ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠣᠭᠠᠷ ᠣᠳᠠᠭᠠᠨ ᠤ ᠬᠤᠷᠠᠯᠳᠣᠭᠠᠨ ᠬᠤᠷᠠᠯᠳᠣᠪᠠ
ᠨᠡᠶᠢᠲᠡᠯᠡᠭᠰᠡᠨ ᠴᠠᠭ᠄
2019-09-29
     9 ᠰᠠᠷ᠎ᠠ ᠶᠢᠨ 24 ᠤ ᠡᠳᠦᠷ᠂ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠣᠭᠠᠷ ᠣᠳᠠᠭᠠᠨ ᠤ ᠬᠤᠷᠠᠯᠳᠣᠭᠠᠨ  ᠬᠤᠷᠠᠯᠳᠣᠪᠠ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ ᠬᠤᠷᠠᠯ ᠡᠷᠬᠢᠯᠡᠪᠡ᠃ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠦ ᠹᠧᠩ᠂ ᠸᠠᠩ ᠶᠦᠩ ᠴᠢᠩ᠂ ᠸᠠᠩ ᠵᠢᠷᠭᠠᠯ᠂ ᠾᠧ ᠣᠯᠠᠭᠠᠨ ᠬᠤᠷᠠᠯ ᠳᠤ ᠣᠷᠣᠯᠴᠠᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠰᠦᠨ ᠰᠢᠶᠣᠣ ᠴᠢᠶᠠᠩ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠳᠠᠨ᠂ ᠡᠳ᠋ ᠤᠨ ᠵᠠᠰᠠᠭ ᠤᠨ ᠳᠣᠪᠴᠢᠶ᠎ᠠ᠂ ᠣᠯᠣᠰ ᠤᠨ ᠦᠮᠴᠢᠯᠡᠯᠳᠦ ᠡᠳ᠋ ᠬᠦᠷᠦᠩᠬᠡ ᠶᠢ ᠬᠢᠨᠠᠨ ᠬᠠᠮᠢᠶᠠᠷᠬᠤ ᠵᠦᠪᠯᠡᠯ ᠤᠨ ᠬᠠᠷᠢᠭᠤᠴᠠᠯᠭᠠᠳᠠᠨ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢᠬᠡᠴᠢ ᠳᠤ ᠰᠠᠭᠤᠭ᠎ᠠ ᠰᠠᠬᠢᠯᠭ᠎ᠠ ᠪᠠᠳᠣ ᠬᠢᠨᠠᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠪᠯᠡᠯ ᠤᠨ ᠳᠡᠳ᠋ ᠡᠷᠬᠢᠯᠡᠭᠴᠢ᠂ ᠭᠡᠰᠡᠭ ᠪᠦᠯᠦᠭ ᠰᠣᠮᠣ ᠪᠠᠯᠭᠠᠰᠣᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠡᠷᠢᠬᠦᠯᠡᠭᠴᠢ ᠶᠢᠨ ᠪᠦᠯᠬᠦᠮ ᠤᠨ ᠬᠠᠷᠢᠭᠤᠴᠠᠯᠭᠠᠳᠠᠨ ᠵᠢᠴᠢ ᠬᠤᠰᠢᠭᠤ ᠳᠡᠰ ᠤᠨ ᠠᠷᠠᠳ ᠤᠨ ᠳᠦᠯᠦᠭᠡᠯᠡᠭᠴᠢ ᠬᠤᠷᠠᠯ ᠳᠤ ᠰᠣᠯᠠ ᠣᠷᠣᠯᠴᠠᠪᠠ᠃ ᠦᠦᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠡᠶᠢᠳᠡ 25 ᠬᠡᠰᠢᠬᠦᠨ ᠲᠠᠢ ᠪᠠᠶᠢᠵᠤ ᠳᠣᠰ ᠣᠳᠠᠭᠠᠨ ᠤ ᠬᠤᠷᠠᠯ ᠳᠤ 19 ᠬᠡᠰᠢᠬᠦᠨ ᠣᠷᠣᠯᠴᠠᠵᠦ ᠬᠠᠣᠯᠢ ᠳᠤ ᠲᠤᠭᠳᠠᠭᠠᠭᠰᠠᠨ ᠭᠥᠮᠤᠨ ᠤ ᠲᠤᠭᠠᠨ ᠳᠤ ᠨᠡᠶᠢᠴᠡᠪᠡ᠃      ᠬᠤᠷᠠᠯ ᠠᠴᠠ ︽ᠬᠤᠰᠢᠭᠤ ᠵᠠᠰᠠᠭ ᠤᠨ ᠣᠷᠳᠣᠨ ᠠᠴᠠ ᠦᠦᠰᠢᠨ ᠬᠤᠰᠢᠭᠤᠨ ᠤ ᠳᠦᠷᠪᠡᠨ ᠰᠣᠷᠭᠠᠭᠤᠯᠢ  ᠶᠢᠨ ᠪᠦᠲᠦᠭᠡᠨ ᠪᠠᠶᠢᠭᠤᠯᠤᠯᠲᠠ ᠶᠢᠨ PPP ᠳᠦᠷᠦᠯ ᠵᠦᠢᠯ ᠤᠨ ᠡᠳ᠋ ᠤᠨ ᠵᠠᠰᠠᠭ ᠤᠨ ᠵᠠᠷᠣᠯᠭ᠎ᠠ ᠶᠢᠨ ᠬᠠᠷᠢᠭᠤᠴᠠᠯᠭ᠎ᠠ ᠶᠢ ᠡᠳ᠋ ᠤᠨ ᠵᠠᠰᠠᠭ ᠤᠨ ᠳᠦᠰᠦᠪ ᠪᠠ ᠳᠣᠮᠳᠠ ᠣᠷᠳᠦ ᠬᠤᠭᠤᠴᠠᠭᠠᠨ ᠤ ᠡᠳ᠋ ᠤᠨ ᠵᠠᠰᠠᠭ ᠤᠨ ᠳᠦᠯᠦᠪᠯᠡᠭᠡ ᠳᠤ ᠣᠷᠣᠭᠤᠯᠬᠤ ᠳᠣᠬᠠᠢ ᠵᠦᠪᠯᠡᠯᠬᠡ︾᠂ ᠵᠠᠰᠠᠭ ᠵᠠᠬᠢᠷᠭᠠᠨ ᠠᠵᠢᠯ ᠦᠢᠯᠡᠰ ᠤᠨ ᠪᠠᠶᠢᠭᠤᠯᠭ᠎ᠠ ᠶᠢᠨ ᠣᠯᠣᠰ ᠤᠨ ᠦᠮᠴᠢᠯᠡᠯᠳᠦ ᠡᠳ᠋ ᠬᠦᠷᠦᠩᠬᠡ ᠶᠢᠨ ᠬᠠᠮᠢᠶᠠᠷᠣᠯᠳᠠ ᠪᠠ ᠣᠯᠣᠰ ᠤᠨ ᠦᠮᠴᠢᠯᠡᠯᠳᠦ ᠠᠵᠣ ᠠᠬᠤᠶᠢᠯᠠᠯ  ᠤᠨ ᠡᠵᠡᠩᠨᠡᠯᠳᠡ ᠶᠢᠨ ᠳᠣᠬᠠᠢ ᠮᠡᠳᠡᠬᠦᠯᠦᠯᠳᠡ᠂ 2018 ᠣᠨ ᠤ ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠳᠦᠰᠦᠪ ᠪᠠ 2019 ᠣᠨ ᠤ ᠳᠡᠭᠡᠷ᠎ᠡ ᠬᠠᠭᠠᠰ ᠵᠢᠯ ᠤᠨ ᠳᠦᠰᠦᠪ ᠤᠨ ᠬᠡᠷᠡᠭᠵᠢᠬᠦᠯᠦᠯᠲᠡ ᠶᠢᠨ ᠳᠣᠬᠠᠢ ᠮᠡᠳᠡᠬᠦᠯᠦᠯᠲᠡ᠂ ᠬᠤᠰᠢᠭᠤ ᠠᠷᠠᠳ ᠤᠨ ᠰᠢᠬᠦᠬᠦ ᠬᠤᠷᠢᠶᠠᠨ ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠢᠨᠠᠨ ᠳᠠᠰᠣᠯᠣᠯᠲᠠ ᠶᠢᠨ ᠳᠣᠰᠬᠠᠢ ᠠᠵᠢᠯ ᠤᠨ ᠮᠡᠳᠡᠬᠦᠯᠦᠯᠲᠡ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ  ᠤ ᠡᠷᠡᠬᠦᠦ ᠶᠢᠨ ᠰᠢᠳᠬᠡᠯ ᠢ ᠬᠡᠷᠡᠭᠵᠢᠬᠦᠯᠦᠨ ᠬᠢᠨᠠᠬᠤ ᠳᠣᠰᠬᠠᠢ ᠠᠵᠢᠯ ᠤᠨ ᠮᠡᠳᠡᠬᠦᠯᠦᠯᠲᠡ ᠶᠢ ᠰᠣᠨᠣᠰᠴᠦ ᠪᠠᠳᠣᠯᠠᠪᠠ᠃      ᠪᠣᠶᠠᠨᠮᠠᠨᠳᠣᠬᠤ ᠵᠢᠭᠠᠬᠤ ᠳᠠᠭᠠᠨ᠂ ᠬᠤᠰᠢᠭᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠬᠤᠰᠢᠭᠤ ᠵᠠᠰᠠᠭ ᠤᠨ ᠣᠷᠳᠣᠨ ᠠᠴᠠ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠳᠤ ᠮᠡᠳᠡᠬᠦᠯᠦᠭᠰᠡᠨ ᠣᠯᠣᠰ ᠤᠨ ᠦᠮᠴᠢᠯᠡᠯᠳᠦ ᠡᠳ᠋ ᠬᠦᠷᠦᠩᠬᠡ ᠶᠢᠨ ᠬᠠᠮᠢᠶᠠᠷᠣᠯᠳᠠ ᠶᠢᠨ ᠠᠵᠢᠯ  ᠤᠨ ᠳᠦᠷᠢᠮ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠦ ᠤᠯᠤᠰ ᠤᠨ ᠦᠮᠴᠢᠯᠡᠯᠲᠤ ᠠᠵᠣ ᠠᠬᠤᠶᠢᠯᠠᠯ ᠤᠨ ᠬᠠᠣᠯᠢ ᠶᠢᠨ ᠡᠷᠭᠡᠲᠡᠨ ᠤ ᠵᠠᠰᠠᠯᠲᠠ ᠶᠢᠨ ᠪᠦᠲᠦᠴᠡ ᠶᠢ ᠲᠡᠬᠦᠯᠳᠡᠷᠵᠢᠬᠦᠯᠦᠨ ᠪᠦᠬᠦ ᠳᠠᠯ᠎ᠠ ᠶᠢᠨ ᠦᠨᠳᠦᠷ ᠪᠦᠲᠦᠮᠵᠢᠲᠦ ᠬᠠᠮᠢᠶᠠᠷᠣᠯᠳᠠ ᠶᠢᠨ ᠱᠠᠭᠠᠷᠳᠠᠯᠭ᠎ᠠ ᠶᠣᠰᠣᠭᠠᠷ ᠣᠯᠣᠰ ᠤᠨ ᠦᠮᠴᠢᠯᠡᠯᠳᠦ ᠡᠳ᠋ ᠬᠦᠷᠦᠩᠬᠡ ᠶᠢᠨ ᠬᠢᠨᠠᠯᠳᠠ ᠬᠠᠮᠢᠶᠠᠷᠣᠯᠳᠠ ᠶᠢᠨ ᠠᠵᠢᠯ ᠢ ᠠᠬᠢᠭᠤᠯᠵᠦ ᠡᠳ᠋ ᠤᠨ ᠵᠠᠰᠠᠭ ᠤᠨ ᠳᠣᠭᠳᠠᠯᠴᠠᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ ᠠᠵᠣ ᠠᠬᠤᠢ ᠨᠡᠶᠢᠬᠡᠮ ᠤᠨ ᠦᠷᠬᠦᠯᠵᠢᠯᠡᠨ ᠬᠦᠭᠵᠢᠬᠦ ᠶᠢ ᠳᠡᠮᠵᠢᠨ ᠠᠬᠢᠭᠤᠯᠬᠤ ᠬᠡᠷᠡᠭᠲᠡᠢ ᠬᠡᠪᠡ᠃      ᠪᠣᠶᠠᠨᠮᠠᠨᠳᠣᠬᠤ ᠴᠢᠬᠤᠯᠠᠴᠢᠯᠠᠬᠤ ᠳᠠᠭᠠᠨ᠂ ᠬᠤᠰᠢᠭᠤ ᠠᠷᠠᠳ ᠤᠨ ᠰᠢᠬᠦᠬᠦ ᠬᠤᠷᠢᠶ᠎ᠠ ᠰᠢᠬᠦᠨ ᠳᠠᠰᠣᠯᠬᠤ ᠡᠷᠬᠡ ᠶᠢᠨ ᠬᠡᠷᠡᠭᠵᠢᠬᠦᠯᠦᠯᠲᠡ ᠶᠢᠨ ᠳᠣᠭᠳᠠᠯᠴᠠᠭ᠎ᠠ ᠶᠢᠨ ᠦᠬᠡᠷᠡᠴᠢᠯᠡᠯᠳᠡ ᠳᠤ ᠬᠦᠴᠦ ᠳᠠᠯᠪᠢᠵᠦ ᠰᠢᠬᠦᠬᠦ ᠬᠤᠷᠢᠶᠠᠨ  ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠰᠢᠬᠦᠨ ᠳᠠᠰᠣᠯᠣᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠭᠦ ᠬᠡᠷᠡᠭᠲᠡᠢ᠃ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠡᠷᠡᠬᠦᠦ ᠰᠢᠳᠬᠡᠯ ᠢ ᠬᠡᠷᠡᠭᠵᠢᠬᠦᠯᠬᠦ ᠬᠢᠨᠠᠯᠳᠠ ᠳᠠᠯᠪᠢᠬᠤ ᠠᠵᠢᠯ ᠢ ᠴᠢᠩᠭᠠᠳᠬᠠᠵᠦ ᠡᠷᠡᠬᠦᠦ ᠰᠢᠳᠬᠡᠯ ᠢ  ᠬᠡᠷᠡᠭᠵᠢᠬᠦᠯᠬᠦ ᠬᠢᠨᠠᠯᠳᠠ ᠳᠠᠯᠪᠢᠬᠤ ᠡᠩᠨᠡᠭᠡ ᠶᠢ ᠳᠡᠬᠦᠯᠳᠡᠷᠵᠢᠬᠦᠯᠵᠦ ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠴᠢᠩᠭᠠᠳᠬᠠᠨ ᠡᠷᠡᠬᠦᠦ ᠰᠢᠳᠬᠡᠯ ᠢ ᠬᠡᠷᠡᠭᠵᠢᠬᠦᠯᠬᠦ  ᠶᠠᠪᠣᠴᠠ ᠳᠠᠬᠢ ᠠᠯᠪᠠᠨ ᠳᠣᠰᠢᠶᠠᠯ ᠤᠨ ᠬᠡᠮᠲᠣ ᠬᠡᠷᠡᠭ ᠡᠬᠦᠰᠬᠦ ᠶᠢ ᠡᠷᠡᠰ ᠰᠡᠷᠬᠡᠶᠢᠯᠡᠵᠦ ᠳᠦᠪ ᠴᠢᠩᠭ᠎ᠠ ᠪᠠᠷ ᠬᠠᠣᠯᠢ ᠬᠡᠷᠡᠭᠵᠢᠬᠦᠯᠵᠦ ᠬᠠᠣᠯᠢ ᠶᠢᠨ ᠡᠷᠡᠬᠦᠦ ᠰᠢᠳᠬᠡᠯ ᠤᠨ ᠬᠡᠷᠡᠭᠵᠢᠬᠦᠯᠦᠯᠲᠡ ᠪᠠ ᠬᠢᠨᠠᠯᠳᠠ ᠶᠢᠨ ᠠᠵᠢᠯ ᠳᠤ ᠨᠠᠶᠢᠳᠠᠪᠣᠷᠢᠲᠠᠢ ᠲᠤᠭᠤᠰᠢᠯᠠᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号