9 ᠰᠠᠷ᠎ᠠ ᠶᠢᠨ 24 ᠤ ᠡᠳᠦᠷ᠂ ᠮᠠᠨ ᠤ ᠬᠤᠰᠢᠭᠤ ᠠᠵᠢᠯᠲᠠᠨ ᠠᠵᠢᠯᠴᠢᠨ ᠤ ᠰᠣᠶᠣᠯ ᠤᠨ ᠠᠵᠢᠯᠯᠠᠭᠠᠨ ᠤ | ᠲᠥᠪ ᠪᠣᠯᠤᠨ ᠨᠠᠮ ᠤᠨ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠵᠢᠷᠤᠭ ᠲᠥᠯᠥᠪᠯᠡᠭᠡᠨ ᠤ ᠲᠥᠰᠦᠯ ᠢ ᠥᠨᠠᠯᠠᠨ | ᠭᠢᠨᠠᠬᠤ ᠬᠤᠷᠠᠯ ᠢ ᠬᠤᠷᠠᠯᠳᠤᠭᠤᠯᠵᠤ ᠲᠥᠷᠥᠯ ᠵᠥᠢᠯ ᠤᠨ ᠵᠢᠷᠤᠭ ᠲᠥᠯᠥᠪᠯᠡᠭᠡᠨ ᠤ ᠲᠥᠰᠦᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠠᠶ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠳᠤ ᠪᠤᠯᠤᠨ ᠬᠤᠰᠢᠭᠤ ᠵᠠᠰᠠᠭ ᠤᠨ | ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠰᠢᠷᠬᠤᠰᠤᠨ ᠪᠠᠯᠭᠠᠰᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | | | | | | | ᠬᠤᠷᠠᠯ ᠳᠡᠭᠡᠷ᠎ᠡ ᠵᠢᠷᠤᠭ ᠲᠥᠯᠥᠪᠯᠡᠭᠡᠨ ᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠠᠵᠢᠯᠲᠠᠨ ᠠᠵᠢᠯᠴᠢᠨ ᠤ | ᠰᠣᠶᠣᠯ ᠤᠨ ᠠᠵᠢᠯᠯᠠᠭᠠᠨ ᠤ ᠲᠥᠪ ᠪᠣᠯᠤᠨ ᠨᠠᠮ ᠤᠨ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠵᠢᠷᠤᠭ | ᠲᠥᠯᠥᠪᠯᠡᠭᠡ ᠶᠢᠨ ᠲᠥᠰᠦᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ ᠬᠤᠷᠠᠯ ᠳᠤ ᠣᠷᠣᠯᠴᠠᠭᠰᠠᠳ ᠵᠢᠷᠤᠭ | ᠲᠥᠯᠥᠪᠯᠡᠭᠡ ᠶᠢᠨ ᠲᠥᠰᠦᠯ ᠤᠨ ᠲᠤᠬᠠᠶ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | ᠡᠷᠳᠡᠨᠢᠪᠢᠯᠢᠭ ᠵᠢᠭᠠᠬᠤ ᠳᠤ ᠪᠠᠨ᠂ ᠬᠤᠰᠢᠭᠤᠨ ᠤ ᠠᠵᠢᠯᠲᠠᠨ ᠠᠵᠢᠯᠴᠢᠨ ᠤ ᠰᠣᠶᠣᠯ ᠤᠨ ᠠᠵᠢᠯᠯᠠᠭᠠᠨ ᠤ | ᠲᠥᠪ ᠪᠠ ᠨᠠᠮ ᠤᠨ ᠰᠤᠷᠭᠠᠭᠤᠯᠢ ᠪᠣᠯ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠪᠤᠯᠤᠨ᠎ᠠ᠃ ᠵᠢᠷᠤᠭ ᠲᠥᠯᠥᠪᠯᠡᠭᠡ ᠶᠢᠨ ᠪᠦᠯᠬᠦᠮ ᠨᠢ ᠡᠯ᠎ᠡ ᠲᠠᠯ᠎ᠠ ᠶᠢᠨ ᠬᠢᠨ ᠤ | ᠰᠠᠨᠠᠯ ᠢ ᠨᠠᠷᠢᠨ ᠬᠢᠨᠠᠮᠠᠭᠠᠢ ᠬᠤᠷᠢᠶᠠᠩᠭᠤᠶᠢᠯᠠᠨ ᠵᠢᠷᠤᠭ ᠲᠥᠯᠥᠪᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ ᠲᠥᠰᠦᠯ ᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠨᠠᠩ ᠪᠣᠳᠠᠲᠠᠶ ᠳᠤ | ᠨᠡᠶᠢᠴᠡᠬᠦᠯᠦᠨ ᠨᠠᠩ ᠤᠷᠤᠯᠳᠤᠯᠭ᠎ᠠ ᠶᠢᠨ ᠴᠢᠨᠠᠷ ᠲᠠᠢ ᠪᠣᠯᠭᠠᠬᠤ ᠬᠡᠷᠡᠭᠲᠡᠶ ᠭᠡᠵᠡᠢ᠃ | ᠡᠷᠳᠡᠨᠢᠪᠢᠯᠢᠭ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠶᠢᠨ ᠰᠠᠭᠤᠷᠢᠨ ᠳᠡᠭᠡᠷ᠎ᠡ ᠲᠥᠰᠦᠯ ᠢ ᠤᠯᠠᠮ | ᠨᠢᠭᠡ ᠠᠯᠬᠤᠮ ᠨᠠᠷᠢᠯᠢᠭᠵᠢᠭᠤᠯᠵᠤ ᠮᠠᠨ ᠤ ᠬᠤᠰᠢᠭᠤᠨ ᠤ ᠥᠪᠡᠷᠮᠢᠴᠡ ᠬᠡᠪ ᠨᠠᠮᠪᠠ ᠶᠢ ᠢᠯᠠᠷᠠᠭᠦᠯᠤᠨ ᠲᠥᠪ | ᠶᠡᠬᠡᠮᠰᠦᠭ ᠶᠡᠷᠦᠩᠬᠡᠶ ᠣᠨᠴᠠᠯᠢᠭ ᠢ ᠲᠤᠪᠤᠶᠢᠯᠭᠠᠬᠤ ᠶᠢ ᠠᠩᠬᠠᠷᠴᠤ᠂ ᠵᠢᠷᠤᠭ ᠲᠥᠯᠥᠪᠯᠡᠭᠡ ᠶᠢ ᠬᠤᠰᠢᠭᠤᠨ ᠤ | ᠶᠡᠷᠦᠩᠬᠡᠢ ᠲᠥᠯᠥᠪᠵᠢᠭᠦᠯᠭᠡ ᠲᠠᠢ ᠨᠢᠭᠲᠠ ᠤᠶᠠᠯᠳᠤᠭᠤᠯᠤᠨ ᠲᠥᠷᠥᠯ ᠵᠦᠢᠯ ᠢ ᠡᠷᠭᠢᠨ ᠲᠣᠭᠤᠷᠢᠨ ᠤ ᠣᠷᠴᠢᠨ | ᠲᠣᠭᠤᠷᠢᠨ ᠪᠠ ᠬᠤᠲᠠ ᠶᠢᠨ ᠲᠥᠷᠢ ᠲᠥᠷᠭᠦ ᠲᠠᠢ ᠨᠢᠭᠡᠳᠦᠯᠲᠡᠢ ᠪᠠᠶᠢᠯᠭᠠᠬᠤ ᠭᠡᠷᠡᠭᠳᠠᠢ᠃ ᠠᠵᠢᠯᠲᠠᠨ ᠠᠵᠢᠯᠴᠢᠨ ᠤ | ᠰᠣᠶᠣᠯ ᠤᠨ ᠠᠵᠢᠯᠯᠠᠭᠠᠨ ᠤ ᠲᠥᠪ ᠪᠠ ᠨᠠᠮ ᠤᠨ ᠰᠤᠷᠭᠠᠭᠤᠯᠢ ᠶᠢᠨ ᠪᠣᠳᠠᠲᠤ ᠪᠠᠶᠢᠳᠠᠯ ᠢ ᠤᠶᠢᠯᠠᠭᠠᠨ ᠵᠦᠶ | ᠵᠣᠬᠢᠰᠲᠠᠶ ᠪᠠᠶᠢᠷᠢᠯᠠᠭᠤᠯᠵᠤ ᠮᠡᠳᠡᠭᠡ ᠵᠠᠩᠭᠢ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ | ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠰᠢᠯᠭᠠᠬᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠵᠣᠬᠢᠴᠠᠭᠤᠯᠬᠤ ᠦᠢᠯᠡᠳᠦᠯᠴᠡᠯ ᠢᠶᠠᠨ ᠦᠷᠭᠦᠯᠵᠢᠯᠡᠨ ᠪᠠᠳᠠᠷᠠᠭᠤᠯᠵᠤ ᠰᠠᠯᠠᠭ᠎ᠠ ᠮᠥᠴᠢᠷ ᠯᠦᠭᠡ ᠶᠢᠨ | ᠬᠠᠷᠢᠯᠴᠠᠭ᠎ᠠ ᠪᠠᠨ ᠴᠢᠩᠭᠠᠳᠬᠠᠨ ᠤᠯᠠᠨ ᠲᠠᠯ᠎ᠠ ᠶᠢᠨ ᠰᠠᠨᠠᠯ ᠢ ᠬᠢᠨᠠᠮᠠᠭᠠᠶ ᠬᠤᠷᠢᠶᠠᠩᠭᠤᠶᠢᠯᠠᠬᠤ ᠬᠡᠷᠡᠭᠲᠡᠶ᠃ ᠡᠯ᠎ᠡ | ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠤᠢ ᠪᠤᠯᠭᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ ᠭᠡᠵᠤ ᠱᠠᠭᠠᠷᠳᠠᠪᠠ᠃ | ᠵᠤᠤ ᠹᠧᠶ ᠯᠦ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠵᠢᠷᠤᠭ ᠲᠥᠯᠥᠪᠯᠡᠭᠡᠨ ᠤ | ᠨᠢᠭᠡᠴᠢ ᠶᠢᠨ ᠬᠢᠨ ᠡᠷᠭᠢᠨ ᠲᠣᠭᠤᠷᠢᠨ ᠤ ᠪᠠᠷᠢᠯᠭ᠎ᠠ ᠶᠢᠨ ᠬᠡᠪ ᠨᠠᠮᠪᠠ ᠲᠠᠢ ᠤᠶᠠᠯᠳᠤᠭᠤᠯᠤᠨ ᠵᠢᠷᠤᠭ | ᠲᠥᠯᠥᠪᠯᠡᠭᠡ ᠶᠢᠨ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠪᠠᠷᠢᠯᠭ᠎ᠠ ᠶᠢᠨ ᠬᠡᠪ ᠨᠠᠮᠪᠠ᠂ | ᠴᠢᠳᠠᠮᠵᠢ ᠶᠢᠨ ᠪᠠᠶᠢᠷᠢᠯᠠᠭᠤᠯᠤᠯᠳᠠ ᠵᠡᠷᠭᠡ ᠲᠠᠯ᠎ᠠ ᠪᠠᠷ ᠬᠦᠴᠦ ᠤᠷᠤᠭᠤᠯᠤᠨ ᠶᠡᠷᠦᠩᠬᠡᠶ ᠪᠠᠶᠢᠷᠢᠯᠠᠭᠤᠯᠤᠯᠳᠠ ᠶᠢᠨ | ᠵᠣᠬᠢᠴᠠᠩᠭᠤᠶ ᠨᠢᠭᠡᠳᠦᠯᠲᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ | | | | | | | | | | | | | | | | | | | | | | |