ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ 9 ᠰᠠᠷ᠎ᠠ ᠶᠢᠨ 24 ᠤ ᠦᠳᠡ ᠶᠢᠨ | ᠬᠤᠶᠢᠨ᠎ᠠ ︽ᠰᠢᠨ᠎ᠡ ᠳᠤᠮᠳᠠᠳᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠬᠠᠤᠯᠢ ᠴᠠᠭᠠᠵᠠ ᠶᠢᠨ | ᠪᠠᠶᠢᠭᠤᠯᠤᠯ ᠤᠨ ᠪᠦᠷᠢᠯᠳᠤᠯ ᠪᠤᠯᠤᠨ ᠬᠦᠭᠵᠢᠯᠳᠡ︾ ᠶᠢᠨ ᠳᠤᠬᠠᠢ ᠠᠷᠪᠠᠨ ᠳᠤᠯᠤᠳᠤᠭᠠᠷ ᠤᠳᠠᠭ᠎ᠠ ᠶᠢᠨ ᠬᠠᠮᠳᠤ ᠶᠢᠨ | ᠰᠤᠷᠤᠯᠴᠠᠯᠭ᠎ᠠ ᠬᠢᠪᠡ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ᠂ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠳᠤᠷᠰᠢ᠂ ᠮᠠᠨ ᠤ ᠨᠠᠮ ᠠᠷᠠᠳ | ᠳᠦᠮᠡᠨ ᠢ ᠤᠳᠤᠷᠢᠳᠤᠨ ᠳᠠᠰᠤᠷᠠᠯᠳᠠ ᠦᠬᠡᠢ ᠬᠠᠶᠢᠨ ᠰᠦᠪᠡᠭᠴᠢᠯᠡᠵᠥ ᠦᠢᠯᠡᠳᠦᠯᠬᠡᠵᠢᠬᠦᠯᠵᠥ᠂ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠤᠯᠤᠰ ᠤᠨ ᠪᠠᠶᠢᠭᠤᠯᠤᠯ ᠪᠤᠯᠤᠨ ᠬᠠᠤᠯᠢ ᠴᠠᠭᠠᠵᠠ ᠶᠢᠨ | ᠪᠠᠶᠢᠭᠤᠯᠤᠯ ᠢ ᠠᠯᠬᠤᠮ ᠠᠯᠬᠤᠮ ᠢᠶᠠᠷ ᠪᠦᠷᠢᠯᠳᠦᠬᠦᠯᠵᠥ᠂ ᠤᠳᠤ ᠦᠶ᠎ᠡ ᠶᠢᠨ ᠳᠤᠮᠳᠠᠳᠤ ᠤᠯᠤᠰ ᠤᠨ ᠬᠦᠭᠵᠢᠯᠳᠡ | ᠳᠠᠪᠰᠢᠯᠳᠠ ᠳᠤ ᠦᠨᠳᠦᠰᠦᠨ ᠪᠠᠳᠤᠯᠠᠭ᠎ᠠ ᠬᠠᠩᠭᠠᠵᠥ᠂ ᠲᠡᠷᠡᠴᠢᠯᠡᠨ ᠰᠢᠨ᠎ᠡ ᠴᠠᠬ ᠦᠶ᠎ᠡ ᠶᠢᠨ ᠤᠯᠤᠰ ᠤᠨ | ᠪᠠᠶᠢᠭᠤᠯᠤᠯ ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠤᠨ ᠪᠠᠶᠢᠭᠤᠯᠤᠯᠳᠠ ᠳᠤ ᠴᠢᠬᠤᠯᠠ ᠳᠤᠷᠰᠢᠯᠭ᠎ᠠ ᠬᠠᠩᠭᠠᠵᠥ | ᠦᠭᠴᠡᠢ᠃ ᠪᠦᠬᠦ ᠨᠠᠮ ᠢᠶᠠᠷ ᠢᠶᠠᠨ ᠵᠠᠮ ᠤᠨ ᠢᠳᠡᠬᠡᠯ᠂ ᠤᠨᠤᠯ ᠤᠨ ᠢᠳᠡᠬᠡᠯ᠂ ᠪᠠᠶᠢᠭᠤᠯᠤᠯ ᠤᠨ ᠢᠳᠡᠬᠡᠯ᠂ | ᠰᠤᠶᠤᠯ ᠤᠨ ᠢᠳᠡᠬᠡᠯ ᠢᠶᠠᠨ ᠪᠠᠳᠤᠳᠬᠠᠵᠥ᠂ ᠨᠠᠮ ᠪᠠ ᠠᠷᠠᠳ ᠳᠦᠮᠡᠨ ᠤ ᠨᠡᠬᠡᠬᠡᠭᠰᠡᠨ ᠵᠦᠪ ᠵᠠᠮ ᠢᠶᠠᠷ | ᠦᠷᠬᠦᠯᠵᠢᠯᠡᠨ ᠤᠷᠤᠬᠰᠢᠯᠠᠵᠥ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢ ᠳᠠᠰᠤᠷᠠᠯᠳᠠ ᠦᠬᠡᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠡᠰᠢᠬᠦᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠦᠪᠯᠡᠯ ᠤᠨ ᠬᠡᠰᠢᠬᠦᠨ ᠢᠥᠢ ᡁᠢ ᠭᠠᠩ ᠨᠦᠬᠦᠷ ᠡᠨᠡ | ᠠᠰᠠᠭᠤᠳᠠᠯ ᠤᠨ ᠳᠤᠬᠠᠢ ᠳᠠᠶᠢᠯᠪᠤᠷᠢᠯᠠᠯᠳᠠ ᠬᠢᠵᠥ᠂ ᠰᠠᠨᠠᠯ ᠰᠠᠨᠠᠭᠤᠯᠭ᠎ᠠ ᠳᠤᠷᠠᠳᠴᠠᠢ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠳᠠᠯᠪᠢᠵᠠᠢ᠃ ᠳᠡᠷᠡ᠂ ᠬᠡᠳᠤᠨ ᠡᠳᠤᠷ ᠤᠨ ᠳᠠᠷᠠᠭ᠎ᠠ | ᠂ ᠪᠢᠳᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠬᠤ | ᠪᠤᠯᠤᠨ᠎ᠡ᠃ ᠡᠨᠡ ᠤᠳᠠᠭ᠎ᠠ ᠶᠢᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠠᠮᠳᠤ ᠶᠢᠨ | ᠰᠤᠷᠤᠯᠴᠠᠯᠭ᠎ᠠ ᠶᠢ ᠲᠤᠬᠢᠷᠠᠭᠤᠯᠤᠬᠰᠠᠠ ᠤ ᠵᠤᠷᠢᠯᠭ᠎ᠠ ᠨᠢ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ 70 | ᠵᠢᠯ ᠤᠨ ᠲᠤᠷᠰᠢ ᠨᠠᠮ ᠠᠷᠠᠳ ᠲᠦᠮᠡᠨ ᠢ ᠤᠳᠤᠷᠢᠳᠤᠨ ᠤᠯᠤᠰ ᠤᠨ ᠪᠠᠶᠢᠭᠤᠯᠤᠯ ᠪᠤᠯᠤᠨ ᠬᠠᠤᠯᠢ ᠴᠠᠭᠠᠵᠠ ᠶᠢᠨ | ᠪᠠᠶᠢᠭᠤᠯᠤᠯ ᠤᠨ ᠪᠠᠶᠢᠭᠤᠯᠤᠯᠳᠠ ᠶᠢ ᠠᠬᠢᠭᠤᠯᠤᠬᠰᠠᠠ ᠦᠡᠭᠭᠡᠷᠡᠯᠳᠡ ᠶᠢ ᠡᠷᠬᠢᠴᠡᠬᠦᠯᠵᠥ᠂ ᠠᠮᠵᠢᠯᠳᠠ ᠪᠦᠳᠦᠮᠵᠢ | ᠪᠤᠯᠤᠨ ᠲᠤᠷᠰᠢᠯᠭ᠎ᠠ ᠪᠠᠨ ᠳ᠋ᠦᠩᠨᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ | ᠪᠠᠷᠢᠮᠳᠠᠯᠠᠨ ᠬᠦᠭᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠢ ᠬᠦᠨᠵᠡᠬᠡᠢ ᠪᠤᠳᠤᠯᠬᠢᠯᠠᠬᠤ ᠶᠢᠨ ᠲᠦᠯᠥᠬᠡ ᠶᠤᠮ | ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠮᠠᠨ ᠤ ᠨᠠᠮ ᠪᠠᠶᠢᠭᠤᠯᠤᠬᠳᠠᠭᠰᠠᠠ ᠡᠳᠤᠷ ᠠᠴᠠ ᠪᠠᠨ ᠡᠬᠢᠯᠡᠨ ᠠᠷᠠᠳ ᠲᠦᠮᠡᠨ ᠡᠷᠬᠡ ᠮᠡᠳᠡᠵᠥ | ᠡᠵᠡᠨ ᠰᠠᠭᠤᠬᠤ ᠰᠢᠨ᠎ᠡ ᠨᠡᠶᠢᠬᠡᠮ ᠢ ᠪᠠᠶᠢᠭᠤᠯᠬᠤ ᠪᠠᠷ ᠴᠢᠷᠮᠡᠶᠢᠵᠥ᠂ ᠢᠷᠡᠬᠡᠳᠤᠢ ᠶᠢᠨ ᠤᠯᠤᠰ ᠤᠨ ᠪᠠᠶᠢᠭᠤᠯᠤᠯ ᠤᠨ | ᠲᠤᠬᠠᠢ ᠵᠤᠷᠢᠯᠳᠡ ᠶᠢ ᠲᠤᠷᠠᠳᠤᠭᠰᠠᠠ ᠪᠦᠬᠡᠳ ᠠᠷᠠᠳ ᠲᠦᠮᠡᠨ ᠢ ᠤᠳᠤᠷᠢᠳᠤᠨ ᠡᠬᠦᠨ ᠤ ᠲᠦᠯᠥᠬᠡ ᠲᠡᠮᠡᠴᠡᠯ | ᠶᠠᠪᠤᠭᠤᠯᠤᠬᠰᠠᠠ ᠶᠤᠮ᠃ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ ᠤ ᠲᠠᠷᠠᠭ᠎ᠠ᠂ ᠮᠠᠨ ᠤ ᠨᠠᠮ ᠮᠠᠷᠺᠰ ᠤᠨ | ᠦᠵᠡᠯ ᠤᠨ ᠳᠦᠷᠦ ᠶᠢᠨ ᠲᠤᠬᠠᠢ ᠰᠤᠷᠭᠠᠯ ᠢ ᠪᠦᠳᠦᠬᠡᠯᠴᠢ ᠪᠠᠷ ᠬᠡᠷᠡᠭᠯᠡᠵᠥ᠂ ᠨᠡᠶᠢᠬᠡᠮ ᠵᠢᠷᠤᠮᠳᠤ ᠤᠯᠤᠰ ᠤᠨ | ᠪᠠᠶᠢᠭᠤᠯᠤᠯ ᠢ ᠪᠠᠶᠢᠭᠤᠯᠬᠤ ᠶᠢᠨ ᠲᠦᠯᠥᠬᠡ ᠴᠦᠬᠦᠷᠡᠰᠢ ᠦᠬᠡᠢ ᠴᠢᠷᠮᠡᠶᠢᠵᠥ᠂ ᠮᠠᠨ ᠤ ᠤᠯᠤᠰ ᠤᠨ ᠲᠦᠷᠦ ᠶᠢᠨ | ᠪᠦᠳᠦᠴᠡ᠂ ᠵᠠᠰᠠᠭ ᠤᠨ ᠪᠦᠳᠦᠴᠡ᠂ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ | ᠲᠦᠷᠦ ᠶᠢᠨ ᠪᠠᠶᠢᠭᠤᠯᠤᠯ᠂ ᠦᠨᠳᠦᠰᠦᠨ ᠠᠵᠥ ᠠᠬᠤᠢ ᠶᠢᠨ ᠲᠦᠷᠢᠮ ᠪᠤᠯᠤᠨ ᠡᠯ᠎ᠡ ᠲᠡᠯ᠎ᠡ ᠶᠢᠨ ᠴᠢᠬᠤᠯᠠ | ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ ᠪᠠᠬᠢᠵᠢᠬᠦᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠪᠠᠶᠢᠭᠤᠯᠤᠯ ᠲᠠᠰᠤᠷᠠᠯᠳᠡ ᠦᠬᠡᠢ ᠪᠦᠷᠢᠨᠰᠢᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠴᠦ ᠲᠠᠰᠤᠷᠠᠯᠳᠡ ᠦᠭᠡᠢ ᠲᠡᠬᠦᠯᠳᠡᠷᠵᠢᠭᠰᠡᠡ ᠪᠠᠶᠢᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠪᠢᠳᠡ ᠦᠬᠡᠷᠡᠴᠢᠯᠡᠯᠳᠡ ᠶᠢ ᠪᠦᠬᠦ ᠲᠡᠯ᠎ᠡ ᠪᠠᠷ | ᠬᠦᠨᠵᠡᠬᠡᠶᠢᠷᠡᠬᠦᠯᠬᠦ ᠶᠢ ᠠᠬᠢᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ | ᠡᠳᠤᠷ ᠢᠷᠡᠬᠦᠶ᠎ᠡ ᠪᠤᠯᠪᠠᠰᠤᠷᠠᠨ ᠬᠡᠪᠰᠢᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠬᠠᠤᠯᠢᠵᠢᠯ ᠤᠨ ᠰᠢᠰᠲ᠋ᠧᠮ ᠲᠠᠰᠤᠷᠠᠯᠳᠡ ᠦᠬᠡᠢ ᠲᠡᠭᠦᠯᠳᠡᠷᠵᠢᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ | ᠲᠡᠤᠬᠡᠳᠤ ᠴᠢᠨᠠᠷᠳᠠᠢ ᠠᠮᠵᠢᠯᠳᠡ ᠤᠯᠬᠤ᠂ ᠲᠡᠤᠬᠡᠳᠤ ᠴᠢᠨᠠᠷᠳᠠᠢ ᠬᠤᠪᠢᠰᠤᠯᠳᠡ ᠲᠠᠢ ᠪᠤᠯᠬᠤ ᠶᠢ ᠠᠬᠢᠭᠤᠯᠬᠤ ᠳᠤ | ᠴᠢᠬᠤᠯᠠ ᠦᠢᠯᠡᠳᠦᠯ ᠦᠵᠡᠬᠦᠯᠥᠭᠰᠡᠡ ᠪᠠᠶᠢᠨ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠤᠯᠤᠰ ᠤᠨ ᠪᠠᠶᠢᠭᠤᠯᠤᠯ | ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠪᠤᠯ ᠤᠷᠳᠤ ᠬᠤᠭᠤᠴᠠᠭᠠᠨ ᠤ ᠦᠢᠯᠡᠳᠦᠯᠬᠡ ᠰᠦ᠋ᠪᠡᠭᠴᠢᠯᠡᠯᠳᠡ ᠶᠢᠨ | ᠲᠤᠮᠳᠠ ᠪᠦᠷᠢᠯᠳᠦᠭᠰᠡᠡ ᠶᠤᠮ᠂ ᠬᠦᠮᠥᠨ ᠲᠦᠷᠦᠯᠬᠢᠳᠡᠨ ᠤ ᠪᠠᠶᠢᠭᠤᠯᠤᠯ ᠤᠨ ᠪᠤᠯᠪᠠᠰᠤᠨ ᠤ ᠲᠡᠤᠬᠡᠨ ᠳᠠᠬᠢ ᠠᠭᠤᠤ | ᠶᠡᠭᠡ ᠡᠬᠦᠳᠦᠯᠳᠡ ᠪᠤᠯᠤᠨ᠎ᠠ᠃ ᠶᠠᠮᠠᠷ ᠶᠠᠩᠵᠤ ᠶᠢᠨ ᠤᠯᠤᠰ ᠤᠨ ᠪᠠᠶᠢᠭᠤᠯᠤᠯ ᠢ ᠪᠠᠶᠢᠭᠤᠯᠬᠤ ᠪᠤᠯ ᠤᠢᠢᠷ᠎ᠡ | ᠦᠶ᠎ᠡ ᠠᠴᠠ ᠨᠠᠭᠠᠰᠢ ᠲᠤᠮᠳᠠᠳᠤ ᠤᠯᠤᠰ ᠤᠨ ᠠᠷᠠᠳ ᠲᠦᠮᠡᠨ ᠳᠤ ᠲᠤᠯᠭᠠᠷᠠᠭᠰᠠᠠ ᠲᠡᠤᠬᠡᠳᠤ ᠴᠢᠨᠠᠷᠳᠠᠢ ᠰᠡᠳᠤᠪ | ᠪᠤᠯᠤᠨ᠎ᠠ᠃ ᠮᠠᠨ ᠤ ᠨᠠᠮ ᠮᠠᠷᠺᠰ ᠤᠨ ᠦᠵᠡᠯ ᠤᠨ ᠦᠨᠳᠤᠰᠤᠨ ᠶᠤᠰᠤ ᠶᠢ ᠳᠤᠮᠳᠠᠳᠤ ᠤᠯᠤᠰ ᠤᠨ ᠪᠤᠳᠠᠳᠠᠢ ᠲᠠᠢ | ᠤᠶᠠᠯᠳᠤᠭᠤᠯᠵᠤ᠂ ᠦᠨᠢ ᠡᠷᠳᠡᠨ ᠤ ᠲᠤᠷᠤᠨᠠᠳᠠᠬᠢᠨ ᠤ ᠲᠤᠮᠤ ᠤᠯᠤᠰ ᠲᠤ ᠲᠦᠭ ᠲᠦᠮᠡᠨ ᠠᠷᠠᠳ ᠲᠦᠮᠡᠨ ᠡᠷᠬᠡ | ᠮᠡᠳᠡᠵᠤ ᠡᠵᠡᠨ ᠰᠠᠭᠤᠬᠤ ᠶᠢ ᠪᠠᠳᠤᠯᠠᠬᠰᠠᠨ ᠰᠢᠨ᠎ᠠ ᠮᠠᠶ᠋ᠢᠬ ᠤᠨ ᠤᠯᠤᠰ ᠤᠨ ᠪᠠᠶᠢᠭᠤᠯᠤᠯ ᠢ ᠪᠠᠶᠢᠭᠤᠯᠵᠤ᠂ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠢᠯᠡᠳᠳᠡ ᠲᠠᠪᠠᠭᠤᠯᠢᠬ ᠴᠢᠨᠠᠷ ᠪᠤᠯᠤᠨ | ᠬᠦᠴᠦᠷᠭᠡᠭ ᠶᠡᠭᠡ ᠠᠮᠢᠵᠢᠷᠠᠯ ᠤᠨ ᠬᠦᠴᠤᠨ ᠲᠠᠢ ᠪᠠᠶᠢᠭᠤᠯᠤᠯ ᠪᠤᠯᠭᠠᠵᠤ᠂ ᠮᠠᠨ ᠤ ᠤᠯᠤᠰ ᠤᠨ ᠠᠵᠤ ᠠᠬᠤᠢ | ᠲᠦᠷᠬᠡᠨ ᠬᠦᠭᠵᠢᠵᠤ᠂ ᠨᠡᠶᠢᠬᠡᠮ ᠤᠷᠳᠤ ᠬᠤᠭᠤᠴᠠᠭ᠎ᠠ ᠲᠤᠭᠳᠠᠭᠤᠨ ᠪᠠᠶᠢᠬᠤ ᠭᠠᠶᠢᠬᠠᠮᠰᠢᠬ ᠢ ᠡᠬᠦᠳᠬᠦ ᠶᠢ | ᠪᠠᠳᠤᠯᠠᠵᠤ᠂ ᠲᠡᠷᠡᠴᠢᠯᠡᠨ ᠬᠦᠭᠵᠢᠵᠤ ᠪᠠᠶᠢᠭ᠎ᠠ ᠤᠯᠤᠰ ᠤᠨ ᠤᠳᠤᠬᠢᠴᠢᠯᠠᠯᠳᠠ ᠲᠡᠶᠢᠰᠢ ᠤᠷᠤᠬᠰᠢᠯᠠᠨ ᠲᠠᠪᠰᠢᠬᠤ ᠳᠤ | ᠴᠤ᠋ ᠰᠢᠨ᠎ᠠ ᠰᠤᠩᠭᠤᠯᠳᠠ ᠶᠢ ᠬᠠᠩᠭᠠᠵᠤ᠂ ᠬᠦᠮᠤᠨ ᠲᠦᠷᠤᠯᠬᠢᠳᠠᠨ ᠤ ᠨᠡᠩ ᠰᠠᠶᠢᠨ ᠨᠡᠶᠢᠬᠡᠮ ᠤᠨ ᠪᠠᠶᠢᠭᠤᠯᠤᠯ ᠢ | ᠰᠦᠪᠡᠭᠴᠢᠯᠠᠨ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ ᠪᠤᠯᠤᠨ ᠳᠤᠮᠳᠠᠳᠤ ᠤᠯᠤᠰ ᠤᠨ | ᠲᠦᠰᠤᠯ ᠢ ᠨᠠᠮᠡᠷᠢᠯᠡᠭᠰᠡᠨ ᠢ ᠦᠢᠯᠡᠳᠦᠯᠭᠡ ᠭᠡᠷᠡᠴᠢᠯᠡᠵᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠯᠤᠰ ᠤᠨ ᠪᠠᠶᠢᠭᠤᠯᠤᠯ | ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠨᠢ ᠳᠤᠮᠳᠠᠳᠤ ᠶᠢᠨ ᠦᠨᠳᠤᠰᠤᠳᠠᠨ ᠤ 5000 ᠭᠠᠷᠤᠢ ᠵᠢᠯ ᠤᠨ | ᠪᠤᠯᠪᠠᠰᠤᠨ ᠲᠡᠤᠬᠡ ᠶᠢᠨ ᠬᠤᠷᠠᠮᠳᠤᠭᠤᠯᠤᠬᠰᠠᠨ ᠬᠦᠨ ᠵᠤᠵᠠᠭᠠᠨ ᠲᠡᠤᠬᠡ ᠰᠤᠶᠤᠯ ᠤᠨ ᠤᠯᠠᠮᠵᠢᠯᠠᠯ ᠳᠤ | ᠦᠨᠳᠤᠰᠤᠯᠠᠵᠤ᠂ ᠬᠦᠮᠤᠨ ᠲᠦᠷᠤᠯᠬᠢᠳᠠᠨ ᠤ ᠪᠠᠶᠢᠭᠤᠯᠤᠯ ᠤᠨ ᠪᠤᠯᠪᠠᠰᠤᠨ ᠤ ᠠᠰᠢᠬᠳᠠᠢ ᠠᠮᠵᠢᠯᠳᠠ ᠪᠦᠳᠤᠮᠵᠢ ᠶᠢ | ᠰᠢᠩᠬᠡᠬᠡᠨ ᠲᠤᠯᠢᠯᠠᠵᠤ᠂ ᠤᠷᠳᠤ ᠬᠤᠭᠤᠴᠠᠭᠠᠨ ᠤ ᠤᠢᠢᠯᠡᠳᠤᠯᠬᠡ ᠶᠢᠨ ᠰᠢᠯᠭᠠᠯᠳᠠ ᠶᠢ ᠦᠩᠬᠡᠷᠡᠭᠡᠭᠰᠡᠨ ᠶᠤᠮ᠃ | ᠨᠢᠬᠡ ᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠰᠠᠨ ᠲᠠᠪᠠᠭᠤᠯᠢᠬ᠃ 70 ᠵᠢᠯ ᠤᠨ ᠲᠤᠷᠰᠢ᠂ ᠢᠮᠠᠬᠳᠠ | ᠨᠠᠮ ᠤᠨ ᠤᠳᠤᠷᠢᠳᠤᠯᠭ᠎ᠠ ᠲᠤᠤᠷ᠎ᠠ᠂ ᠬᠦᠴᠤ ᠪᠠᠨ ᠲᠦᠪᠯᠡᠷᠡᠬᠦᠯᠤᠨ ᠶᠡᠭᠡ ᠶᠠᠪᠤᠳᠠᠯ ᠢ ᠪᠦᠳᠤᠬᠡᠵᠤ᠂ ᠤᠯᠤᠰ ᠠᠴᠠ | ᠡᠯ᠎ᠠ ᠵᠦᠢᠯ ᠤᠨ ᠠᠵᠢᠯ ᠤᠢᠢᠯᠡᠰ ᠢ ᠨᠢᠬᠡᠳᠤᠯᠳᠠᠢ ᠪᠦᠳᠤᠮᠵᠢᠳᠠᠢ ᠵᠤᠬᠢᠶᠠᠨ ᠪᠠᠶᠢᠭᠤᠯᠵᠤ᠂ ᠡᠯ᠎ᠠ ᠵᠦᠢᠯ ᠤᠨ ᠠᠵᠢᠯ ᠢ | ᠦᠷᠨᠢᠬᠦᠯᠦᠭᠰᠡᠨ ᠠᠴᠠ ᠰᠠᠶ᠋ᠢ ᠠᠯᠢ ᠤᠯᠠᠨ ᠬᠦᠨᠳᠤ ᠬᠡᠴᠡᠬᠦᠤ ᠠᠶᠤᠯ ᠲᠦᠭᠰᠢᠬᠦᠷᠢ ᠦᠷᠢᠰᠤᠯᠳᠤᠬᠡᠨ ᠢ | ᠪᠦᠳᠤᠮᠵᠢᠳᠠᠢ ᠠᠷᠭᠠᠴᠠᠭᠠᠵᠤ᠂ ᠲᠤᠭ᠎ᠠ ᠲᠤᠮᠰᠢ ᠦᠬᠡᠢ ᠬᠦᠴᠢᠷ ᠪᠡᠷᠬᠡᠰᠢᠶᠠᠯ ᠢ ᠢᠯᠠᠨ ᠲᠠᠪᠠᠵᠤ᠂ ᠢᠮᠠᠬᠳᠠ ᠵᠦᠪ | ᠴᠢᠭᠯᠡᠯ ᠢᠶᠠᠷ ᠯᠠᠪᠳᠠᠭᠤᠨ ᠤᠷᠤᠬᠰᠢᠯᠠᠵᠤ ᠴᠢᠳᠠᠬᠰᠠᠨ ᠪᠠᠶᠢᠨ᠎ᠠ᠃ ᠬᠤᠶᠠᠷ ᠲᠤ ᠠᠷᠠᠳ ᠲᠦᠮᠡᠨ ᠤ ᠡᠷᠬᠡ ᠮᠡᠳᠡᠵᠤ | ᠡᠵᠡᠨ ᠰᠠᠭᠤᠬᠤ ᠶᠢ ᠪᠠᠳᠤᠯᠠᠬᠰᠠᠨ ᠲᠠᠪᠠᠭᠤᠯᠢᠬ᠃ ᠮᠠᠨ ᠤ ᠤᠯᠤᠰ ᠤᠨ ᠤᠯᠤᠰ ᠤᠨ ᠪᠠᠶᠢᠭᠤᠯᠤᠯ ᠠᠷᠠᠳ ᠲᠦᠮᠡᠨ ᠤ | ᠲᠤᠮᠳᠠ ᠬᠦᠨ ᠦᠨᠳᠤᠰᠤᠯᠡᠵᠥ᠂ ᠠᠷᠠᠳ ᠲᠦᠮᠡᠨ ᠤ ᠵᠤᠷᠢᠬ ᠰᠠᠨᠠᠭ᠎ᠠ ᠶᠢ ᠪᠦᠳᠤᠮᠵᠢᠳᠠᠢ ᠢᠯᠡᠷᠡᠭᠦᠯᠵᠤ᠂ ᠠᠷᠠᠳ | ᠲᠦᠮᠡᠨ ᠤ ᠡᠷᠬᠡ ᠠᠰᠢᠬ ᠢ ᠪᠠᠳᠤᠯᠠᠵᠤ᠂ ᠠᠷᠠᠳ ᠲᠦᠮᠡᠨ ᠤ ᠪᠦᠳᠤᠬᠡᠯᠴᠢ ᠴᠢᠳᠠᠪᠤᠷᠢ ᠶᠢ ᠬᠦᠭᠵᠢᠬᠡᠵᠤ ᠴᠢᠳᠠᠵᠠᠢ᠃ | ᠭᠤᠷᠪᠠ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠰᠠᠨ ᠲᠠᠪᠠᠭᠤᠯᠢᠬ᠃ ᠬᠠᠤᠯᠢ ᠪᠠᠷ | ᠤᠯᠤᠰ ᠢᠶᠠᠨ ᠵᠠᠰᠠᠬᠤ ᠶᠢ ᠪᠠᠷᠢᠮᠳᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠬ ᠤᠨ ᠤᠷᠳᠤᠨ᠂ | ᠬᠠᠤᠯᠢᠵᠢᠯ ᠤᠨ ᠨᠡᠶᠢᠬᠡᠮ ᠢ ᠨᠢᠬᠡ ᠴᠤᠬᠴᠠᠵᠢᠭᠤᠯᠤᠨ ᠪᠠᠶᠢᠭᠤᠯᠬᠤ ᠶᠢ ᠪᠠᠷᠢᠮᠳᠠᠯᠠᠵᠤ᠂ ᠨᠡᠶᠢᠬᠡᠮ ᠤᠨ ᠠᠮᠵᠢᠷᠠᠯ ᠤᠨ | ᠬᠦᠴᠤᠨ ᠢ ᠴᠢᠯᠤᠬᠡᠯᠠᠨ ᠴᠢᠩᠭᠠᠳᠬᠠᠬᠤ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠠᠬᠢᠭᠤᠯᠬᠤ᠂ | ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠬᠠᠮᠠᠭᠠᠯᠠᠬᠤ᠂ ᠨᠠᠮ ᠪᠤᠯᠤᠨ ᠤᠯᠤᠰ ᠤᠨ ᠦᠨᠢ ᠤᠳᠠᠭᠠᠨ ᠠᠮᠤᠷ | ᠳᠤᠬᠳᠠᠭᠤᠨ ᠪᠠᠶᠢᠬᠤ ᠶᠢ ᠪᠠᠳᠤᠯᠠᠬᠤ ᠳᠤ ᠴᠢᠬᠤᠯᠠ ᠤᠢᠢᠯᠡᠳᠤᠯ ᠦᠵᠡᠬᠦᠯᠪᠠ᠃ ᠲᠦᠷᠪᠡ ᠳᠤ ᠠᠷᠠᠳᠴᠢᠯᠠᠯ | ᠲᠦᠪᠯᠡᠷᠡᠯ ᠤᠨ ᠶᠤᠰᠤ ᠶᠢ ᠭᠡᠷᠡᠭᠵᠢᠬᠦᠯᠦᠭᠰᠡᠨ ᠲᠠᠪᠠᠭᠤᠯᠢᠬ᠃ ᠨᠠᠮ ᠤᠨ ᠤᠳᠤᠷᠢᠳᠤᠯᠭ᠎ᠠ ᠲᠤᠤᠷ᠎ᠠ᠂ ᠡᠯ᠎ᠠ | ᠲᠦᠷᠤ ᠶᠢᠨ ᠪᠠᠶᠢᠭᠤᠯᠭ᠎ᠠ ᠨᠢ ᠨᠢᠬᠡᠳᠤᠮᠠᠯ ᠪᠦᠬᠦᠯᠢ ᠴᠤᠬᠴᠠ ᠪᠤᠯᠵᠥ᠂ ᠠᠵᠢᠯ ᠢᠶᠠᠨ ᠵᠤᠬᠢᠰᠳᠠᠢ | ᠬᠤᠪᠢᠶᠠᠷᠢᠯᠠᠬᠰᠠᠨ ᠢᠶᠠᠷ ᠪᠠᠷᠠᠬᠤ ᠦᠬᠡᠢ ᠪᠠᠰᠠ ᠨᠢᠬᠳᠠ ᠬᠠᠮᠵᠢᠯᠴᠠᠵᠤ᠂ ᠠᠷᠠᠳᠴᠢᠯᠠᠯ ᠢ ᠬᠦᠢᠴᠡᠳ | ᠪᠠᠳᠠᠷᠠᠭᠤᠯᠤᠬᠰᠠᠨ ᠢᠶᠠᠷ ᠪᠠᠷᠠᠬᠤ ᠦᠬᠡᠢ ᠪᠠᠰᠠ ᠳᠦᠪᠯᠡᠷᠡᠯ ᠢ ᠪᠦᠳᠤᠮᠵᠢᠳᠠᠢ ᠭᠡᠷᠡᠭᠵᠢᠬᠦᠯᠵᠡᠢ ᠬᠡᠵᠤ ᠴᠢᠬᠤᠯᠠᠴᠢᠯᠠᠪᠠ᠃ | | ᠰᠢ ᠶᠢᠨ ᠫᠢᠩ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠤᠨ ᠪᠠᠶᠢᠭᠤᠯᠤᠯ | ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠪᠤᠯ ᠬᠡᠷᠡᠭᠵᠢᠭᠦᠯᠦᠭᠦᠰᠢᠳᠠᠢ᠂ ᠦᠨᠡᠨ ᠬᠦ ᠬᠡᠷᠡᠭᠴᠡᠭᠡᠳᠠᠢ᠂ ᠪᠦᠳᠦᠮᠵᠢᠳᠠᠢ | ᠪᠠᠶᠢᠭᠤᠯᠤᠯ ᠤᠨ ᠰᠢᠰᠲ᠋ᠧᠮ ᠪᠤᠯᠤᠨ᠎ᠡ᠂ ᠡᠨᠡ ᠪᠤᠯ ᠪᠢᠳᠡᠨ ᠤ ︽ᠲᠦᠷᠪᠡᠨ ᠢᠳᠡᠭᠡᠯ︾ ᠢᠶᠠᠨ ᠪᠠᠳᠤᠳᠬᠠᠬᠤ ᠶᠢᠨ | ᠨᠢᠬᠡ ᠦᠨᠳᠦᠰᠤᠨ ᠦᠨᠳᠦᠰᠦᠯᠡᠯ ᠪᠤᠯᠤᠨ᠎ᠡ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠤᠯᠤᠰ ᠤᠨ ᠪᠠᠶᠢᠭᠤᠯᠤᠯ ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠢ ᠰᠠᠶᠢᠳᠤᠷ ᠪᠠᠷᠢᠮᠳᠠᠯᠠᠵᠤ᠂ ᠰᠠᠶᠢᠳᠤᠷ | ᠭᠡᠷᠡᠭᠵᠢᠬᠦᠯᠬᠦ ᠴᠢᠬᠤᠯᠠᠳᠠᠢ᠂ ᠪᠠᠰᠠ ᠲᠠᠰᠤᠷᠠᠯᠳᠠ ᠦᠭᠡᠢ ᠲᠡᠬᠦᠯᠳᠡᠷᠵᠢᠬᠦᠯᠤᠨ ᠬᠦᠭᠵᠢᠬᠦᠯᠬᠦ ᠴᠢᠬᠤᠯᠠᠳᠠᠢ ᠶᠤᠮ᠃ | ᠪᠢᠳᠠ ᠨᠢᠭᠡᠨᠳᠠ ᠪᠠᠶᠢᠭᠤᠯᠤᠬᠰᠡᠨ ᠪᠦᠭᠡᠳ ᠦᠢᠯᠡᠳᠦᠯᠭᠡ ᠶᠢᠨ ᠰᠢᠯᠭᠠᠯᠳᠠ ᠶᠢ ᠦᠡᠭᠭᠡᠷᠡᠭᠡᠭᠰᠡᠨ ᠦᠨᠳᠦᠰᠤᠨ | ᠪᠠᠶᠢᠭᠤᠯᠤᠯ᠂ ᠰᠠᠭᠤᠷᠢ ᠪᠠᠶᠢᠭᠤᠯᠤᠯ᠂ ᠴᠢᠬᠤᠯᠠ ᠪᠠᠶᠢᠭᠤᠯᠤᠯ ᠢ ᠰᠠᠶᠢᠳᠤᠷ ᠪᠠᠷᠢᠮᠳᠠᠯᠠᠵᠤ᠂ ᠰᠠᠶᠢᠳᠤᠷ | ᠪᠠᠬᠢᠵᠢᠬᠦᠯᠦᠭᠰᠡᠨ ᠤᠷᠢᠳᠠᠯ ᠲᠤᠤᠷ᠎ᠡ᠂ ᠮᠠᠨ ᠤ ᠤᠯᠤᠰ ᠤᠨ ᠤᠯᠤᠰ ᠤᠨ ᠪᠠᠶᠢᠳᠠᠯ ᠠᠴᠠ ᠡᠬᠦᠰᠬᠦ ᠶᠢ ᠪᠠᠷᠢᠮᠳᠠᠯᠠᠵᠤ᠂ | ᠪᠠᠶᠢᠭᠤᠯᠤᠯ ᠤᠨ ᠰᠢᠨ᠎ᠡ ᠶᠢ ᠡᠬᠦᠳᠬᠦ ᠶᠢ ᠦᠷᠬᠦᠯᠵᠢᠯᠡᠨ ᠴᠢᠩᠭᠠᠳᠬᠠᠵᠤ᠂ ᠤᠯᠤᠰ ᠤᠨ ᠵᠠᠰᠠᠯᠳᠠ ᠳᠤ ᠪᠠᠴᠢᠮ | ᠭᠡᠷᠡᠭᠰᠡᠬᠦ ᠪᠠᠶᠢᠭᠤᠯᠤᠯ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠭᠡᠷᠡᠭᠴᠡᠭᠡ ᠶᠢ ᠬᠠᠨᠭ᠍ᠭᠠᠬᠤ ᠳᠤ ᠲᠤᠳᠠᠬᠳᠠᠵᠤ ᠪᠤᠯᠤᠰᠢ ᠦᠭᠡᠢ ᠪᠠᠶᠢᠭᠤᠯᠤᠯ ᠢ ᠲᠦᠷᠭᠡᠳᠭᠡᠨ ᠪᠠᠶᠢᠭᠤᠯᠤᠨ | ᠪᠦᠷᠢᠨᠰᠢᠬᠦᠯᠬᠦ ᠭᠡᠷᠡᠭᠳᠠᠢ᠃ ᠦᠢᠯᠡᠳᠦᠯᠭᠡ ᠶᠢᠨ ᠲᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠠᠯ ᠢ ᠴᠠᠭ | ᠲᠤᠬᠠᠢ ᠳᠤᠨᠢ ᠳ᠋ᠦᠡᠭᠨᠡᠵᠤ᠂ ᠪᠤᠯᠪᠠᠰᠤᠷᠠᠩᠭᠤᠢ ᠲᠤᠷᠰᠢᠯᠭ᠎ᠠ ᠪᠠ ᠠᠷᠭ᠎ᠠ ᠬᠢᠳᠠᠯ ᠢ ᠪᠠᠶᠢᠭᠤᠯᠤᠯ ᠪᠤᠯᠭᠠᠨ | ᠲᠡᠭᠡᠭᠰᠢᠯᠡᠬᠦᠯᠵᠤ᠂ ᠬᠠᠤᠯᠢ ᠴᠠᠭᠠᠵᠠ ᠪᠤᠯᠭᠠᠨ ᠬᠤᠪᠢᠷᠠᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠠᠶᠢᠭᠤᠯᠤᠯ ᠤᠨ ᠠᠮᠢᠵᠢᠷᠠᠯ ᠤᠨ ᠬᠦᠴᠦᠨ ᠨᠢ ᠭᠡᠷᠡᠭᠵᠢᠬᠦᠯᠬᠦ ᠳᠤ ᠪᠤᠢ᠃ ᠪᠠᠶᠢᠭᠤᠯᠤᠯ ᠢ | ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠪᠠᠶᠢᠭᠤᠯᠤᠯ ᠤᠨ ᠭᠡᠷᠡᠭᠵᠢᠬᠦᠯᠤᠯᠳᠠ ᠳᠤ ᠬᠢᠨᠠᠯᠳᠠ ᠲᠠᠯᠪᠢᠬᠤ ᠶᠢ | ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠲᠠᠪᠠᠭᠤᠯᠢᠭ ᠢ ᠦᠨᠡᠨ ᠬᠦ ᠵᠠᠰᠠᠯᠳᠠ ᠶᠢᠨ ᠴᠢᠳᠠᠪᠤᠷᠢ | ᠪᠤᠯᠭᠠᠨ ᠬᠤᠪᠢᠷᠠᠭᠤᠯᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶ᠎ᠡ ᠪᠠ ᠵᠠᠰᠠᠭ ᠤᠨ ᠤᠷᠳᠤᠨ ᠵᠢᠴᠢ | ᠤᠳᠤᠷᠢᠳᠬᠤ ᠺᠠᠳ᠋ᠷ ᠪᠠᠶᠢᠭᠤᠯᠤᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠪᠠᠶᠢᠭᠤᠯᠤᠯ ᠤᠨ ᠵᠠᠮ ᠳᠤ ᠡᠯ᠎ᠡ | ᠵᠦᠢᠯ ᠤᠨ ᠠᠵᠢᠯ ᠦᠢᠯᠡᠰ ᠢ ᠠᠬᠢᠭᠤᠯᠬᠤ ᠳᠠᠭᠠᠨ ᠴᠢᠳᠠᠮᠠᠭᠠᠢ ᠪᠠᠶᠢᠬᠤ ᠭᠡᠷᠡᠭᠳᠠᠢ᠃ ᠦᠷᠭᠡᠨ ᠤᠯᠠᠨ ᠨᠠᠮ ᠤᠨ | ᠭᠡᠰᠢᠬᠦᠨ᠂ ᠺᠠᠳ᠋ᠷ ᠪᠠᠶᠢᠭᠤᠯᠤᠯ ᠢ ᠬᠡᠷᠡᠭᠵᠢᠭᠦᠯᠬᠦ ᠦᠯᠢᠭᠡᠷ ᠲᠠᠭᠤᠷᠢᠶᠠᠯ ᠪᠤᠯᠵᠤ᠂ ᠪᠦᠬᠦ ᠨᠡᠶᠢᠭᠡᠮ ᠢ ᠬᠦᠳᠦᠯᠤᠨ | ᠲᠠᠭᠠᠭᠤᠯᠵᠤ ᠪᠠᠶᠢᠭᠤᠯᠤᠯ ᠤᠨ ᠲᠤᠬᠠᠢ ᠤᠬᠠᠮᠰᠠᠷ ᠢ ᠴᠢᠩᠭᠠᠳᠬᠠᠵᠤ᠂ ᠤᠬᠠᠮᠰᠠᠷ ᠠᠴᠠ ᠪᠠᠨ ᠪᠠᠶᠢᠭᠤᠯᠤᠯ ᠤᠨ ᠡᠷᠭᠡ | ᠰᠦᠷ ᠢ ᠬᠠᠮᠠᠭᠠᠯᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠤᠨ ᠪᠠᠶᠢᠭᠤᠯᠤᠯ | ᠪᠤᠯᠤᠨ ᠬᠠᠤᠯᠢ ᠴᠠᠭᠠᠵᠠ ᠶᠢᠨ ᠪᠠᠶᠢᠭᠤᠯᠤᠯ ᠤᠨ ᠤᠨᠤᠯ ᠤᠨ ᠰᠤᠳᠤᠯᠭᠠᠨ ᠢ ᠴᠢᠩᠭᠠᠳᠬᠠᠵᠤ᠂ 70 ᠵᠢᠯ ᠤᠨ | ᠲᠤᠷᠰᠢᠬᠢ ᠮᠠᠨ ᠤ ᠤᠯᠤᠰ ᠤᠨ ᠪᠠᠶᠢᠭᠤᠯᠤᠯ ᠤᠨ ᠪᠠᠶᠢᠭᠤᠯᠤᠯᠳᠠ ᠶᠢᠨ ᠤᠯᠤᠬᠰᠡᠨ ᠠᠮᠵᠢᠯᠳᠠ ᠲᠠᠢ ᠲᠤᠷᠰᠢᠯᠭ᠎ᠠ ᠶᠢ | ᠳ᠋ᠦᠡᠭᠨᠡᠵᠤ᠂ ᠲᠤᠮᠳᠠᠳᠤ ᠤᠯᠤᠰ ᠤᠨ ᠪᠠᠶᠢᠭᠤᠯᠤᠯ ᠤᠨ ᠪᠠᠶᠢᠭᠤᠯᠤᠯᠳᠠ ᠶᠢᠨ ᠤᠨᠤᠯ ᠤᠨ ᠡᠷᠳᠡᠮ ᠰᠢᠨᠵᠢᠯᠡᠭᠡᠨ ᠤ | ᠰᠢᠰᠲ᠋ᠧᠮ᠂ ᠤᠨᠤᠯ ᠤᠨ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠪᠠᠶᠢᠭᠤᠯᠵᠤ᠂ ᠪᠠᠶᠢᠭᠤᠯᠤᠯ ᠤᠨ ᠢᠳᠡᠭᠡᠯ ᠢ | ᠪᠠᠳᠤᠤᠬᠠᠬᠤ ᠳᠤ ᠤᠨᠤᠯ ᠤᠨ ᠲᠤᠯᠭᠠᠭᠤᠷᠢᠯᠡᠯ ᠬᠠᠨᠭ᠍ᠭᠠᠬᠤ ᠭᠡᠷᠡᠭᠳᠠᠢ᠃ ᠪᠠᠶᠢᠭᠤᠯᠤᠯ ᠤᠨ ᠤᠬᠠᠭᠤᠯᠭ᠎ᠠ ᠬᠦᠮᠦᠵᠢᠯ ᠢ | ᠴᠢᠩᠭᠠᠳᠬᠠᠵᠤ᠂ ᠢᠯᠠᠩᠭᠤᠶ᠎ᠡ ᠵᠠᠯᠠᠭᠤᠴᠤᠳ ᠪᠠᠭᠠᠴᠤᠳ ᠤᠨ ᠪᠠᠶᠢᠭᠤᠯᠤᠯ ᠤᠨ ᠲᠤᠬᠠᠢ ᠬᠦᠮᠦᠵᠢᠯ ᠢ ᠴᠢᠩᠭᠠᠳᠬᠠᠵᠤ | ᠂ ᠲᠤᠮᠳᠠᠳᠤ ᠤᠯᠤᠰ ᠤᠨ ᠪᠠᠶᠢᠭᠤᠯᠤᠯ ᠤᠨ ᠦᠯᠢᠭᠡᠷ ᠢ ᠰᠠᠶᠢᠳᠤᠷ ᠶᠠᠷᠢᠵᠤ᠂ ᠬᠦᠮᠦᠰ ᠢ ᠬᠦᠳᠦᠯᠤᠨ ᠲᠠᠭᠠᠭᠤᠯᠵᠤ | ᠪᠢᠳᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠪᠦᠳᠦᠮᠵᠢᠳᠠᠢ ᠵᠠᠮ ᠢᠶᠠᠷ | ᠨᠢᠭᠡᠨᠳᠠ ᠵᠠᠮᠨᠠᠬᠰᠡᠨ ᠢ ᠬᠦᠢᠴᠡᠳ ᠲᠠᠨᠢᠭᠤᠯᠵᠤ᠂ ᠪᠢᠳᠠ ᠡᠨᠡ ᠬᠦ ᠵᠠᠮ ᠢᠶᠠᠷ ᠢᠶᠠᠨ ᠦᠷᠬᠦᠯᠵᠢᠯᠡᠨ ᠤᠷᠤᠬᠰᠢᠯᠠᠪᠡᠯ᠂ | ᠯᠠᠪᠳᠠᠢ ᠤᠯᠤᠰ ᠤᠨ ᠵᠠᠰᠠᠯᠳᠠ ᠶᠢᠨ ᠰᠢᠰᠲᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ | ᠪᠠᠶᠠᠯᠡᠬᠦᠯᠵᠤ ᠴᠢᠳᠠᠨ᠎ᠡ ᠭᠡᠵᠤ ᠵᠢᠭᠠᠵᠤ ᠭᠠᠷᠭᠠᠪᠠ᠃ | |