9 ᠰᠠᠷ᠎ᠠ ᠶᠢᠨ 1 ᠤ ᠡᠳᠤᠷ ᠬᠡᠪᠯᠡᠭᠳᠡᠬᠦ 17 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ | ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠬᠦᠬᠡᠮᠦ᠋ᠷᠡᠨ ᠤ ᠠᠵᠥ ᠠᠬᠤᠢ ᠶᠢᠨ | ᠪᠦᠰᠡ ᠶᠢᠨ ᠬᠦᠭᠵᠢᠯᠳᠡ ᠶᠢ ᠬᠦᠨᠵᠡᠬᠡᠢ ᠠᠬᠢᠭᠤᠯᠬᠤ ᠶᠠᠷᠢᠯᠴᠠᠬᠤ ᠬᠤᠷᠡᠯ ᠲᠡᠬᠡᠷᠡᠬᠢ ᠶᠠᠷᠢᠶ᠎ᠠ︾ ᠶᠢ ᠨᠡᠶᠢᠳᠡᠯᠡᠪᠡ᠃ | ᠵᠤᠬᠢᠶᠠᠯ ᠳᠤ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠠᠬᠢᠭᠤᠯᠬᠤ ᠪᠤᠯ ᠨᠠᠮ ᠤᠨ | ᠲᠦᠪ ᠬᠤᠷᠢᠶᠡᠨ ᠤ ᠲᠤᠬᠳᠠᠭᠠᠬᠰᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠮᠥᠨ᠂ ᠤᠯᠤᠰ ᠤᠨ | ᠬᠦᠭᠵᠢᠯᠳᠡ ᠶᠢᠨ ᠪᠦᠬᠦ ᠲᠡᠯ᠎ᠡ ᠳᠤ ᠬᠤᠯᠪᠤᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠮᠥᠨ᠂ ︽ᠬᠤᠤᠰ | ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠰᠢᠨ᠎ᠡ | ᠪᠠᠶᠢᠳᠠᠯ ᠲᠤᠤᠷ᠎ᠡ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢ ᠠᠬᠢᠭᠤᠯᠬᠤ ᠳᠤ | ᠵᠠᠩᠬᠢᠯᠠᠭ᠎ᠠ ᠨᠢ ᠬᠡᠳᠤᠨ ᠬᠠᠷᠢᠴᠠᠭ᠎ᠠ ᠶᠢ ᠵᠦᠪ ᠡᠵᠡᠮᠳᠡᠵᠥ᠂ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ | ᠪᠠᠷᠢᠮᠳᠠᠯᠠᠨ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠵᠥ | ᠂ ᠶᠡᠭᠡ ᠪᠠᠷ ᠬᠠᠮᠠᠭᠠᠯᠠᠬᠤ ᠶᠢ ᠬᠠᠮᠳᠤ ᠪᠠᠷ ᠠᠳᠬᠤᠨ ᠶᠡᠭᠡ ᠪᠠᠷ ᠨᠡᠬᠡᠬᠡᠨ ᠬᠦᠭᠵᠢᠬᠦᠯᠦᠯᠳᠡ ᠬᠢᠬᠦ ᠦᠬᠡᠢ ᠪᠠᠶᠢᠬᠤ ᠶᠢ | ᠪᠠᠷᠢᠮᠳᠠᠯᠠᠵᠤ᠂ ᠦᠬᠡᠷᠡᠴᠢᠯᠡᠯᠳᠡ ᠬᠢᠵᠤ ᠰᠢᠨ᠎ᠡ ᠶᠢ ᠡᠭᠦᠳᠬᠦ᠂ ᠪᠠᠶᠢᠯᠳᠤᠬᠤ ᠪᠤᠳᠤᠯᠭ᠎ᠠ ᠶᠢᠨ ᠨᠢᠬᠡᠳᠤᠯᠳᠡᠢ | ᠲᠦᠯᠥᠪᠵᠢᠬᠦᠯᠬᠡ ᠬᠢᠬᠦ᠂ ᠲᠦᠯᠥᠪᠵᠢᠬᠦᠯᠬᠡ ᠪᠠᠷ ᠬᠦᠳᠦᠯᠥᠨ ᠵᠢᠯᠤᠭᠤᠳᠬᠤ ᠶᠢ ᠴᠢᠩᠭᠠᠳᠬᠠᠨ᠂ ᠬᠦᠬᠡᠮᠦ᠋ᠷᠡᠨ ᠤ | ᠠᠵᠥ ᠠᠬᠤᠢ ᠶᠢᠨ ᠪᠦᠰᠡ ᠶᠢ ᠮᠠᠨ ᠤ ᠤᠯᠤᠰ ᠤᠨ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ | ᠲᠠᠭᠠᠭᠤᠯᠬᠤ ᠰᠢᠨ᠎ᠡ ᠬᠦᠴᠦᠨ ᠪᠤᠯᠭᠠᠬᠤ ᠳᠤ ᠪᠠᠶᠢᠨ᠎ᠠ ᠬᠡᠵᠥ ᠴᠢᠬᠤᠯᠠᠴᠢᠯᠠᠪᠠ᠃ | ᠵᠤᠬᠢᠶᠠᠯ ᠳᠤ᠂ ᠬᠦᠬᠡᠮᠦ᠋ᠷᠡᠨ ᠤ ᠠᠵᠥ ᠠᠬᠤᠢ ᠶᠢᠨ ᠪᠦᠰᠡ ᠶᠢᠨ ᠬᠦᠭᠵᠢᠯᠳᠡ ᠶᠢᠨ ᠪᠠᠶᠢᠳᠠᠯ ᠪᠤᠯᠤᠨ | ᠡᠬᠦᠷᠬᠡ ᠶᠢ ᠪᠦᠬᠦ ᠲᠡᠯ᠎ᠡ ᠪᠠᠷ ᠡᠵᠡᠮᠳᠡᠬᠦ ᠬᠡᠷᠡᠭᠳᠡᠢ᠃ ᠬᠤᠶᠠᠷ ᠵᠢᠯ ᠭᠠᠷᠤᠢ ᠶᠢᠨ ᠲᠤᠷᠰᠢ᠂ ᠬᠠᠮᠢᠶ᠎ᠠ ᠪᠦᠬᠦᠢ ᠰᠠᠯᠠᠭ᠎ᠠ | ᠮᠦᠴᠢᠷ ᠪᠤᠯᠤᠨ ᠮᠦᠷᠡᠨ ᠲᠠᠭᠠᠤ ᠶᠢᠨ ᠮᠤᠵᠢ ᠬᠤᠳᠠ ᠦᠯᠡᠮᠵᠢᠬᠡᠨ ᠠᠵᠢᠯ ᠬᠢᠵᠥ᠂ ᠦᠵᠦ ᠲᠦᠯᠥᠪᠯᠡᠭᠡ ᠶᠢ | ᠴᠢᠩᠭᠠᠳᠬᠠᠬᠤ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠬᠡᠯᠪᠡᠷᠢ ᠪᠠᠨ ᠬᠤᠪᠢᠷᠡᠭᠤᠯᠤᠨ | ᠬᠦᠭᠵᠢᠯᠳᠡ ᠶᠢ ᠠᠬᠢᠭᠤᠯᠬᠤ᠂ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠰᠦᠪᠡᠭᠴᠢᠯᠡᠬᠦ ᠵᠡᠷᠬᠡ | ᠲᠠᠯ᠎ᠠ ᠪᠠᠷ ᠢᠳᠡᠪᠬᠢ ᠠᠬᠢᠴᠠ ᠲᠠᠢ ᠪᠤᠯᠪᠠ᠃ ᠡᠬᠦᠨ ᠤ ᠵᠡᠷᠬᠡ ᠪᠠᠷ ᠲᠤᠯᠭᠠᠷᠠᠵᠥ ᠪᠠᠶᠢᠭ᠎ᠠ ᠬᠦᠴᠢᠷ ᠪᠡᠷᠭᠡᠰᠢᠶᠡᠯ᠂ | ᠦᠷᠢᠰᠦᠯᠳᠦᠬᠡᠨ ᠪᠤᠯᠤᠨ ᠲᠤᠪᠤᠶᠢᠮ᠎ᠠ ᠠᠰᠠᠭᠤᠳᠠᠯ ᠢ ᠴᠦ ᠰᠡᠷᠬᠡᠭ ᠢᠶᠠᠷ ᠤᠯᠵᠥ ᠦᠵᠡᠬᠦ ᠬᠡᠷᠡᠭᠳᠡᠢ ᠬᠡᠵᠥ ᠵᠢᠭᠠᠵᠥ | ᠭᠠᠷᠭᠠᠪᠠ᠃ | ᠵᠤᠬᠢᠶᠠᠯ ᠳᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠳᠠ ᠶᠢ ᠠᠬᠢᠭᠤᠯᠬᠤ ᠳᠤ ᠭᠡᠳᠦᠨ | ᠬᠠᠷᠢᠴᠠᠭ᠎ᠠ ᠶᠢ ᠵᠦᠪ ᠡᠵᠡᠮᠳᠡᠬᠦ ᠭᠡᠷᠡᠭᠳᠠᠢ᠃ ᠨᠢᠭᠡᠳᠦᠭᠡᠷ ᠲᠤ᠂ ᠪᠦᠬᠦᠯᠢ ᠴᠤᠬᠴᠠ ᠪᠠᠷ ᠨᠢ ᠠᠬᠢᠭᠤᠯᠬᠤ ᠪᠠ | ᠭᠤᠤᠯᠳᠠᠯᠭ᠎ᠠ ᠲᠠᠢ ᠪᠠᠷ ᠰᠢᠪᠳᠤᠯᠬᠤ ᠬᠠᠷᠢᠴᠠᠭ᠎ᠠ ᠶᠢ ᠵᠦᠪ ᠡᠵᠡᠮᠳᠡᠵᠤ᠂ ᠬᠦᠭᠡᠮᠦ᠋ᠷᠡᠨ ᠤ ᠠᠮᠢ ᠠᠬᠤᠢ ᠤᠷᠴᠢᠨ | ᠲᠤᠭᠤᠷᠢᠨ ᠢ ᠬᠠᠮᠠᠭᠠᠯᠠᠬᠤ ᠪᠠ ᠵᠠᠰᠠᠨ ᠰᠡᠷᠬᠦᠭᠡᠬᠦ ᠠᠵᠢᠯ ᠢ ᠪᠦᠬᠦ ᠲᠠᠯ᠎ᠡ ᠪᠠᠷ ᠰᠠᠶᠢᠳᠤᠷ ᠬᠢᠬᠦ ᠭᠡᠷᠡᠭᠳᠠᠢ᠃ | ᠬᠤᠶᠠᠳᠤᠭᠠᠷ ᠲᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠵᠤ ᠠᠬᠤᠢ ᠶᠢᠨ ᠬᠦᠭᠵᠢᠯᠳᠠ ᠶᠢᠨ | ᠬᠠᠷᠢᠴᠠᠭ᠎ᠠ ᠶᠢ ᠵᠦᠪ ᠡᠵᠡᠮᠳᠡᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠦᠯ ᠦᠭᠡᠢ ᠪᠠᠷ | ᠬᠦᠭᠵᠢᠭᠦᠯᠬᠦ ᠰᠢᠨ᠎ᠡ ᠵᠠᠮ ᠢ ᠬᠠᠶᠢᠨ ᠰᠦᠪᠡᠭᠴᠢᠯᠡᠵᠤ ᠵᠤᠬᠢᠴᠠᠩᠭᠤᠢ ᠪᠠᠷ ᠠᠬᠢᠭᠤᠯᠬᠤ ᠭᠡᠷᠡᠭᠳᠠᠢ᠃ | ᠭᠤᠷᠪᠠᠳᠤᠭᠠᠷ ᠲᠤ᠂ ᠶᠡᠷᠤᠩᠭᠡᠢ ᠴᠤᠬᠴᠠ ᠶᠢᠨ ᠲᠦᠯᠦᠪᠵᠢᠬᠦᠯᠭᠡ ᠪᠠ ᠤᠳᠠᠭᠠᠨ ᠲᠠᠭᠠᠭᠠᠮᠠᠭᠠᠢ ᠵᠢᠳᠬᠦᠨ | ᠴᠢᠷᠮᠠᠶᠢᠬᠤ ᠶᠢᠨ ᠬᠠᠷᠢᠴᠠᠭ᠎ᠠ ᠶᠢ ᠵᠦᠪ ᠡᠵᠡᠮᠳᠡᠬᠦ ᠭᠡᠷᠡᠭᠳᠠᠢ᠃ ᠲᠦᠷᠪᠡᠳᠦᠭᠡᠷ ᠲᠤ᠂ ᠬᠠᠭᠤᠴᠢᠨ ᠬᠦᠳᠡᠯᠭᠡᠬᠦ | ᠡᠨᠧᠷᠬᠢ ᠶᠢ ᠡᠪᠳᠡᠬᠦ ᠪᠠ ᠰᠢᠨ᠎ᠡ ᠬᠦᠳᠡᠯᠭᠡᠬᠦ ᠡᠨᠧᠷᠬᠢ ᠶᠢ ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠡᠵᠡᠮᠳᠡᠵᠤ᠂ | ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠤᠳᠤᠬᠢᠴᠢᠯᠠᠬᠰᠡᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ | ᠠᠬᠢᠭᠤᠯᠬᠤ ᠭᠡᠷᠡᠭᠳᠠᠢ᠃ ᠲᠠᠪᠤᠳᠤᠭᠠᠷ ᠲᠤ᠂ ᠲᠤᠰ ᠪᠠᠶ᠎ᠡ ᠶᠢᠨ ᠬᠦᠭᠵᠢᠯᠳᠠ ᠪᠠ ᠵᠤᠬᠢᠴᠠᠩᠭᠤᠢ ᠬᠦᠭᠵᠢᠯᠳᠠ ᠶᠢᠨ | ᠬᠠᠷᠢᠴᠠᠭ᠎ᠠ ᠶᠢ ᠵᠦᠪ ᠡᠵᠡᠮᠳᠡᠵᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢ ᠤᠷᠭᠠᠨᠢᠭ ᠢᠶᠠᠷ | ᠠᠭᠤᠰᠤᠯᠴᠠᠭᠤᠯᠤᠬᠰᠡᠨ ᠦᠨᠳᠦᠷ ᠦᠷ᠎ᠡ ᠠᠰᠢᠬᠳᠤ ᠠᠵᠤ ᠠᠬᠤᠢ ᠶᠢᠨ ᠴᠤᠬᠴᠠ ᠪᠤᠯᠭᠠᠨ ᠪᠦᠳᠦᠭᠡᠨ | ᠪᠠᠶᠢᠭᠤᠯᠬᠤ ᠪᠠᠷ ᠴᠢᠷᠮᠠᠶᠢᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠵᠤᠬᠢᠶᠠᠯ ᠳᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠳᠠ ᠶᠢ ᠠᠬᠢᠭᠤᠯᠬᠤ ᠠᠵᠢᠯ ᠤᠨ | ᠡᠷᠴᠢᠮ ᠢᠶᠠᠨ ᠴᠢᠩᠭᠠᠷᠠᠭᠤᠯᠬᠤ ᠭᠡᠷᠡᠭᠳᠠᠢ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠮᠦᠷᠡᠨ ᠲᠠᠭᠠᠤ ᠶᠢᠨ | ᠮᠤᠵᠢ ᠬᠤᠳᠠ ᠨᠢ ᠨᠠᠮ ᠤᠨ ᠲᠦᠪ ᠬᠤᠷᠢᠶᠠᠨ ᠤ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠳᠠ ᠶᠢ | ᠠᠬᠢᠭᠤᠯᠬᠤ ᠶᠡᠷᠤᠩᠭᠡᠢ ᠴᠤᠬᠴᠠ ᠶᠢᠨ ᠪᠠᠶᠢᠷᠢᠯᠠᠭᠤᠯᠤᠯᠳᠠ ᠪᠠ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠯ᠎ᠡ | ᠲᠠᠯ᠎ᠡ ᠶᠢᠨ ᠬᠦᠴᠦᠨ ᠢ ᠲᠠᠶᠢᠴᠢᠯᠡᠵᠤ᠂ ᠪᠠᠶᠢᠭᠤᠯᠤᠮᠵᠢ ᠲᠤᠬᠳᠠᠴᠠ ᠶᠢ ᠴᠢᠩᠭᠠᠳᠬᠠᠨ᠂ ᠲᠤᠳᠤᠭᠠᠳᠤ ᠬᠦᠳᠡᠯᠭᠡᠬᠦ | ᠬᠦᠴᠦᠨ ᠢ ᠬᠦᠭᠵᠢᠭᠡᠵᠤ᠂ ᠢᠳᠡᠭᠡᠯ ᠵᠤᠷᠢᠭ ᠢᠶᠠᠨ ᠪᠠᠳᠤᠳᠬᠠᠨ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠵᠤ᠂ | ᠯᠠᠪᠳᠠᠭᠤᠨ ᠪᠠᠳᠤᠳᠠᠢ ᠠᠵᠢᠯᠯᠠᠨ᠂ ᠠᠮᠵᠢᠯᠳᠠ ᠪᠦᠳᠦᠮᠵᠢ ᠭᠠᠷᠭᠠᠵᠤ᠂ ᠠᠵᠢᠯ ᠢᠶᠠᠨ ᠪᠤᠳᠠᠳᠠᠢ ᠠᠳᠬᠤᠨ ᠰᠠᠶᠢᠳᠤᠷ | ᠠᠳᠬᠤᠵᠤ᠂ ᠬᠦᠭᠡᠮᠦ᠋ᠷᠡᠨ ᠤ ᠠᠵᠤ ᠠᠬᠤᠢ ᠶᠢᠨ ᠪᠦᠰᠡ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ | ᠰᠠᠶᠢᠳᠤᠷ ᠭᠡᠷᠡᠭᠵᠢᠬᠦᠯᠬᠦ ᠶᠢᠨ ᠲᠦᠯᠦᠭᠡ ᠬᠠᠮᠳᠤ ᠪᠠᠷ ᠲᠡᠮᠡᠴᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃ | |