9 ᠰᠠᠷ᠎ᠠ ᠶᠢᠨ 24 ᠤ ᠡᠳᠦᠷ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ | ᠳᠠᠷᠤᠭ᠎ᠠ ᠵᠠᠩ ᡁᠢ ᠰᠢᠦ᠋ᠩ᠂ ᠯᠢ ᠵᠥᠩ ᠯᠢᠨ᠂ ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠨᠠᠷ ᠡᠩ ᠤᠨ ᠨᠠᠮ ᠤᠨ | ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠵᠤ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ | ᠡᠭᠦᠷ ᠤᠨ ᠪᠥᠬᠦ ᠨᠠᠮ ᠤᠨ ᠭᠡᠰᠢᠭᠦᠨ ᠬᠤᠷᠠᠯ ᠳᠤ ᠤᠷᠤᠯᠴᠠᠪᠠ᠃ | | | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ | ᠬᠠᠮᠳᠤ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠳᠤ | ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ | | | | | | | ᠵᠤᠤ ᠹᠧᠶ ᠯᠦ ᠵᠢᠭᠠᠬᠤ ᠳᠤ ᠪᠠᠨ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠭᠤᠤᠯ | ᠰᠡᠳᠦᠪᠲᠦ ᠬᠥᠮᠦᠵᠢᠯ ᠢ ᠥᠷᠨᠢᠭᠦᠯᠬᠦ ᠠᠴᠢ ᠬᠤᠯᠪᠣᠭᠳᠠᠯ ᠢ ᠭᠦᠨᠵᠡᠭᠡᠶ ᠲᠠᠨᠢᠵᠤ ᠤᠯᠤᠰ ᠲᠥᠷᠦ ᠶᠢᠨ ᠵᠤᠭᠰᠤᠴᠠ | ᠪᠠᠨ ᠦᠨᠡᠨᠬᠦ ᠲᠡᠭᠡᠭᠰᠢᠯᠠᠭᠦᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ ᠬᠤᠶᠠᠳᠤᠭᠠᠷ ᠪᠥᠯᠥᠭ ᠭᠤᠤᠯ | ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠳᠥᠷᠪᠡᠨ ᠤᠬᠠᠮᠰᠠᠷ︾ ᠢ ᠪᠣᠶ ᠪᠤᠯᠭᠠᠨ ︽ᠳᠥᠷᠪᠡᠨ ᠢᠲᠡᠭᠡᠯ︾ | ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠤᠨ ᠭᠤᠤᠯ ᠰᠡᠳᠦᠪᠲᠦ ᠬᠥᠮᠦᠵᠢᠯ ᠢ ᠰᠠᠶᠢᠲᠤᠷ | ᠬᠢᠵᠦ ᠪᠦᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ | ᠮᠠᠨᠳᠤᠯᠳᠠ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠶ᠃ | ᠵᠤᠤ ᠹᠧᠶ ᠯᠦ ᠴᠢᠬᠤᠯᠠᠴᠢᠯᠠᠬᠤ ᠳᠤ ᠪᠠᠨ᠂ ︽ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ | ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ︾ ᠳᠥᠷᠪᠡᠨ | ᠭᠤᠭᠴᠤᠭ᠎ᠠ ᠶᠢ ᠴᠢᠩᠭ᠎ᠠ ᠠᠳᠬᠤᠵᠤ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ ᠥᠨᠳᠤᠰᠤᠨ ᠱᠠᠳᠤᠨ ᠳᠤ | ᠭᠥᠨᠵᠡᠭᠡᠶᠢᠷᠠᠨ ᠪᠠᠶᠢᠴᠠᠭᠠᠨ ᠰᠤᠳᠤᠯᠤᠯᠲᠠ ᠬᠢᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ | ᠭᠤᠤᠯ ᠰᠡᠳᠦᠪᠲᠦ ᠬᠥᠮᠦᠵᠢᠯ ᠤᠨ ᠠᠵᠢᠯ ᠤᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠤᠯᠤᠰ | ᠲᠥᠷᠥ ᠪᠠ ᠪᠦᠬᠦ ᠲᠠᠯ᠎ᠠ ᠶᠢᠨ ᠦᠨᠳᠦᠷᠴᠡ ᠠᠴᠠ ᠠᠰᠠᠭᠤᠳᠠᠯ ᠢ ᠪᠣᠳᠣᠯᠬᠢᠯᠠᠵᠤ ᠠᠵᠢᠯ ᠢᠶᠠᠨ ᠲᠥᠯᠥᠪᠵᠢᠭᠦᠯᠬᠦ | ᠬᠡᠷᠡᠭᠲᠡᠶ᠃ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠵᠦ ᠰᠢᠨ᠎ᠡ ᠴᠠᠭ ᠦᠶ᠎ᠡ ᠳᠤ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠨ ᠠᠷᠢᠭᠤᠨ ᠴᠢᠬᠡᠴᠢ ᠦᠵᠡᠯ ᠤᠬᠠᠮᠰᠠᠷ ᠢ ᠳᠡᠭᠡᠭᠰᠢᠯᠡᠭᠦᠯᠵᠦ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠵᠢᠷᠤᠮᠯᠠᠨ ᠤᠪᠤᠷ ᠲᠥᠪ ᠰᠤᠷᠳᠠᠯ ᠴᠢᠬᠡᠴᠢ ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠢ ᠶᠢ ᠪᠥᠷᠢᠯᠳᠤᠭᠦᠯᠭᠦ | ᠭᠡᠷᠡᠭᠳᠠᠢ ᠭᠡᠵᠡᠢ᠃ |