9 ᠰᠠᠷ᠎ᠠ ᠶᠢᠨ 23 ᠤ ᠡᠳᠦᠷ᠂ ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠵᠢᠴᠢ | ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ | ᠬᠤᠷᠠᠯᠳᠤᠪᠠ᠃ ᠨᠣᠮ ᠤᠩᠰᠢᠬᠤ ᠠᠩᠭᠢ ᠶᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ ᠭᠤᠤᠯ | ᠬᠤᠷᠠᠯ ᠤᠨ ᠲᠠᠯᠠᠪᠠᠢ ᠶᠢ ᠬᠤᠰᠢᠭᠤᠨ ᠤ ᠵᠠᠰᠠᠭ ᠵᠠᠬᠢᠷᠭᠠᠨ ᠤ ᠥᠢᠯᠡᠴᠢᠯᠡᠭᠡᠨ ᠤ ᠲᠥᠪ ᠲᠤ ᠲᠤᠭᠢᠷᠠᠭᠤᠯᠤᠨ ᠡᠯ᠎ᠡ | ᠰᠤᠮᠤ ᠪᠠᠯᠭᠠᠰᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ | ᠲᠤᠭᠢᠷᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠠᠷᠢᠭᠦᠯᠡᠭᠴᠢ ᠬᠤᠤ ᠸᠧᠶ ᠵᠡᠷᠭᠡ ᠪᠦᠬᠦ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠠᠵᠤ | ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠬᠦ ᠠᠵᠢᠯᠲᠠᠨ ᠵᠢᠴᠢ ᠡᠯ᠎ᠡ ᠵᠢᠯᠣᠭᠤᠳᠬᠤ | ᠳᠤᠭᠤᠶᠢᠯᠠᠩ ᠤᠨ ᠪᠥᠷᠢᠯᠳᠤᠭᠦᠨ ᠭᠤᠤᠯ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠵᠤ ᠰᠤᠮᠤ ᠪᠠᠯᠭᠠᠰᠤᠨ ᠤ | ᠺᠠᠳ᠋ᠷ ᠠᠵᠢᠯᠳᠠᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠵᠢᠴᠢ ᠬᠢᠨᠠᠯᠲᠠ | ᠲᠠᠯᠪᠢᠬᠤ ᠵᠥᠪᠯᠡᠯ ᠤᠨ ᠪᠠᠭ ᠤᠨ ᠪᠦᠷᠢᠯᠳᠦᠬᠦᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ | ᠬᠤᠰᠢᠭᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠰᠤ᠋ ᠰᠢᠨ ᠹᠠ ᠬᠤᠷᠠᠯ | ᠡᠷᠬᠢᠯᠡᠪᠡ᠃ | | | | | | | ᠬᠤᠷᠠᠯ ᠲᠡᠭᠡᠷ᠎ᠡ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠵᠠᠭᠤᠴᠢᠯᠠᠭᠤᠷ | ᠪᠣᠯᠤᠨ ᠨᠠᠶᠢᠳᠠ ᠶᠢᠨ ᠶᠠᠪᠤᠳᠠᠯ ᠤᠨ ᠰᠤᠳᠤᠯᠭᠠᠨ ᠤ ᠬᠦᠷᠢᠶᠡᠯᠡᠩ ᠤᠨ ᠲᠡᠭᠡᠳᠤ ᠵᠡᠷᠭᠡ ᠶᠢᠨ ᠰᠤᠳᠤᠯᠤᠭᠴᠢ ᠾᠧᠦ | ᠡᠸ᠋ ᠶᠢ ᠤᠨᠴᠠᠭᠠᠶᠢᠯᠠᠨ ᠤᠷᠢᠵᠤ᠂ ︽︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ﹀᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠶᠠᠪᠤᠭᠳᠠᠭᠤᠯᠬᠤ | ᠲᠤᠬᠠᠢ︾ ᠲᠤᠰᠬᠠᠶ ᠲᠠᠶᠢᠯᠤᠮᠵᠢ ᠭᠢᠯᠭᠡᠪᠡ᠃ | ᠾᠧᠦ ᠧ ᠣᠨᠴᠠᠯᠢᠭᠲᠤ ᠬᠡᠷᠡᠭ ᠤᠨ ᠵᠢᠱᠢᠶ᠎ᠠ ᠲᠠᠢ ᠤᠶᠠᠯᠳᠤᠭᠤᠯᠤᠨ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠤᠭ ᠰᠠᠨᠠᠭ᠎ᠠ ᠡᠭᠦᠷᠭᠡ ᠪᠣᠯᠤᠨ ᠪᠠᠶᠢᠷᠢ ᠲᠣᠭᠲᠠᠭᠠᠯᠲᠠ᠂ ᠰᠢᠨ᠎ᠡ ᠵᠠᠭᠤᠴᠢᠯᠠᠭᠤᠷ ᠤᠨ | ᠳᠠᠮᠵᠢᠭᠤᠯᠭ᠎ᠠ ᠶᠢᠨ ᠵᠢᠮ᠎ᠡ ᠶᠣᠰᠣ ᠪᠣᠯᠤᠨ ᠲᠤᠭᠳᠠᠯᠴᠠᠭ᠎ᠠ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠣᠯᠤᠨ | ᠨᠡᠶᠢᠬᠡᠮ ᠤᠨ ᠵᠠᠰᠠᠯᠲᠠ ᠵᠡᠷᠭᠡ ᠭᠤᠷᠪᠠᠨ ᠲᠠᠯ᠎ᠠ ᠠᠴᠠ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠢ ᠬᠡᠷᠬᠢᠨ ᠥᠨᠳᠥᠷ ᠪᠦᠲᠦᠮᠵᠢᠲᠡᠶ ᠬᠡᠷᠡᠭᠯᠡᠬᠦ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ | ᠴᠢᠬᠤᠯᠠ ᠥᠢᠯᠡᠳᠤᠯ ᠢ ᠪᠠᠳᠠᠷᠠᠭᠤᠯᠬᠤ ᠲᠤᠬᠠᠶ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠲᠠᠶᠢᠯᠤᠮᠵᠢ ᠶᠢᠨ | ᠠᠭᠤᠯᠭ᠎ᠠ ᠪᠠᠶᠠᠯᠢᠭ᠂ ᠮᠡᠳᠡᠭᠡ ᠵᠠᠩᠭᠢ ᠶᠢᠨ ᠬᠡᠮᠵᠢᠶ᠎ᠡ ᠶᠡᠭᠡ᠂ ᠤᠨᠤᠯ ᠤᠨ ᠴᠢᠨᠠᠷ ᠪᠠ ᠵᠢᠯᠣᠭᠤᠳᠬᠤ ᠴᠢᠨᠠᠷ ᠢᠶᠠᠷ | ᠴᠢᠩᠭ᠎ᠠ ᠪᠠᠶᠢᠵᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠣᠯᠠᠨ ᠲᠦᠮᠡᠨ ᠲᠠᠢ ᠨᠡᠩ ᠰᠠᠶᠢᠨ | ᠬᠠᠷᠢᠯᠴᠠᠨ ᠤᠯᠠᠨ ᠲᠥᠮᠡᠨ ᠳᠤ ᠥᠢᠯᠠᠴᠢᠯᠠᠭᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠶᠢ ᠬᠥᠲᠥᠯᠥᠨ | ᠵᠢᠯᠣᠭᠤᠳᠬᠤ᠂ ᠴᠡᠪᠡᠷ ᠲᠤᠭᠢᠯᠢᠭ ᠰᠦᠯᠵᠢᠶᠡᠨ ᠤ ᠤᠷᠴᠢᠨ ᠢ ᠪᠠᠶᠢᠭᠤᠯᠬᠤ᠂ ᠨᠡᠶᠢᠭᠡᠮ ᠤᠨ ᠵᠠᠰᠠᠯᠲᠠ ᠶᠢᠨ ᠰᠢᠨ᠎ᠡ | ᠵᠠᠭᠪᠤᠷ ᠢ ᠬᠠᠶᠢᠨ ᠰᠦᠪᠡᠭᠴᠢᠯᠡᠬᠦ ᠳᠤ ᠴᠢᠬᠤᠯᠠ ᠥᠢᠯᠡᠳᠤᠯ ᠭᠠᠷᠭᠠᠭᠰᠠᠨ ᠪᠠᠶᠢᠨ᠎ᠠ᠃ | ᠲᠥᠪ ᠤᠨ ᠨᠠᠮ ᠤᠨ ᠰᠤᠷᠭᠠᠭᠤᠯᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠭᠠᠨ ᠰᠤᠳᠤᠯᠬᠤ | ᠬᠡᠯᠲᠡᠰ ᠤᠨ ᠫᠷᠣᠹᠧᠰᠰᠣᠷ ᠵᠠᠩ ᠰᠢᠤᠢ ᠳ᠋ᠦᠩ ︽︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ﹀᠂ ᠨᠠᠮ ᠤᠨ ᠰᠢᠯᠢᠳᠡᠭ ᠤᠯᠠᠮᠵᠢᠯᠠᠯ ᠪᠣᠯᠤᠨ ᠰᠤᠷᠲᠠᠯ ᠢ ᠵᠠᠯᠭᠠᠮᠵᠢᠯᠠᠨ | ᠪᠠᠳᠠᠷᠠᠭᠤᠯᠤᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠪᠡ᠃ ᠵᠠᠩ ᠰᠢᠤᠢ ᠳ᠋ᠦᠩ ᠫᠷᠣᠹᠧᠰᠰᠣᠷ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ︾᠂ ᠨᠠᠮ ᠤᠨ ᠰᠢᠯᠢᠳᠡᠭ | ᠤᠯᠠᠮᠵᠢᠯᠠᠯ ᠪᠣᠯᠤᠨ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠡᠨᠡᠬᠦ ᠭᠤᠤᠯ ᠰᠡᠳᠦᠪ ᠤᠨ ᠲᠣᠭᠤᠷᠢᠨ ᠳᠤ᠂ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠬᠤᠢ ᠪᠠᠶᠢᠳᠠᠯ ᠤᠨ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ᠂ ᠪᠣᠳᠠᠲᠠᠶ ᠬᠠᠷᠠᠯᠲᠠ᠂ | ᠦᠨᠳᠦᠰᠦᠨ ᠡᠭᠦᠷᠭᠡ᠂ ︽ᠰᠢᠭᠦᠮᠵᠢᠯᠡᠯ ᠪᠠ ᠥᠪᠡᠷ ᠤᠨ ᠰᠢᠭᠦᠮᠵᠢᠯᠡᠯ︾᠂ ︽ᠤᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢᠨ ᠬᠠᠷᠢᠴᠠᠭ᠎ᠠ ᠵᠡᠷᠭᠡ ᠲᠠᠯ᠎ᠠ ᠠᠴᠠ ᠪᠥᠬᠦ ᠬᠤᠰᠢᠭᠤᠨ ᠤ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠨᠢᠭᠡ ᠤᠳᠠᠭᠠᠨ ᠤ ᠠᠮᠢᠳᠤᠯᠢᠭ ᠭᠤᠤᠯ ᠰᠡᠳᠦᠪᠲᠦ | ᠬᠥᠮᠦᠵᠢᠯ ᠤᠨ ᠬᠢᠴᠢᠶᠡᠯ ᠤᠷᠤᠭᠰᠠᠨ ᠪᠠᠶᠢᠨ᠎ᠠ᠃ ᠰᠤᠷᠤᠯᠴᠠᠯᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠨᠠᠷᠢᠨ | ᠪᠣᠳᠠᠲᠠᠶ᠂ ᠣᠨᠣᠯ ᠢ ᠪᠣᠳᠠᠲᠠᠶ ᠲᠠᠢ ᠤᠶᠠᠯᠳᠤᠭᠤᠯᠤᠨ ᠭᠦᠨᠵᠡᠭᠡᠶ ᠪᠥᠭᠡᠳ ᠤᠶᠢᠯᠠᠭᠠᠮᠵᠢᠲᠠᠢ ᠪᠠᠶᠢᠵᠤ ᠪᠥᠬᠦ | ᠬᠤᠰᠢᠭᠤᠨ ᠤ ᠣᠳᠣᠬᠠᠨ ᠤ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠰᠠᠶᠢᠲᠤᠷ ᠥᠷᠨᠢᠭᠦᠯᠬᠦ ᠲᠠᠯ᠎ᠠ ᠪᠠᠷ ᠵᠢᠯᠤᠭᠤᠳᠬᠤ | ᠦᠢᠯᠡᠳᠦᠯ ᠪᠠ ᠪᠤᠳᠠᠳᠤ ᠠᠬᠤᠢ ᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃ | | | | | | | ᠲᠣᠰ ᠤᠳᠠᠭᠠᠨ ᠤ ᠨᠣᠮ ᠤᠩᠰᠢᠬᠤ ᠠᠩᠭᠢ ᠨᠢ ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠦᠢᠯᠡᠳᠦᠯᠭᠡ ᠪᠠᠨ | ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠷᠠᠯ ᠳᠤ ᠣᠷᠣᠯᠴᠠᠭᠰᠠᠳ ᠬᠤᠶᠢᠰᠢᠳᠠ ᠶᠢᠨ ᠠᠵᠢᠯ ᠳᠤ ᠪᠠᠨ ᠰᠤᠷᠤᠭᠰᠠᠨ ᠢᠶᠠᠨ ᠬᠡᠷᠡᠭᠯᠡᠵᠦ ᠰᠤᠷᠤᠭᠰᠠᠨ ᠢᠶᠠᠨ | ᠵᠡᠷᠭᠡᠪᠡᠷ ᠪᠠᠳᠠᠷᠠᠭᠤᠯᠤᠨ ᠪᠦᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ | ᠬᠦᠭᠵᠢᠨ ᠮᠠᠨᠳᠤᠯᠲᠠ ᠶᠢ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ | ᠢᠯᠡᠳᠬᠡᠪᠡ᠃ | |