ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ ᠰᠢᠨᠵᠢᠯᠠᠨ ᠪᠠᠶᠢᠴᠠᠭᠠᠯᠲᠠ ᠶᠢᠨ ᠪᠦᠯᠬᠦᠮ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠯᠳᠠ ᠭᠢᠪᠠ
ᠨᠡᠶᠢᠲᠡᠯᠡᠭᠰᠡᠨ ᠴᠠᠭ᠄
2019-09-03
     8 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ ᠰᠢᠨᠵᠢᠯᠠᠨ ᠪᠠᠶᠢᠴᠠᠭᠠᠯᠲᠠ ᠶᠢᠨ ᠪᠦᠯᠬᠦᠮ ᠤᠨ ᠬᠢᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠯᠳᠠ ᠭᠢᠭᠰᠡᠨ ᠤ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ ᠠᠮᠤᠷ ᠲᠦᠪᠰᠢᠨ ᠣᠷᠴᠢᠨ ᠲᠣᠭᠤᠷᠢᠨ ᠤ ᠬᠡᠯᠲᠡᠰ ᠤᠨ ᠳᠡᠳ᠋ ᠭᠠᠵᠠᠷ ᠤᠨ ᠲᠠᠰ ᠤᠨ ᠺᠠᠳ᠋ᠷ ᠼᠤᠤ ᠮᠢᠩ ᠬᠤᠸᠠ᠂ ᠱᠠ ᠰᠦᠸᠧ ︵ᠳᠤᠮᠳᠠᠳᠤ ᠤᠯᠤᠰ︶ ᠬᠢᠮᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠱᠧᠨ ᠲᠤ ᠬᠤᠩ ᠰᠢᠩ᠂ ᠵᠢᠶᠠᠩᠰᠦ ᠶᠢᠨ ᠵᠥᠩ ᠱᠧᠩ ᠰᠠᠪᠠ ᠲᠣᠨᠣᠭᠯᠠᠯ ᠥᠢᠯᠡᠳᠭᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠬᠤᠩ ᠰᠢᠨ ᠵᠢᠴᠢ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠵᠢᠴᠢ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠰ ᠲᠣᠰ ᠬᠦᠷᠢᠶᠡᠯᠡᠩ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ ᠥᠢᠯᠡᠳᠪᠤᠷᠢ ᠵᠢᠴᠢ ᠪᠠᠷᠠᠭᠠᠨ ᠭᠥᠢᠯᠭᠡᠭᠡᠨ ᠤ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠬᠠᠷᠢᠯᠴᠠᠬᠤ ᠲᠤᠭᠳᠠᠯᠴᠠᠭ᠎ᠠ ᠶᠢ  ᠪᠠᠶᠢᠭᠤᠯᠤᠨ ᠣᠯᠠᠨ ᠲᠡᠰ ᠳᠠᠪᠬᠤᠷᠭ᠎ᠠ ᠶᠢᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢ ᠭᠥᠰᠡᠵᠠᠢ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠰᠠ ᠠᠵᠤ ᠠᠬᠤᠶᠢᠯᠠᠯ ᠤᠨ ᠲᠦᠢᠮᠣ ᠪᠠᠶᠢᠳᠠᠯ᠂ ᠪᠡᠯᠡ ᠣᠷᠣᠭᠤᠯᠤᠯᠲᠠ ᠶᠢᠨ ᠠᠷᠭ᠎ᠠ ᠪᠣᠳᠣᠯᠭ᠎ᠠ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠨᠠᠷᠢᠨ ᠲᠠᠨᠢᠯᠴᠠᠭᠤᠯᠪᠠ᠃      ᠡᠷᠳᠡᠨᠢᠪᠢᠯᠢᠭ᠂ ᠵᠤᠤ ᠹᠧᠶ ᠯᠦ ᠨᠠᠷ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ ᠰᠢᠨᠵᠢᠯᠠᠨ ᠪᠠᠶᠢᠴᠠᠭᠠᠯᠳᠠ ᠶᠢᠨ ᠪᠦᠯᠬᠦᠮ ᠤᠨ ᠬᠢᠨ ᠢ ᠤᠭᠲᠤᠵᠤ ᠪᠠᠶᠢᠬᠤ ᠪᠠᠨ ᠢᠯᠡᠳᠭᠡᠭᠦ ᠶᠢᠨ ᠬᠠᠮᠳᠤ ᠬᠡᠷᠬᠢᠨ ᠪᠡᠯᠡ ᠮᠥᠩᠭᠦ ᠴᠤᠭᠯᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠲᠤᠳᠬᠠᠬᠤ ᠵᠡᠷᠭᠡ ᠲᠠᠯ᠎ᠠ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠮᠠᠳᠤ ᠬᠤᠶᠠᠷ ᠲᠠᠯ᠎ᠠ ᠪᠠᠷ ᠢᠶᠠᠨ ᠬᠦᠷᠢᠶᠡᠯᠡᠩ ᠲᠣᠭᠤᠷᠢᠭ ᠤᠨ ᠬᠤᠭᠤᠷᠣᠨᠳᠣ ᠪᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠦ ᠬᠥᠭᠵᠢᠯᠲᠡ ᠶᠢᠨ ᠣᠶᠢᠯᠠᠭᠠᠭᠳᠠᠬᠤᠨ᠂ ᠠᠵᠤ ᠦᠢᠯᠡᠰ ᠤᠨ ᠪᠠᠶᠢᠷᠢᠰᠢᠭᠤᠯᠤᠯᠳᠠ᠂ ᠴᠢᠳᠠᠪᠤᠷᠢᠲᠠᠨ ᠤ ᠰᠣᠯᠢᠯᠴᠠᠭ᠎ᠠ᠂ ᠳᠦᠷᠢᠮ ᠢ ᠪᠠᠶᠢᠭᠤᠯᠬᠤ᠂ ᠠᠵᠤ ᠥᠢᠯᠡᠰ ᠢ ᠲᠠᠨᠢᠯᠴᠠᠭᠤᠯᠬᠤ᠂ ᠲᠥᠷᠥᠯ ᠵᠥᠢᠯ ᠢ ᠲᠠᠨᠢᠯᠴᠠᠭᠤᠯᠬᠤ ᠵᠡᠷᠭᠡ ᠣᠯᠠᠨ ᠲᠠᠯ᠎ᠠ ᠪᠠᠷ ᠥᠷᠭᠡᠨ ᠳᠡᠯᠭᠡᠷ ᠰᠣᠯᠢᠯᠴᠠᠭ᠎ᠠ ᠬᠢᠬᠦ ᠶᠢ ᠬᠦᠰᠡᠵᠦ ᠪᠠᠶᠢᠨ᠎ᠠ᠃ ᠡᠯ᠎ᠡ ᠠᠵᠤ ᠠᠬᠤᠶᠢᠯᠠᠯ ᠤᠨ  ᠬᠢᠨ ᠥᠥᠰᠢᠨ ᠬᠤᠰᠢᠭᠤᠨ ᠤ ᠬᠥᠭᠵᠢᠯᠲᠡ ᠶᠢ ᠭᠦᠨᠵᠡᠭᠡᠶ ᠣᠶᠢᠯᠠᠭᠠᠬᠤ ᠶᠢᠨ ᠬᠠᠮᠲᠤ ᠴᠢᠨᠠᠷ ᠰᠠᠶᠢᠲᠠᠶ ᠲᠥᠷᠥᠯ ᠵᠥᠢᠯ ᠢ ᠠᠪᠴᠢᠷᠠᠨ ᠥᠥᠰᠢᠨ ᠬᠤᠰᠢᠭᠤᠨ ᠤ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠥᠰᠢᠨ ᠬᠤᠰᠢᠭᠤ ᠠᠵᠤ ᠠᠬᠤᠶᠢᠯᠠᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠰᠠᠶᠢᠨ ᠰᠠᠶᠢᠬᠠᠨ ᠪᠡᠯᠡ ᠣᠷᠣᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠡᠢ᠃      ᠬᠤᠷᠠᠯ ᠠᠴᠠ ᠡᠮᠦᠨ᠎ᠡ᠂ ᠰᠢᠨᠵᠢᠯᠠᠨ ᠪᠠᠶᠢᠴᠠᠭᠠᠯᠲᠠ ᠶᠢᠨ ᠪᠦᠯᠬᠦᠮ ᠤᠨ ᠬᠢᠨ ᠤᠷᠢᠳ ᠬᠤᠵᠢᠳ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ︵ᠬᠦᠷᠢᠶᠡᠯᠡᠩ ᠲᠣᠭᠤᠷᠢᠭ︶ ᠳᠤ ᠬᠦᠷᠴᠦ ᠵᠦᠩ ᠲᠢᠶᠠᠨ ᠾᠧ ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠤᠯᠪᠠᠰᠤᠷᠠᠭᠤᠯᠬᠤ ᠲᠠᠭᠤᠷᠢᠶᠠᠯ ᠲᠥᠷᠥᠯ ᠵᠥᠢᠯ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠭᠢᠮᠢ ᠶᠢᠨ 100 ᠲᠦᠮᠡᠨ ᠲᠣᠨ ᠤ ᠨᠠᠶᠢᠯᠡᠯᠭᠡ ᠰᠢᠪᠳᠤᠷ 175 ᠲᠦᠮᠡᠨ ᠲᠣᠨ ᠤ ᠰᠢᠭᠡᠰᠦᠯᠢᠭ ᠡᠳ᠋ ᠤᠨ ᠲᠥᠷᠥᠯ ᠵᠥᠢᠯ᠂ ᠮᠧᠩ ᠳ᠋ᠠ ᠺᠤᠮᠫᠠᠨᠢ ᠶᠢᠨ ᠠᠭᠤᠷᠬᠠᠢ ᠶᠢᠨ ᠦᠢᠯᠡᠰ ᠤᠨ ᠨᠠᠷᠢᠠᠭᠤᠤᠯ ᠤᠨ ᠬᠤᠶᠠᠳᠤᠭᠠᠷ ᠨᠣᠮᠧᠷᠲᠤ ᠬᠤᠳᠳᠤᠭ᠂ ᠵᠦᠩ ᠮᠧᠶ ᠪᠦᠯᠦᠭᠯᠡᠯ ᠤᠨ ᠮᠧᠩ ᠳ᠋ᠠ ᠺᠤᠮᠫᠠᠨᠢ ᠶᠢᠨ 50 ᠲᠦᠮᠡᠨ ᠲᠣᠨ ᠤ ᠪᠠᠷᠢᠯᠭ᠎ᠠ ᠶᠢᠨ ᠰᠦᠯᠢᠶᠤᠤ ᠵᠡᠷᠭᠡ ᠬᠦᠷᠢᠶᠡᠯᠡᠩ ᠲᠣᠭᠤᠷᠢᠭ ᠤᠨ ᠲᠥᠷᠥᠯ ᠵᠥᠢᠯ ᠳᠤ ᠰᠢᠨᠵᠢᠯᠡᠨ ᠪᠠᠶᠢᠴᠠᠭᠠᠯᠲᠠ ᠬᠢᠵᠦ ᠥᠢᠯᠡᠳᠪᠤᠷᠢᠯᠠᠯ ᠤᠨ ᠥᠪᠡᠷ ᠤᠨ ᠥᠷᠲᠡᠭ᠂ ᠥᠢᠯᠡᠳᠪᠤᠷᠢᠯᠠᠯ ᠤᠨ ᠶᠠᠪᠤᠴᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠰᠠᠭᠤᠳᠠᠯ ᠤᠨ ᠲᠤᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠤᠳᠤᠯᠤᠨ ᠶᠠᠷᠢᠯᠴᠠᠵᠤ ᠠᠵᠦ ᠦᠢᠯᠡᠳᠪᠤᠷᠢ ᠶᠢᠨ ᠠᠵᠤ ᠠᠬᠤᠢ ᠶᠢᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠡᠷᠭᠡ ᠪᠠᠶᠢᠳᠠᠯ ᠳᠤ ᠨᠤᠳᠠᠯᠠᠯᠳᠠ ᠥᠭᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号