤ ᠤᠷᠪᠠᠯ ᠤᠨ ᠵᠤᠤᠬ᠎ᠠ ᠶᠢᠨ ᠵᠠᠭᠪᠤᠷ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠭᠰᠡᠡ ᠠᠬᠢᠴᠠ ᠶᠢ ᠬᠠᠷᠠᠭᠤᠯᠤᠭᠰᠠᠠ ᠲᠤᠲᠤᠷᠬᠠᠶᠢᠯᠠᠯᠲᠠ᠂ ᠴᠢᠨᠠᠷ ᠰᠠᠶᠢᠲᠠᠢ ᠬᠦᠭᠵᠢᠯᠲᠠ ᠶᠢ ᠲᠤᠰᠬᠠᠭᠰᠠᠠ ᠠᠮᠵᠢᠯᠲᠠ ᠪᠦᠲᠦᠮᠵᠢ᠂ ︽ᠬᠦᠭᠡᠮᠲᠦᠭ ᠨᠤᠭᠤᠭᠠᠠ ᠠᠭᠤᠯᠠ ᠤᠰᠤ ᠪᠤᠯ ᠠᠯᠲᠠᠠ ᠮᠦᠩᠭᠦᠨ ᠠᠭᠤᠯᠠ ︾ ᠪᠤᠯᠬᠤ ᠶᠢ ᠬᠠᠷᠠᠭᠤᠯᠤᠭᠰᠠᠠ ᠠᠮᠢᠲᠤᠯᠢᠭ ᠦᠢᠯᠡᠲᠦᠯᠭᠡ ᠶᠢᠨ ᠡᠯᠡᠰᠦᠨ ᠴᠠᠷ᠎ᠠ᠂ ᠠᠷᠠᠳ ᠤᠨ ᠴᠡᠷᠢᠭ ᠠᠩᠭᠢ ᠶᠢᠨ ᠲᠠᠷᠤᠭ᠎ᠠ ᠪᠠᠶᠢᠯᠲᠤᠭᠴᠢᠳ ᠤᠨ ᠴᠡᠷᠢᠭ ᠢ ᠬᠦᠴᠦᠷᠭᠡᠭᠵᠢᠭᠦᠯᠬᠦ ᠬᠠᠷᠠᠯᠲᠠ ᠶᠢᠨ ᠵᠢᠯᠤᠭᠤᠲᠤᠯᠭ᠎ᠠ ᠲᠤᠤᠷ᠎ᠠ ᠡᠷᠡᠯᠭᠡᠭᠯᠡᠡ ᠲᠡᠮᠡᠴᠡᠭᠰᠡᠡ ‍ᠦ᠋ᠯᠡ ᠶᠠᠪᠤᠳᠠᠯ ᠢ ᠬᠠᠷᠠᠭᠤᠯᠤᠭᠰᠠᠠ ᠦᠵᠡᠭᠦᠯᠭᠡ ᠶᠢᠨ ᠰᠠᠮᠪᠠᠷ᠎ᠠ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠨ᠎ᠠ ᠠᠬᠢᠴᠠ ᠶᠢ ᠢᠯᠡᠷᠡᠭᠦᠯᠦᠭᠰᠡᠡ ᠪᠤᠲᠠᠲᠤ ᠦᠵᠡᠭᠲᠡᠯ᠂ ᠤᠷᠤᠨ ᠪᠦᠰᠡ ᠶᠢᠨ ᠬᠦᠭᠵᠢᠯᠲᠠ ᠶᠢᠨ ᠪᠠᠶᠢᠯᠲᠤᠬᠤ ᠪᠤᠲᠤᠯᠭ᠎ᠠ ᠶᠢ ᠵᠢᠷᠤᠭᠯᠠᠭᠰᠠᠠ ᠭᠠᠵᠠᠷ ᠤᠨ ᠵᠢᠷᠤᠭ᠂ ᠲᠠᠭᠤᠷᠢᠶᠠᠮᠠᠯ ᠰᠠᠷᠠᠠ ᠪᠦᠮᠪᠦᠷᠴᠡᠭ ᠤᠨ ᠲᠡᠷᠭᠡ᠂ ︽ᠲᠡᠭᠷᠢ ᠶᠢᠨ ᠨᠢᠳᠤ︾ ᠵᠡᠷᠭᠡ ᠵᠠᠭᠪᠤᠷ᠂ ᠲᠡᠯᠡᠭᠡᠢ ᠲᠡᠭᠡᠷᠡᠬᠢ ᠬᠠᠮᠤᠭ ᠤᠨ ᠤᠷᠲᠤ ᠲᠠᠯᠠᠢ ᠠᠯᠤᠰᠯᠠᠭᠰᠠᠠ ᠶᠡᠭᠡ ᠬᠦᠬᠦᠷᠭᠡ ᠰᠢᠶᠠᠩᠭᠠᠩ ᠵᠦᠬᠠᠢ ᠤᠤᠮᠸᠠ ᠤ ᠲᠤᠮᠤ ᠬᠦᠬᠦᠷᠭᠡ ᠶᠢᠨ ᠵᠠᠭᠪᠤᠷ᠂ ᠪᠦᠬᠦ ᠲᠠᠯ᠎ᠠ ᠶᠢᠨ ᠭᠠᠲᠠᠭᠠᠲᠤ ᠬᠠᠷᠢᠯᠴᠠᠭ᠎ᠠ ᠶᠢ ᠬᠠᠷᠠᠭᠤᠯᠤᠭᠰᠠᠠ ᠦᠵᠡᠭᠦᠯᠭᠡ ᠶᠢᠨ ᠰᠠᠮᠪᠠᠷ᠎ᠠ ᠁ ᠦᠵᠡᠰᠭᠦᠯᠡᠩ ᠤᠨ ᠬᠤᠩᠬᠢᠯ ᠨᠢ ᠶᠠᠭ ᠯᠡ ᠴᠠᠭ ᠦᠶ᠎ᠠ ᠶᠢᠨ ᠬᠤᠩᠭᠢᠯ ᠰᠢᠭ᠋ ᠬᠠᠷᠠᠬᠳᠠᠵᠤ᠂ ᠭᠡᠷᠡᠯ ᠵᠢᠷᠤᠭ ᠤᠨ ᠦᠵᠡᠭᠦᠯᠭᠡ ᠶᠢᠨ ᠰᠠᠮᠪᠠᠷ᠎ᠠ᠂ ᠪᠤᠲᠠᠲᠤ ᠪᠤᠲᠠᠰ ᠤᠨ ᠵᠠᠭᠪᠤᠷ᠂ ᠸᠢᠲᠢᠣ᠋ ᠮᠠᠲ᠋ᠧᠷᠢᠶᠠᠯ᠂ ᠬᠦᠲᠡᠯᠦᠩᠭᠦᠢ ᠪᠡᠶᠡᠴᠢᠯᠡᠭᠰᠡᠡ ᠮᠡᠲᠡᠷᠡᠮᠵᠢ ᠨᠢ ᠰᠢ ᠶᠢᠨ ᠫᠢᠩ ᠵᠡᠷᠭᠡ ᠤᠲᠤᠷᠢᠳᠬᠤ ᠨᠦᠬᠦᠳ ᠤᠨ ᠬᠠᠷᠠᠭ᠎ᠠ ᠶᠢ ᠪᠤᠯᠢᠶᠠᠵᠦ᠂ ᠲᠡᠲᠡ ᠪᠠᠶᠢᠨ ᠪᠠᠶᠢᠨ ᠵᠤᠭᠰᠤᠠ ᠰᠤᠨᠢᠷᠬᠠᠵᠦ᠂ ᠲᠠᠶᠢᠯᠪᠤᠷᠢᠯᠠᠭᠴᠢ ᠶᠢᠨ ᠶᠠᠷᠢᠬᠤ ᠶᠢ ᠨᠠᠷᠢᠨ ᠬᠢᠨᠠᠮᠠᠭᠠᠢ ᠰᠤᠨᠤᠰᠴᠤ᠂ ᠬᠤᠯᠪᠤᠭᠲᠠᠯ ᠪᠦᠬᠦᠢ ᠪᠠᠶᠢᠲᠠᠯ ᠢ ᠠᠰᠠᠭᠤᠠ ᠤᠶᠢᠢᠯᠠᠭᠠᠵᠦ ᠪᠠᠶᠢᠯ᠎ᠠ᠃      ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠲᠡᠳ᠋ ᠬᠤᠷᠢᠶᠠᠨ ᠲᠠᠷᠤᠭ᠎ᠠ᠂ ᠲᠦᠷᠦ ᠶᠢᠨ ᠶᠠᠪᠤᠲᠠᠯ ᠤᠨ ᠭᠡᠰᠢᠭᠦᠨ᠂ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠲᠡᠳ᠋ ᠲᠡᠷᠢᠭᠦᠯᠡᠭᠴᠢ ᠵᠢᠴᠢ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠭᠡᠰᠢᠭᠦᠨ ᠨᠠᠷ ᠦᠵᠡᠰᠭᠦᠯᠡᠩ ᠢ ᠲᠤᠭᠤᠷᠢᠨ ᠦᠵᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号