9 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ | ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠠᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠤᠰᠢᠭᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ᠂ ᠬᠤᠰᠢᠭᠤ ᠳᠡᠳ᠋ ᠳᠠᠷᠤᠭ᠎ᠠ | ᠪᠠᠶᠠᠨᠴᠡᠩᠭᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠪᠠᠶᠢᠴᠠᠭᠠᠯᠳᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ | ᠲᠤᠷᠰᠢᠯᠲᠠ ᠶᠢᠨ ᠪᠠᠭ᠎ᠠ ᠰᠤᠷᠭᠠᠭᠤᠯᠢ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠭᠤᠷᠪᠠᠳᠤᠭᠠᠷ | ᠲᠤᠷᠰᠢᠯᠲᠠ ᠶᠢᠨ ᠪᠠᠭ᠎ᠠ ᠰᠤᠷᠭᠠᠭᠤᠯᠢ᠂ ᠨᠠᠨᠳᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ | ᠲᠤᠨᠢ ᠪᠠᠶᠢᠴᠠᠭᠠᠯᠲᠠ ᠬᠢᠬᠦ ᠶᠢᠨ ᠲᠠᠭᠠᠤ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠲᠤ ᠬᠦᠷᠴᠦ ᠮᠤᠩᠭᠤᠯ | ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠡᠷᠭᠢᠯᠳᠠ ᠶᠢᠨ ᠪᠠᠶᠢᠳᠠᠯ ᠪᠣᠯᠤᠨ ᠣᠷᠴᠢᠭᠤᠯᠭ᠎ᠠ ᠶᠢᠨ ᠠᠵᠢᠯ | ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠯᠳᠠ ᠶᠢᠨ ᠳᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠵᠤ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠷᠭᠠᠯ ᠮᠠᠨ ᠤ | ᠬᠤᠰᠢᠭᠤᠨ ᠤ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ ᠬᠤᠷᠠᠯ | ᠳᠤ ᠣᠷᠣᠯᠴᠠᠭᠰᠠᠨ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠪᠣᠳᠠᠲᠠᠶ ᠠᠵᠢᠯ ᠤᠨ ᠲᠤᠬᠠᠶ ᠶᠠᠷᠢᠶ᠎ᠠ ᠲᠠᠯᠪᠢᠪᠠ᠃ | ᠬᠠᠤᠯᠢ ᠭᠡᠷᠡᠭᠵᠢᠭᠦᠯᠥᠯᠳᠠ ᠶᠢᠨ ᠪᠠᠶᠢᠴᠠᠭᠠᠯᠳᠠ ᠶᠢᠨ ᠳᠤᠭᠤᠶᠢᠯᠠᠩ ᠤᠨ ᠬᠢᠨ ᠱᠠᠭᠠᠷᠳᠠᠭᠰᠠᠨ ᠨᠢ᠂ ᠡᠯ᠎ᠡ | ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠨᠢᠯᠲᠠ ᠪᠠᠨ ᠳᠡᠭᠡᠭᠰᠢᠯᠡᠭᠦᠯᠵᠦ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠤᠨ ᠱᠠᠭᠠᠷᠳᠠᠯᠭ᠎ᠠ | ᠶᠣᠰᠣᠭᠠᠷ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠰᠠᠶᠢᠲᠤᠷ ᠬᠢᠵᠦ ᠥᠷᠭᠡᠨ ᠤᠯᠠᠨ ᠲᠥᠮᠠᠨ ᠤ | ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢᠶᠠᠨ ᠬᠡᠷᠡᠭᠯᠡᠬᠦ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠨᠡᠶᠢᠭᠡᠮ ᠤᠨ ᠥᠩᠭᠡᠨ ᠬᠡᠷᠡᠭᠯᠡᠭᠡᠨ ᠤ | ᠦᠰᠦᠭ ᠪᠢᠴᠢᠭ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠮᠣᠩᠭᠤᠯ ᠬᠢᠲᠠᠳ ᠬᠤᠶᠠᠷ ᠵᠦᠶᠯ ᠤᠨ | ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠣᠷᠮ᠎ᠠ ᠪᠠ ᠵᠢᠷᠤᠮᠵᠢᠭᠤᠯᠬᠤ ᠪᠠᠷᠢᠮᠵᠢᠶ᠎ᠠ ᠶᠢᠨ ᠨᠣᠷᠮ᠎ᠠ ᠶᠢ ᠳᠡᠭᠡᠭᠰᠢᠯᠡᠭᠦᠯᠬᠦ | ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ | ᠤᠨ ᠠᠵᠢᠯ ᠤᠨ ᠳᠦᠷᠢᠮ︾᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠮᠣᠩᠭᠤᠯ | ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠪᠠᠷᠢᠮᠵᠢᠶᠠᠵᠢᠭᠤᠯᠬᠤ ᠪᠠ ᠰᠤᠷᠤᠯᠴᠠᠵᠤ ᠬᠡᠷᠡᠭᠯᠡᠬᠦ ᠶᠢ | ᠳᠦᠷᠢᠮᠵᠢᠭᠦᠯᠬᠦ ᠵᠢᠴᠢ ᠲᠡᠭᠦᠨ ᠤ ᠭᠥᠭᠵᠢᠯᠳᠠ ᠶᠢ ᠠᠬᠢᠭᠤᠯᠵᠤ ᠮᠣᠩᠭᠤᠯ ᠦᠭᠡ ᠬᠡᠯᠡ ᠦᠰᠦᠭ ᠪᠢᠴᠢᠭ ᠤᠨ | ᠨᠡᠶᠢᠭᠡᠮ ᠤᠨ ᠠᠮᠢᠳᠤᠷᠠᠯ ᠳᠤᠮᠳᠠᠬᠢ ᠦᠢᠯᠡᠳᠦᠯ ᠢ ᠨᠢ ᠨᠠᠩ ᠰᠠᠶᠢᠲᠤᠷ ᠪᠠᠳᠠᠷᠠᠭᠤᠯᠵᠤ ᠴᠥᠭᠡᠨ ᠲᠣᠭᠠᠲᠤ | ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠡᠢ᠃ |