ᠲᠦᠩᠽᠢ ᠭᠠᠴᠠᠭ᠎ᠠ ᠬᠠᠮᠲᠤ ᠶᠢᠨ ᠠᠵᠤ ᠠᠬᠤᠢ ᠶᠢ ᠬᠥᠭᠵᠢᠭᠦᠯᠵᠦ ᠭᠠᠴᠠᠭᠠᠨ ᠤ ᠪᠠᠨ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-09-03
     ᠲᠦᠩᠽᠢ ᠭᠠᠴᠠᠭ᠎ᠠ ᠨᠢ ᠰᠦᠯᠳᠡ ᠰᠤᠮᠤᠨ ᠤ ᠳᠤᠮᠳᠠ ᠪᠡᠶ᠎ᠡ ᠳᠤ ᠪᠠᠶᠢᠷᠢᠯᠠᠵᠤ ᠭᠠᠯᠠᠭᠤᠲᠤ ᠪᠠᠯᠭᠠᠰᠤ ᠠᠴᠠ 44 ᠺᠢᠯᠣᠮᠧᠲᠷ ᠵᠠᠶᠢᠲᠠᠶ᠂ ᠨᠡᠶᠢᠲᠡ 263 ᠡᠷᠦᠬᠡ 797 ᠬᠥᠮᠦᠨ ᠠᠮᠠ ᠲᠠᠢ ᠪᠠᠶᠢᠵᠤ ᠡᠭᠦᠨ ᠳᠤ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ 8 ᠪᠠᠶᠢᠵᠤ 5 ᠡᠷᠦᠬᠡ ᠨᠢ ᠨᠢᠭᠡᠨᠲᠡ ᠶᠠᠳᠠᠭᠤ ᠠᠴᠠ ᠠᠩᠭᠢᠵᠢᠷᠠᠵᠤ 3 ᠡᠷᠦᠬᠡ ᠨᠢ ᠪᠠᠬᠢᠵᠢᠭᠦᠯᠦᠨ ᠲᠡᠳᠬᠦᠬᠦ ᠡᠷᠦᠬᠡ ᠪᠣᠯᠣᠭᠰᠠᠨ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠶᠢᠨ ᠲᠥᠯᠥᠭᠡ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠭᠠᠴᠠᠭᠠᠨ ᠳᠤ ᠰᠠᠭᠤᠭ᠎ᠠ ᠠᠵᠢᠯ ᠤᠨ ᠳᠤᠭᠤᠶᠢᠯᠠᠩ ᠨᠢ ᠲᠦᠩᠽᠢ‌ᠭᠠᠴᠠᠭᠠᠨ ᠳᠤ ᠰᠠᠭᠤᠭᠰᠠᠨ ᠠᠴᠠ ᠨᠠᠰᠢ ᠭᠠᠴᠠᠭᠠᠨ  ᠤ ᠨᠠᠮ ᠤᠨ ᠡᠭᠦᠷ ᠲᠠᠢ ᠨᠢᠭᠲᠠ ᠬᠠᠮᠵᠢᠯᠴᠠᠵᠤ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠲᠠᠷᠢᠵᠤ ᠲᠡᠵᠢᠭᠡᠬᠦ ᠲᠣᠮᠣ ᠡᠷᠦᠬᠡ ᠶᠢ ᠭᠤᠤᠯᠳᠠᠯᠭ᠎ᠠ ᠲᠠᠢ ᠲᠡᠳᠬᠦᠬᠦ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠢ ᠬᠥᠲᠥᠯᠥᠨ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃      ᠣᠶᠢᠷ᠎ᠠ ᠶᠢᠨ ᠡᠳᠤᠷ᠂ ᠰᠤᠷᠪᠤᠯᠵᠢᠯᠠᠭᠴᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠦᠩᠽᠢ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠰᠠᠷᠠᠨ᠎ᠠ ᠶᠢ ᠳᠠᠭᠠᠵᠤ ᠲᠦᠩᠽᠢ ᠭᠠᠴᠠᠭᠠᠨ ᠤ ᠴᠠᠭᠠᠨ ᠢᠳᠡᠭᠡᠨ ᠪᠣᠯᠪᠠᠰᠤᠷᠠᠭᠤᠯᠬᠤ ᠦᠶᠯᠡᠳᠪᠦᠷᠢ ᠳᠤ ᠬᠦᠷᠬᠦ ᠳᠤ ᠶᠠᠭᠠᠷᠠᠯᠲᠠᠢ ᠠᠵᠢᠯᠯᠠᠵᠤ ᠪᠠᠶᠢᠭ᠎ᠠ ᠦᠢᠯᠡᠳᠪᠦᠷᠢ ᠶᠢᠨ ᠬᠠᠷᠢᠭᠤᠴᠠᠯᠭᠠᠲᠠᠨ ᠭᠡᠷᠡᠯᠲᠤᠶᠠᠭ᠎ᠠ ᠲᠠᠢ ᠲᠠᠭᠠᠷᠠᠯᠳᠤᠯ᠎ᠠ᠃ ᠲᠡᠷᠡ ᠪᠢᠳᠡᠨ ᠳᠤ ᠴᠠᠭᠠᠨ ᠢᠳᠡᠭᠡᠨ ᠤ ᠦᠶᠯᠡᠳᠪᠦᠷᠢ ᠨᠢ ᠣᠳᠣᠬᠠᠨ ᠳᠤ ᠠᠶᠢᠷᠠᠭ᠂ ᠪᠢᠰᠢᠯᠠᠭ᠂ ᠰᠦᠨ ᠰᠢᠬᠢᠷ᠂ ᠬᠤᠷᠤᠳ ᠵᠡᠷᠭᠡ ᠴᠠᠭᠠᠨ ᠢᠳᠡᠭᠡᠨ ᠢ ᠦᠶᠯᠡᠳᠪᠦᠷᠢᠯᠡᠵᠦ ᠡᠬᠢᠨ ᠤ ᠬᠤᠭᠤᠴᠠᠭᠠᠨ ᠳᠤ ᠬᠡᠳᠦᠶᠢᠪᠡᠷ ᠭᠠᠷᠤᠯᠲᠠ ᠨᠢ ᠪᠠᠭ᠎ᠠ ᠪᠣᠯᠪᠠᠴᠤ ᠦᠶᠯᠡᠳᠪᠦᠷᠢᠯᠡᠵᠦ ᠭᠠᠷᠭᠠᠭᠰᠠᠨ ᠴᠠᠭᠠᠨ ᠢᠳᠡᠭᠡᠨ ᠤ ᠬᠠᠩᠭᠠᠯᠭ᠎ᠠ ᠨᠢ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠭ᠎ᠠ ᠪᠠᠶᠢᠳᠠᠯ ᠢᠶᠠᠨ ᠲᠠᠨᠢᠯᠴᠠᠭᠤᠯᠤᠯ᠎ᠠ᠃      ᠭᠠᠴᠠᠭᠠᠨ ᠳᠤ ᠰᠠᠭᠤᠭ᠎ᠠ ᠠᠵᠢᠯ ᠤᠨ ᠳᠤᠭᠤᠶᠢᠯᠠᠩ ᠤᠨ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠠᠮᠵᠢᠨ ᠡᠳ᠋ ᠤᠨ ᠵᠠᠰᠠᠭ ᠤᠨ ᠲᠣᠪᠴᠢᠶᠠᠨ ᠤ ᠲᠥᠷᠥᠯ ᠵᠦᠢᠯ ᠤᠨ ᠪᠡᠯᠡ ᠮᠥᠩᠭᠦ 30 ᠲᠦᠮᠡᠨ ᠲᠥᠭᠦᠷᠢᠭ ᠪᠠ ᠬᠤᠰᠢᠭᠤᠨ  ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠥᠷᠥᠯ ᠵᠦᠢᠯ ᠤᠨ ᠪᠡᠯᠡ ᠮᠥᠩᠭᠦ 15 ᠲᠦᠮᠡᠨ ᠲᠥᠭᠦᠷᠢᠭ ᠢ ᠣᠯᠵᠤ ᠭᠡᠷᠡᠯᠲᠤᠶᠠᠭ᠎ᠠ ᠶᠢᠨ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠬᠦᠰᠡᠯ ᠮᠥᠷᠥᠭᠡᠳᠦᠯ ᠢ ᠪᠡᠶᠡᠯᠡᠭᠦᠯᠦᠭᠰᠡᠨ ᠪᠠᠶᠢᠵᠠᠢ᠃ ᠭᠠᠴᠠᠭᠠᠨ ᠳᠡᠭᠡᠷ᠎ᠡ ᠴᠠᠭᠠᠨ ᠢᠳᠡᠭᠡᠨ ᠪᠣᠯᠪᠠᠰᠤᠷᠠᠭᠤᠯᠬᠤ ᠦᠶᠯᠡᠳᠪᠦᠷᠢ ᠪᠠᠶᠢᠭᠤᠯᠵᠤ ᠡᠷᠭᠢᠨ ᠲᠣᠭᠤᠷᠢᠨ ᠤ ᠮᠠᠯᠴᠢᠨ ᠲᠠᠷᠢᠶᠠᠴᠢᠳ ᠤᠨ ᠰᠦᠨ ᠤ ᠪᠣᠷᠣᠯᠠᠭᠤᠯᠭ᠎ᠠ ᠶᠢ ᠪᠠᠲᠤᠯᠠᠨ ᠬᠠᠮᠲᠤᠪᠠᠷ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠨᠢ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠭᠠᠴᠠᠭᠠᠨ ᠳᠤ ᠰᠠᠭᠤᠭ᠎ᠠ ᠠᠵᠢᠯ ᠤᠨ ᠳᠤᠭᠤᠶᠢᠯᠠᠩ ᠤᠨ ᠡᠴᠦᠰ ᠤᠨ ᠬᠠᠷᠠᠯᠲᠠ ᠪᠠᠶᠢᠯ᠎ᠠ᠃      ᠲᠦᠩᠽᠢ ᠭᠠᠴᠠᠭᠠᠨ ᠤ ᠨᠢᠭᠡᠳᠦᠭᠡᠷ ᠱᠦᠵᠢ ᠰᠠᠷᠠᠨ᠎ᠠ᠄ ︽ᠡᠨᠡ ᠬᠦ ᠴᠠᠭᠠᠨ ᠢᠳᠡᠭᠡᠨ ᠪᠣᠯᠪᠠᠰᠤᠷᠠᠭᠤᠯᠬᠤ ᠦᠶᠯᠡᠳᠪᠦᠷᠢ ᠶᠢ ᠪᠠᠶᠢᠭᠤᠯᠬᠤ ᠳᠤ ᠪᠢᠳᠡ ᠡᠷᠭᠢᠨ ᠲᠣᠭᠤᠷᠢᠨ ᠤ ᠮᠠᠯᠴᠢᠳ ᠢ ᠳᠠᠶᠢᠴᠢᠯᠠᠨ ᠰᠦᠨ ᠤ ᠢᠷᠡᠯᠲᠡ ᠶᠢ ᠪᠠᠳᠤᠯᠠᠬᠤ ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠳᠠᠭᠠᠭᠤᠯᠬᠤ ᠶᠢ ᠵᠠᠪᠠᠯ ᠪᠠᠲᠤᠯᠠᠬᠤ ᠵᠤᠷᠢᠯᠭ᠎ᠠ ᠲᠠᠢ ᠬᠢᠵᠤ ᠪᠠᠶᠢᠨ᠎ᠠ᠃ ᠣᠳᠣᠬᠠᠨ ᠳᠤ ᠦᠶᠯᠡᠳᠪᠦᠷᠢ ᠶᠢ ᠰᠠᠶ᠋ᠢᠬᠠᠨ ᠪᠠᠶᠢᠭᠤᠯᠵᠤ ᠪᠠᠶᠢᠭ᠎ᠠ ᠪᠣᠯᠬᠤᠷ ᠡᠨᠡᠬᠦ ᠬᠠᠷᠠᠯᠲᠠ ᠪᠠᠨ ᠪᠠᠰᠠ ᠰᠠᠶᠢᠨ ᠪᠡᠶᠡᠯᠡᠭᠦᠯᠵᠦ ᠴᠢᠳᠠᠭᠠᠳᠤᠶ ᠪᠠᠶᠢᠭᠰᠠᠭᠠᠷ᠂ ᠪᠢᠳᠡ ᠳᠠᠷᠠᠭ᠎ᠠ ᠠᠯᠬᠤᠮ ᠳᠤ ᠪᠠᠰᠠ ᠬᠠᠪᠰᠤᠷᠤᠯᠭ᠎ᠠ ᠲᠡᠮᠵᠢᠯᠭᠡ ᠦᠵᠡᠬᠦᠯᠵᠤ ᠬᠡᠪᠴᠢᠶᠡᠵᠢᠬᠦᠯᠬᠦ ᠪᠠᠷ ᠴᠢᠷᠮᠠᠶᠢᠨ᠎ᠠ︾  ᠬᠡᠪᠡ᠃      ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠠᠴᠠ ᠭᠠᠷᠴᠤ ᠲᠦᠩᠽᠢ ᠭᠠᠴᠠᠭᠠᠨ ᠤ ᠡᠪᠡᠰᠦ ᠪᠣᠷᠳᠤᠭ᠎ᠠ ᠶᠢ ᠮᠥᠬᠦᠯᠢᠭᠵᠢᠭᠦᠯᠬᠦ ᠦᠢᠯᠡᠳᠪᠦᠷᠢ ᠳᠤ ᠬᠦᠷᠬᠦ ᠳᠤ ᠮᠥᠨᠴᠦ ᠠᠵᠢᠯ ᠤᠨ ᠡᠷᠴᠢ ᠴᠢᠩᠭ᠎ᠠ ᠪᠠᠶᠢᠯ᠎ᠠ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠠᠷᠠᠨ᠎ᠠ ᠪᠢᠳᠡᠨ ᠳᠤ ᠡᠨᠡᠬᠦ ᠦᠶᠯᠡᠳᠪᠦᠷᠢ ᠨᠢ ᠮᠥᠨᠴᠦ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠭᠠᠴᠠᠭᠠᠨ ᠳᠤ ᠰᠠᠭᠤᠭ᠎ᠠ ᠠᠵᠢᠯ ᠤᠨ ᠳᠤᠭᠤᠶᠢᠯᠠᠩ ᠤᠨ ᠬᠢᠨ ᠲᠥᠷᠥᠯ ᠵᠦᠶᠯ  ᠤᠨ ᠪᠡᠯᠡ ᠮᠥᠩᠭᠦ ᠣᠯᠬᠤ ᠪᠠᠷ ᠳᠠᠮᠵᠢᠵᠤ ᠪᠠᠶᠢᠭᠤᠯᠤᠭᠰᠠᠨ ᠬᠠᠮᠲᠤ ᠶᠢᠨ ᠠᠵᠤ ᠠᠬᠤᠢ ᠶᠢᠨ ᠲᠥᠷᠥᠯ ᠵᠦᠶᠯ ᠪᠤᠯᠬᠤ  ᠶᠢ ᠬᠡᠯᠡᠵᠦ ᠥᠭᠭᠦᠯ᠎ᠡ᠃      ᠰᠠᠷᠠᠨ᠎ᠠ᠄ ︽ ᠮᠠᠨ ᠤ ᠦᠦᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2009 ᠣᠨ ᠳᠤ ᠲᠦᠩᠽᠢ ᠭᠠᠴᠠᠭ᠎ᠠ ᠶᠢ ᠬᠠᠪᠰᠤᠷᠤᠨ ᠲᠡᠳᠬᠦᠭᠰᠡᠨ ᠠᠴᠠ ᠣᠳᠣ ᠪᠣᠯᠲᠠᠯ᠎ᠠ ᠲᠤᠪᠴᠢᠶᠠᠨ ᠤ ᠤᠳᠤᠷᠢᠳᠤᠯᠭ᠎ᠠ ᠪᠣᠯᠤᠨ ︿ᠬᠤᠶᠠᠷ﹀ ᠵᠥᠪᠯᠡᠯ ᠤᠨ ᠤᠳᠤᠷᠢᠳᠬᠤ ᠪᠠᠭ᠂ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠬᠦᠨ ᠢᠶᠠᠷ ᠳᠠᠮᠵᠢᠨ ᠬᠠᠮᠤᠭ ᠰᠡᠭᠦᠯ ᠳᠤ ᠡᠨᠡᠬᠦ ᠡᠪᠡᠰᠦ ᠪᠣᠷᠳᠤᠭ᠎ᠠ ᠶᠢ ᠮᠥᠬᠦᠯᠢᠭᠵᠢᠭᠦᠯᠬᠦ ᠦᠶᠯᠡᠳᠪᠦᠷᠢ ᠶᠢ ᠪᠠᠶᠢᠭᠤᠯᠬᠤ ᠪᠠᠷ ᠲᠣᠭᠲᠠᠵᠤ 2017 ᠣᠨ ᠳᠤ ᠠᠩᠬ᠎ᠠ ᠠᠯᠬᠤᠮ ᠤᠨ ᠲᠥᠯᠥᠪᠯᠡᠭᠡ ᠪᠠᠨ ᠪᠡᠶᠡᠯᠡᠭᠦᠯᠦᠭᠰᠡᠨ ᠤ ᠳᠠᠷᠠᠭ᠎ᠠ 2018 ᠣᠨ 11 ᠰᠠᠷ᠎ᠠ ᠶᠢᠨ 21 ᠤ ᠡᠳᠦᠷ ᠲᠤᠰ ᠦᠶᠯᠡᠳᠪᠦᠷᠢ ᠶᠢ ᠵᠢᠩᠬᠢᠨᠢ ᠪᠠᠷ ᠠᠵᠢᠯ ᠡᠬᠢᠯᠡᠭᠦᠯᠬᠦ ᠪᠠᠷ ᠲᠣᠭᠲᠠᠪᠠ᠃ ᠡᠨᠡ ᠦᠶᠯᠡᠳᠪᠦᠷᠢ ᠶᠢ ᠪᠢᠳᠡ ᠬᠡᠳᠦᠨ ᠰᠠᠯᠠᠭ᠎ᠠ ᠮᠥᠴᠢᠷ ᠤᠨ ᠲᠥᠷᠥᠯ ᠵᠦᠶᠯ ᠢ ᠠᠰᠢᠭᠯᠠ ᠪᠠᠶᠢᠭᠤᠯᠤᠭᠰᠠᠨ ᠶᠤᠮ᠂ ᠭᠤᠣᠯ ᠨᠢ ᠮᠠᠨ ᠤ ᠡᠳ᠋ ᠤᠨ ᠵᠠᠰᠠᠭ ᠤᠨ ᠲᠣᠪᠴᠢᠶᠠᠨ ᠤ ᠲᠥᠷᠥᠯ ᠵᠦᠶᠯ 43 ᠲᠦᠮᠡ᠂ ᠵᠣᠬᠢᠶᠠᠨ ᠪᠠᠶᠢᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠣᠯᠠᠨ ᠭᠠᠵᠠᠷ ᠠᠴᠠ ᠲᠥᠷᠥᠯ ᠵᠦᠢᠯ ᠤᠨ ᠪᠡᠯᠡ ᠮᠥᠩᠭᠦ 88 ᠲᠦᠮᠡᠨ ᠲᠥᠭᠦᠷᠢᠭ᠂ ᠬᠠᠪᠰᠤᠷᠤᠨ ᠲᠡᠳᠬᠦᠬᠦ ᠠᠵᠤ ᠠᠬᠤᠶᠢᠯᠠᠯ ᠪᠣᠯᠬᠤ ᠨᠢᠭᠡᠳᠦᠭᠡᠷ ᠬᠡᠢ ᠶᠢᠨ ᠦᠶᠯᠡᠳᠪᠦᠷᠢ ᠶᠢᠨ 4 ᠲᠦᠮᠡᠨ ᠲᠥᠭᠦᠷᠢᠭ ᠪᠣᠯᠤᠨ᠎ᠠ᠃ ᠮᠠᠨ ᠤ ᠲᠦᠩᠽᠢ ᠭᠠᠴᠠᠭ᠎ᠠ ᠪᠣᠯ ᠮᠠᠯ ᠠᠵᠤ ᠠᠬᠤᠶ ᠪᠠᠷ ᠭᠤᠤᠯ ᠪᠣᠯᠭᠠᠭᠰᠠᠨ ᠪᠣᠯᠬᠤᠷ ᠲᠡᠵᠢᠭᠡᠨ ᠦᠷᠡᠵᠢᠭᠦᠯᠬᠦ ᠡᠷᠦᠬᠡ ᠮᠠᠰᠢ ᠣᠯᠠᠨ ᠪᠠᠶᠢᠳᠠᠭ᠂ ᠡᠨᠡ ᠬᠦ ᠡᠪᠡᠰᠦ ᠪᠣᠷᠳᠤᠭ᠎ᠠ ᠶᠢ ᠮᠥᠬᠦᠯᠢᠭᠵᠢᠭᠦᠯᠦᠨ ᠲᠡᠵᠢᠭᠡᠬᠦ ᠨᠢ ᠮᠠᠯᠴᠢᠳ ᠲᠤ ᠮᠠᠰᠢ ᠣᠯᠠᠨ ᠳᠥᠭᠦᠮ ᠨᠥᠬᠦᠴᠡᠯ ᠢ ᠠᠪᠴᠢᠷᠠᠵᠤ ᠥᠭᠭᠦᠭᠰᠡᠨ ᠪᠠᠶᠢᠨ᠎ᠠ᠃ ᠣᠳᠣᠬᠠᠨ ᠳᠤ ᠨᠢᠭᠡᠨᠲᠡ ᠡᠬᠢᠯᠡᠨ ᠡᠵᠡᠩᠨᠡᠵᠦ ᠨᠡᠯᠢᠶᠡᠳ ᠰᠠᠶᠢᠨ ᠦᠷ᠎ᠡ ᠪᠦᠲᠦᠮᠵᠢ ᠲᠠᠢ ᠪᠠᠶᠢᠨ᠎ᠠ᠃ ᠬᠤᠵᠢᠮ ᠦᠷᠬᠦᠯᠵᠢᠯᠡᠨ ᠦᠷ᠎ᠡ ᠠᠰᠢᠭ ᠨᠢ ᠨᠡᠮᠡᠭᠳᠡᠵᠦ ᠣᠷᠣᠯᠭ᠎ᠠ ᠰᠠᠶᠢᠨ ᠪᠣᠯᠣᠭᠰᠠᠨ ᠤ ᠳᠠᠷᠠᠭ᠎ᠠ ᠳᠠᠭᠠᠭᠠᠴᠢᠯᠠᠯᠲᠠ ᠶᠢᠨ ᠰᠦᠢᠳᠬᠡᠯ ᠴᠤ ᠨᠡᠮᠡᠭᠳᠡᠵᠦ ᠭᠠᠴᠠᠭᠠᠨ ᠳᠤ ᠲᠤᠰᠢᠶᠠᠬᠤ ᠵᠣᠭᠤᠰ ᠨᠢ ᠤᠯᠠᠮ ᠶᠡᠭᠡ ᠪᠣᠯᠬᠤ ᠪᠤᠯᠤᠨ᠎ᠠ︾ ᠭᠡᠵᠤ ᠲᠠᠨᠢᠯᠴᠠᠭᠤᠯᠤᠯ᠎ᠠ᠃      ᠡᠪᠡᠰᠦ ᠪᠣᠷᠳᠤᠭ᠎ᠠ ᠶᠢ ᠮᠥᠬᠦᠯᠢᠭᠵᠢᠭᠦᠯᠬᠦ ᠦᠶᠯᠡᠳᠪᠦᠷᠢ ᠨᠢ ᠵᠢᠯ ᠪᠦᠷᠢ ᠭᠠᠴᠠᠭᠠᠨ ᠳᠤ 5 ᠲᠦᠮᠡᠨ ᠲᠥᠭᠦᠷᠢᠭ ᠤᠨ ᠳᠠᠭᠠᠭᠠᠴᠢᠯᠠᠯᠲᠠ ᠶᠢᠨ ᠵᠠᠷᠤᠳᠠᠯ ᠲᠤᠰᠢᠶᠠᠵᠤ 3 ᠲᠦᠮᠡᠨ ᠲᠥᠭᠦᠷᠢᠭ ᠢ ᠭᠠᠴᠠᠭᠠᠨ ᠤ ᠬᠠᠮᠲᠤ ᠶᠢᠨ ᠪᠡᠯᠡᠨ ᠮᠥᠩᠭᠦ ᠶᠢᠨ ᠣᠷᠣᠯᠭ᠎ᠠ ᠪᠣᠯᠭᠠᠵᠤ᠂ 2 ᠲᠦᠮᠡᠨ ᠲᠥᠭᠦᠷᠢᠭ ᠢ ᠭᠠᠴᠠᠭᠠᠨ ᠤ 20 ᠶᠠᠳᠠᠭᠤ ᠬᠦᠴᠢᠷᠳᠡᠯᠲᠡᠶ ᠡᠷᠦᠬᠡ᠂ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ ᠵᠡᠷᠭᠡ ᠣᠷᠣᠯᠭ᠎ᠠ ᠪᠠᠭᠠᠲᠠᠶ ᠭᠡᠷ ᠪᠦᠯᠢ ᠶᠢᠨ ᠵᠢᠯ ᠪᠦᠷᠢ ᠶᠢᠨ 4 ᠲᠣᠨ ᠡᠪᠡᠰᠦ ᠪᠣᠷᠳᠤᠭ᠎ᠠ ᠶᠢ ᠰᠦᠢᠳᠬᠡᠯ ᠬᠤᠷᠢᠶᠠᠬᠤ ᠦᠭᠡᠢ ᠮᠥᠬᠦᠯᠢᠭᠵᠢᠭᠦᠯᠬᠦ ᠵᠠᠷᠤᠳᠠᠯ ᠳᠤ ᠬᠡᠷᠡᠭᠯᠡᠳᠡᠭ ᠪᠠᠶᠢᠨ᠎ᠠ᠃ ᠣᠳᠣᠬᠠᠨ ᠳᠤ ᠡᠨᠡᠬᠦ ᠦᠢᠯᠡᠳᠪᠦᠷᠢ ᠨᠢ ᠴᠠᠷᠭᠠᠰᠤ᠂ ᠪᠤᠷᠭᠠᠰᠤ᠂ ᠨᠢᠮᠪᠡᠭᠡ᠂ ᠡᠷᠳᠡᠨᠢ ᠰᠢᠰᠢ ᠶᠢᠨ ᠡᠰᠢ ᠵᠡᠷᠭᠡ ᠪᠠᠷ ᠲᠦᠭᠦᠬᠡᠶ ᠮᠠᠲ᠋ᠧᠷᠢᠶᠠᠯ ᠪᠣᠯᠭᠠᠨ ᠮᠥᠬᠦᠯᠢᠭᠵᠢᠭᠦᠯᠵᠦ ᠡᠷᠭᠢᠨ ᠲᠣᠭᠤᠷᠢᠨ ᠤ ᠮᠠᠯᠴᠢᠨ ᠲᠠᠷᠢᠶᠠᠴᠢᠨ ᠳᠤ ᠮᠠᠰᠢ ᠣᠯᠠᠨ ᠳᠥᠭᠦᠮ ᠳᠥᠲᠡ ᠪᠥᠭᠡᠳ ᠪᠣᠳᠠᠲᠤ ᠠᠰᠢᠭ ᠬᠦᠷᠲᠡᠭᠡᠭᠰᠡᠨ ᠪᠠᠶᠢᠨ᠎ᠠ᠃      ᠲᠦᠩᠽᠢ ᠭᠠᠴᠠᠭᠠᠨ ᠤ ᠡᠪᠡᠰᠦ ᠪᠣᠷᠳᠤᠭ᠎ᠠ ᠶᠢ ᠮᠥᠬᠦᠯᠢᠭᠵᠢᠭᠦᠯᠬᠦ ᠦᠢᠯᠡᠳᠪᠦᠷᠢ ᠶᠢ ᠳᠠᠭᠠᠭᠠᠴᠢᠯᠠᠭᠴᠢ ᠨᠠᠷᠠᠨᠮᠠᠨᠳᠤᠬᠤ᠄ ︽ᠪᠦᠷ ᠮᠠᠰᠢᠨᠴᠢᠯᠠᠭᠰᠠᠨ ᠠᠴᠠ ᠣᠳᠣᠬᠠᠨ ᠳᠤ ᠨᠢᠭᠡ ᠠᠵᠢᠯᠴᠢᠨ ᠭᠠᠳᠠᠨ᠎ᠠ ᠲᠠᠯ᠎ᠠ ᠳᠤ ᠡᠪᠡᠰᠦ ᠬᠦᠷᠭᠡᠪᠡᠯ ᠪᠣᠯᠴᠢᠬᠠᠨ᠎ᠠ᠂ ᠡᠳᠦᠷ ᠲᠤ 8 ᠲᠣᠨ ᠠᠴᠠ 10 ᠲᠣᠨ ᠣᠷᠴᠢᠮ ᠦᠢᠯᠡᠳᠪᠦᠷᠢᠯᠡᠵᠤ ᠲᠦᠩᠽᠢ ᠭᠠᠴᠠᠭᠠᠨ ᠤ ᠮᠠᠯᠴᠢᠨ ᠲᠠᠷᠢᠶᠠᠴᠢᠳ ᠡᠪᠡᠰᠦ ᠪᠣᠷᠳᠤᠭ᠎ᠠ ᠪᠠᠨ ᠠᠪᠴᠢᠷᠠᠵᠤ ᠪᠣᠯᠪᠠᠰᠤᠷᠠᠭᠤᠯᠪᠠᠯ ᠪᠢᠳᠡ ᠲᠣᠨ ᠪᠦᠷᠢ  ᠠᠴᠠ 300 ᠲᠥᠭᠦᠷᠢᠭ ᠬᠤᠷᠢᠶᠠᠵᠤ ᠭᠠᠳᠠᠨᠠᠬᠢ ᠶᠢᠨ ᠬᠥᠮᠥᠨ ᠪᠣᠯ ᠲᠣᠨ ᠪᠦᠷᠢ ᠠᠴᠠ 400 ᠲᠥᠭᠦᠷᠢᠭ ᠬᠤᠷᠢᠶᠠᠵᠤ ᠪᠠᠶᠢᠨ᠎ᠠ᠃ ᠣᠳᠣᠬᠠᠨ ᠳᠤ ᠡᠨᠡ ᠮᠥᠬᠦᠯᠢᠭᠵᠢᠭᠦᠯᠦᠭᠰᠡᠨ ᠡᠪᠡᠰᠦ ᠪᠣᠷᠳᠤᠭ᠎ᠠ ᠶᠢ ᠵᠥᠪᠰᠢᠶᠡᠷᠡᠳᠡᠭ ᠬᠥᠮᠦᠨ ᠮᠠᠰᠢ ᠣᠯᠠᠨ ᠪᠠᠶᠢᠨ᠎ᠠ᠂ ᠤᠴᠢᠷ ᠨᠢ ᠮᠠᠨ ᠤ ᠡᠨᠡ ᠪᠣᠯ ᠥᠴᠦᠬᠡᠨ ᠴᠦ ᠪᠣᠬᠢᠷᠲᠤᠯ ᠦᠭᠡᠢ᠂ ᠪᠦᠷ ᠲᠤᠰ ᠭᠠᠵᠠᠷ ᠤᠨ ᠡᠪᠡᠰᠦ ᠪᠠᠷ ᠬᠢᠭᠰᠡᠨ ᠪᠤᠯᠬᠤᠷ ᠪᠤᠷᠤᠯᠠᠭᠤᠯᠭ᠎ᠠ ᠰᠠᠶᠢᠲᠠᠢ ᠪᠠᠶᠢᠵᠤ ᠲᠦᠭᠦᠬᠡᠶ ᠡᠳ᠋ ᠢ ᠲᠠᠲᠠᠨ ᠠᠪᠴᠢᠷᠠᠵᠤ ᠪᠣᠯᠪᠠᠰᠤᠷᠠᠭᠤᠯᠤᠨ ᠭᠠᠷᠭᠠᠴᠢᠬᠠᠪᠠᠯ ᠳᠠᠷᠤᠶ ᠬᠤᠳᠠᠯᠳᠤᠵᠤ ᠪᠣᠯᠤᠨ᠎ᠠ︾ ᠭᠡᠵᠤ ᠵᠤᠷᠢᠭᠲᠠᠢ ᠶᠠᠷᠢᠵᠤ ᠪᠠᠶᠢᠯ᠎ᠠ᠃      ᠭᠠᠴᠠᠭᠠᠨ ᠳᠤ ᠣᠯᠠᠨ ᠵᠦᠢᠯ ᠤᠨ ᠲᠥᠷᠥᠯ ᠵᠦᠢᠯ ᠢ ᠬᠠᠷᠢᠯᠴᠠᠵᠤ ᠥᠭᠭᠦᠭᠰᠡᠨ ᠠᠴᠠ ᠭᠠᠳᠠᠨ᠎ᠠ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠭᠠᠴᠠᠭᠠᠨ ᠳᠤ ᠰᠠᠭᠤᠭ᠎ᠠ ᠠᠵᠢᠯ ᠤᠨ ᠳᠤᠭᠤᠶᠢᠯᠠᠩ ᠤᠨ ᠬᠢᠨ ᠪᠠᠰᠠ ᠨᠢᠭᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠪᠴᠤ ᠪᠤᠢ᠃ ᠡᠨᠡ ᠨᠢ ᠳᠠᠷᠤᠶ ᠬᠤᠰᠢᠭᠤᠨ ᠤ ᠮᠣᠩᠭᠤᠯ ᠬᠠᠳᠬᠤᠮᠠᠯ ᠤᠨ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠭᠠᠴᠠᠭᠠᠨ ᠤ ᠡᠮᠡᠭᠲᠡᠶᠢᠴᠦᠳ ᠲᠤ ᠦᠨ᠎ᠡ ᠲᠥᠯᠥᠪᠦᠷᠢ ᠦᠭᠡᠢ ᠪᠠᠷ ᠬᠠᠳᠬᠤᠮᠠᠯ ᠤᠨ ᠪᠣᠯᠪᠠᠰᠤᠷᠠᠯ ᠬᠦᠷᠲᠡᠭᠡᠬᠦ ᠶᠠᠪᠤᠳᠠᠯ ᠪᠣᠯᠤᠨ᠎ᠠ᠃ ᠡᠨᠡ ᠡᠳᠦᠷ ᠠᠷᠪᠠᠭᠠᠳ ᠮᠠᠯᠴᠢᠨ ᠪᠦᠰᠡᠭᠦᠶᠢᠴᠦᠳ ᠭᠠᠴᠠᠭᠠᠨ ᠳᠡᠭᠡᠷ᠎ᠡ ᠪᠠᠨ ᠢᠷᠡᠵᠦ ᠬᠠᠳᠬᠤᠮᠠᠯ ᠤᠨ ᠪᠣᠯᠪᠠᠰᠤᠷᠠᠯ ᠳᠤ ᠣᠷᠣᠯᠴᠠᠯ᠎ᠠ᠃ ᠲᠡᠳᠡ ᠬᠠᠳᠬᠤᠮᠠᠯ ᠬᠠᠳᠬᠤᠬᠤ ᠶᠢ ᠰᠤᠷᠤᠭᠰᠠᠨ ᠤ ᠳᠠᠷᠠᠭ᠎ᠠ ᠮᠠᠯ ᠲᠠᠷᠢᠶᠠᠯᠠᠩ ᠤᠨ ᠰᠡᠯᠡᠭᠦᠦ ᠴᠠᠭ ᠢᠶᠠᠷ ᠬᠠᠳᠬᠤᠮᠠᠯ ᠬᠠᠳᠬᠤᠵᠤ ᠪᠣᠷᠣᠯᠠᠭᠤᠯᠤᠭᠠᠳ ᠣᠷᠣᠯᠭ᠎ᠠ ᠪᠠᠨ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃      ᠲᠦᠩᠽᠢ ᠭᠠᠴᠠᠭᠠᠨ ᠤ ᠨᠢᠭᠡᠳᠦᠭᠡᠷ ᠱᠦᠵᠢ ᠰᠠᠷᠠᠨ᠎ᠠ᠄ ︽ᠭᠠᠴᠠᠭᠠᠨ ᠳᠤ ᠰᠠᠭᠤᠭᠰᠠᠨ ᠠᠴᠠ ᠨᠠᠰᠢ ᠡᠳ᠋  ᠤᠨ ᠵᠠᠰᠠᠭ ᠤᠨ ᠲᠣᠪᠴᠢᠶ᠎ᠠ ᠪᠠᠶᠢᠭᠤᠯᠭ᠎ᠠ ᠨᠢᠭᠡᠴᠢ ᠶᠢᠨ ᠳᠠᠪᠠᠭᠤᠯᠢᠭ ᠢᠶᠠᠨ ᠠᠰᠢᠭᠯᠠᠵᠤ ᠲᠥᠷᠥᠯ ᠵᠦᠶᠯ ᠣᠯᠵᠤ ᠣᠯᠠᠨ ᠡᠷᠦᠬᠡ ᠳᠤ ᠫᠧᠩ ᠰᠠᠷᠠᠪᠴᠢ ᠪᠠᠢᠭᠤᠯᠵᠤ ᠮᠠᠯᠴᠢᠨ ᠲᠠᠷᠢᠶᠠᠴᠢᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠳᠡᠭᠡᠭᠰᠢᠯᠡᠭᠦᠯᠵᠤ ᠬᠠᠮᠲᠤ ᠶᠢᠨ ᠠᠵᠤ ᠠᠬᠤᠢ ᠶᠢᠨ ᠲᠠᠯ᠎ᠠ ᠪᠠᠷ ᠪᠢᠳᠡ ᠡᠪᠡᠰᠦ ᠪᠣᠷᠳᠤᠭ᠎ᠠ ᠮᠥᠬᠦᠯᠢᠭᠵᠢᠭᠦᠯᠬᠦ ᠦᠶᠯᠡᠳᠪᠦᠷᠢ ᠪᠠᠶᠢᠭᠤᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠴᠡᠭ ᠢ ᠪᠠᠶᠢᠭᠤᠯᠬᠤ ᠶᠢᠨ ᠬᠠᠮᠲᠤ ᠪᠠᠰᠠ ᠪᠢᠳᠡ ᠲᠥᠷᠥᠯ ᠵᠦᠶᠯ ᠣᠯᠵᠤ  ᠲᠠᠷᠢᠮᠠᠯ ᠲᠡᠵᠢᠭᠡᠪᠦᠷᠢ ᠶᠢᠨ ᠲᠣᠮᠣ ᠡᠷᠦᠬᠡ ᠶᠢ ᠬᠠᠪᠰᠤᠷᠤᠨ ᠪᠣᠯᠪᠠᠰᠤᠷᠠᠭᠤᠯᠬᠤ ᠦᠶᠯᠡᠳᠪᠦᠷᠢ ᠪᠠᠶᠢᠭᠤᠯᠤᠭᠰᠠᠨ ᠪᠠᠶᠢᠨ᠎ᠠ᠃ ᠡᠨᠡ ᠨᠢ ᠬᠤᠶᠢᠰᠢᠳᠠ ᠮᠠᠨ ᠤ ᠣᠶᠢᠷ᠎ᠠ ᠬᠠᠪᠢ ᠶᠢᠨ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠲᠡᠭᠡᠭᠰᠢᠯᠡᠬᠦᠯᠬᠦ ᠶᠢᠨ ᠬᠠᠮᠲᠤ ᠪᠢᠳᠡ ᠭᠠᠴᠠᠭ᠎ᠠ ᠲᠣᠰᠬᠤᠨ ᠢ ᠬᠠᠪᠰᠤᠷᠤᠨ ᠨᠠᠮ ᠤᠨ ᠭᠡᠰᠢᠭᠦᠨ ᠤ ᠬᠥᠮᠦᠵᠢᠯ ᠤᠨ ᠠᠵᠢᠯ ᠢ ᠴᠢᠩᠭᠠᠳᠬᠠᠵᠤ ᠤᠬᠠᠭᠤᠯᠭ᠎ᠠ ᠶᠢ ᠰᠠᠶᠢᠲᠤᠷ ᠬᠢᠵᠦ ᠤᠯᠤᠰ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠤᠯᠠᠮᠵᠢᠯᠠᠬᠤ ᠳᠤ ᠲᠦᠬᠦᠮ ᠦᠵᠡᠬᠦᠯᠦᠭᠰᠡᠨ ᠪᠠᠶᠢᠨ᠎ᠠ᠃ ᠳᠠᠬᠢᠭᠠᠳ ᠬᠡᠯᠡᠪᠡᠯ ᠪᠢᠳᠡ ᠨᠠᠭᠠᠳᠤᠮ ᠵᠡᠷᠭᠡ ᠡᠯ᠎ᠡ ᠵᠦᠢᠯ ᠤᠨ ᠬᠥᠳᠡᠯᠭᠡᠭᠡᠨ ᠢ ᠠᠷᠪᠢᠨ ᠡᠷᠬᠢᠯᠡᠵᠦ ᠮᠠᠯᠴᠢᠨ ᠲᠠᠷᠢᠶᠠᠴᠢᠨ ᠤ ᠰᠣᠶᠣᠯ ᠤᠨ ᠠᠭᠤᠷ ᠠᠮᠢᠰᠬᠤᠯ ᠢ ᠬᠥᠭᠵᠢᠶᠡᠨᠲᠡᠶ ᠪᠣᠯᠭᠠᠵᠤ ᠮᠠᠯᠴᠢᠨ ᠲᠠᠷᠢᠶᠠᠴᠢᠨ ᠤ ᠵᠣᠯ ᠵᠢᠷᠭᠠᠯ  ᠤᠨ ᠲᠥᠷᠥᠭᠳᠡᠯ ᠢ ᠳᠡᠭᠡᠭᠰᠢᠯᠡᠭᠦᠯᠵᠦ ᠴᠠᠭ ᠲᠤᠬᠠᠶ ᠳᠤᠨᠢ ᠡᠯ᠎ᠡ ᠵᠦᠶᠯ ᠤᠨ ᠵᠥᠷᠢᠴᠡᠯ ᠵᠢᠭᠤᠷᠠᠯᠳᠤᠭᠠᠨ ᠤ ᠬᠡᠷᠡᠭ  ᠲᠤ ᠡᠶᠡᠳᠡᠭᠦᠯᠦᠭᠴᠢ ᠶᠢᠨ ᠠᠵᠢᠯ ᠢ ᠢᠳᠡᠪᠬᠢᠲᠡᠢ ᠰᠠᠶᠢᠲᠤᠷ ᠬᠢᠪᠡ᠃ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠶᠠᠪᠤᠳᠠᠯ ᠪᠣᠯ ᠳᠠᠷᠤᠶ ᠮᠠᠨ ᠤ ᠬᠠᠮᠤᠭ ᠤᠨ ᠶᠡᠭᠡ ᠶᠠᠪᠤᠳᠠᠯ᠂ ᠬᠠᠮᠤᠭ ᠤᠨ ᠴᠢᠬᠤᠯᠠ ᠶᠠᠪᠤᠳᠠᠯ ᠮᠥᠨ ᠂ ᠮᠠᠯᠴᠢᠨ ᠲᠠᠷᠢᠶᠠᠴᠢᠨ ᠢ ᠪᠠᠶᠠᠨ ᠴᠢᠨᠡᠭᠡᠯᠢᠭ ᠠᠮᠢᠳᠤᠷᠠᠭᠤᠯᠬᠤ ᠪᠣᠯ ᠳᠠᠷᠤᠶ ᠮᠠᠨ ᠤ ᠡᠴᠦᠰ ᠤᠨ ᠬᠠᠷᠠᠯᠲᠠ ᠮᠥᠨ︾ ᠭᠡᠵᠤ ᠶᠠᠷᠢᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号