9 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠬᠤ | ᠠᠩᠭᠢ ᠶᠢᠨ ᠬᠤᠶᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠠᠷᠢᠭᠦᠯᠡᠭᠴᠢ ᠬᠤᠤ ᠸᠧᠶ ᠵᠡᠷᠭᠡ ᠬᠤᠰᠢᠭᠤ ᠰᠢᠶᠠᠨ ᠤ ᠲᠠᠰ ᠤᠨ ᠪᠦᠬᠦ ᠤᠳᠤᠷᠢᠳᠤᠯᠭ᠎ᠠ᠂ ᠡᠯ᠎ᠡ ᠠᠵᠤ ᠠᠬᠤᠢ ᠶᠢᠨ | ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠪᠦᠬᠦ ᠠᠵᠢᠯᠲᠠᠨ ᠵᠢᠴᠢ ᠡᠯ᠎ᠡ ᠵᠢᠯᠣᠭᠤᠳᠬᠤ ᠳᠤᠭᠤᠶᠢᠯᠠᠩ ᠤᠨ ᠪᠥᠷᠢᠯᠳᠤᠭᠦᠨ | ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠰᠤᠮᠤ ᠪᠠᠯᠭᠠᠰᠤᠨ ᠤ ᠺᠠᠳ᠋ᠷ᠂ ︽3+1︾ ᠤ | ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ ᠨᠢᠭᠡᠴᠢ ᠶᠢᠨ ᠪᠥᠬᠦ ᠨᠠᠮ ᠤᠨ ᠭᠡᠰᠢᠭᠦᠨ ᠺᠠᠳ᠋ᠷ᠂ ᠭᠠᠴᠠᠭ᠎ᠠ | ᠲᠣᠰᠬᠤᠨ ᠳᠤ ᠲᠤᠮᠢᠯᠠᠭᠰᠠᠨ ᠠᠵᠢᠯ ᠤᠨ ᠲᠤᠭᠤᠶᠢᠯᠠᠩ ᠤᠨ ᠪᠥᠭᠦ ᠪᠥᠷᠢᠯᠳᠤᠭᠦᠨ᠂ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠵᠢᠴᠢ ᠬᠢᠨᠠᠯᠲᠠ ᠲᠠᠯᠪᠢᠬᠤ ᠵᠥᠪᠯᠡᠯ ᠤᠨ ᠪᠠᠭ ᠤᠨ ᠪᠦᠷᠢᠯᠳᠦᠬᠦᠨ | ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ ᠬᠤᠷᠠᠯ ᠡᠷᠬᠢᠯᠡᠪᠡ᠃ | | | | | | | ᠬᠤᠷᠠᠯ ᠳᠤ ᠶᠠᠨ ᠠᠨ ᠨᠠᠨ ᠨᠢ ᠸᠠᠨ ᠤ ᠺᠠᠳ᠋ᠷ ᠤᠨ ᠪᠤᠯᠪᠠᠰᠤᠷᠠᠯ ᠤᠨ ᠲᠡᠭᠡᠳᠤ ᠰᠤᠷᠭᠠᠭᠤᠯᠢ ᠶᠢᠨ ᠵᠠᠬᠢᠷᠤᠯ | ᠸᠠᠩ ᠳ᠋ᠦ᠋ᠩ ᠹᠠᠩ ᠂ ᠶᠠᠨ ᠠᠨ ᠶᠡᠭᠡ ᠰᠤᠷᠭᠠᠭᠤᠯᠢ ᠶᠢᠨ ᠫᠷᠣᠹᠧᠰᠰᠣᠷ ᠷᠧᠨ ᠰᠢᠤᠸᠠᠢ ᠯᠢᠩ ᠢ ᠤᠨᠴᠠᠭᠠᠶᠢᠯᠠᠨ | ᠤᠷᠢᠵᠤ ︽ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠦᠵᠡᠯ ᠰᠠᠨᠠᠭᠠᠨ ᠤ ᠲᠠᠶᠢᠯᠤᠮᠵᠢ︾᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠡᠤᠭᠡ ᠳᠤ ᠲᠤᠰᠬᠠᠶ ᠲᠠᠶᠢᠯᠪᠤᠷᠢ ᠭᠢᠯᠭᠡᠭᠰᠠᠨ ᠪᠠᠶᠢᠨ᠎ᠠ᠃ | ᠸᠠᠩ ᠳ᠋ᠦᠩ ᠹᠠᠩ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠥᠢᠯᠡᠳᠤᠯᠭᠡ ᠶᠢᠨ | ᠰᠦᠪᠡᠭᠴᠢᠯᠡᠯᠲᠡ᠂ ᠤᠨᠤᠯ ᠤᠨ ᠲᠤᠭᠳᠠᠯᠴᠠᠭ᠎ᠠ᠂ ᠤᠨᠤᠯ ᠤᠨ ᠬᠡᠪ ᠰᠤᠷᠲᠠᠯ᠂ ᠥᠢᠯᠡᠳᠤᠯᠭᠡ ᠶᠢᠨ ᠱᠠᠭᠠᠷᠳᠠᠯᠭ᠎ᠠ | ᠵᠡᠷᠭᠡ ᠲᠠᠪᠤᠨ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠠᠭᠤᠯᠭ᠎ᠠ ᠶᠢ ᠰᠢᠰᠲ᠋ᠧᠮ ᠲᠠᠢ ᠶᠠᠷᠢᠪᠠ᠃ ᠷᠧᠨ ᠰᠢᠤᠸᠠᠢ ᠯᠢᠩ | ᠫᠷᠣᠹᠧᠰᠰᠣᠷ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠭᠵᠢᠯᠲᠡ ᠶᠢᠨ ᠲᠡᠤᠭᠡ ᠪᠠᠷ ᠭᠤᠤᠯ ᠰᠢᠵᠢᠮ | ᠪᠤᠯᠭᠠᠨ ᠴᠠᠭ ᠬᠤᠭᠤᠴᠠᠭᠠᠨ ᠤ ᠳᠡᠰ ᠳᠠᠷᠠᠭᠠᠯᠠᠯ ᠢᠶᠠᠷ ᠶᠡᠭᠡ ᠬᠡᠮᠵᠢᠶᠠᠨ ᠤ ᠪᠣᠳᠠᠲᠠᠶ ᠭᠡᠷᠡᠭ ᠤᠨ ᠵᠢᠱᠢᠶ᠎ᠠ ᠶᠢ | ᠤᠷᠤᠭᠤᠯᠤᠨ ᠬᠡᠷᠡᠭᠯᠡᠵᠦ ᠨᠠᠮ ᠤᠨ ᠬᠥᠭᠵᠢᠯᠲᠡ ᠶᠢᠨ ᠥᠩᠭᠡᠷᠡᠯᠲᠡ ᠶᠢ ᠭᠦᠨᠵᠡᠭᠡᠶ ᠲᠠᠶᠢᠯᠪᠤᠷᠢᠯᠠᠭᠰᠠᠨ ᠪᠥᠭᠡᠳ | ᠡᠷᠲᠡ ᠦᠶ᠎ᠡ ᠶᠢᠨ ᠲᠡᠤᠭᠡ ᠶᠢᠨ ᠬᠡᠷᠡᠭ ᠶᠠᠪᠤᠳᠠᠯ᠂ ᠲᠤᠷᠰᠢᠯᠭ᠎ᠠ ᠰᠤᠷᠭᠠᠮᠵᠢ ᠵᠡᠷᠭᠡ ᠳᠤ ᠰᠢᠰᠲ᠋ᠧᠮ ᠲᠠᠢ᠂ ᠭᠦᠨᠵᠡᠭᠡᠶ | ᠵᠠᠳᠠᠯᠤᠯᠲᠠ ᠬᠢᠵᠦ ᠮᠠᠨ ᠤ ᠨᠠᠮ ᠤᠨ ᠳᠤᠮᠳᠠᠳᠤ ᠤᠯᠤᠰ ᠤᠨ ᠬᠤᠪᠢᠰᠬᠠᠯ ᠤᠨ ᠵᠠᠮᠴᠢᠯᠠᠯᠳᠠ᠂ ᠪᠦᠲᠦᠭᠡᠨ | ᠪᠠᠶᠢᠭᠤᠯᠤᠯᠲᠠ ᠶᠢᠨ ᠠᠶᠠᠨ ᠵᠠᠮ ᠳᠤᠮᠳᠠᠬᠢ ᠲᠡᠦᠬᠡᠲᠦ ᠡᠭᠦᠷᠭᠡ ᠶᠢ ᠲᠣᠳᠣᠷᠬᠠᠶᠢᠯᠠᠨ ᠥᠭᠦᠯᠡᠪᠡ᠃ | ᠰᠤᠷᠤᠯᠴᠠᠬᠤ ᠠᠩᠭᠢ ᠨᠢ ᠸᠢᠳᠢᠤ᠋ ᠬᠡᠯᠪᠡᠷᠢ ᠪᠠᠷ ᠬᠤᠷᠠᠯᠳᠤᠵᠤ ᠭᠤᠤᠯ ᠬᠤᠷᠠᠯ ᠤᠨ ᠲᠠᠯᠠᠪᠠᠢ ᠶᠢ ᠬᠤᠰᠢᠭᠤ | ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠳᠤᠬᠢᠷᠠᠭᠤᠯᠤᠨ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ | ᠨᠡᠶᠢᠬᠡᠮ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠪᠦᠬᠦ ᠬᠤᠰᠢᠭᠤᠨ ᠤ 4800 ᠭᠠᠷᠤᠶ | ᠨᠠᠮ ᠤᠨ ᠭᠡᠰᠢᠭᠦᠨ ᠲᠤᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠤᠷᠤᠯᠴᠠᠭᠰᠠᠨ ᠪᠠᠶᠢᠨ᠎ᠠ᠃ | | | | | | | ᠬᠤᠷᠠᠯ ᠤᠨ ᠲᠠᠷᠠᠭ᠎ᠠ ᠡᠷᠳᠡᠨᠢᠪᠢᠯᠢᠭ ᠤᠯᠤᠰ ᠤᠨ ᠪᠠᠶᠠᠷ ᠤᠨ ᠬᠤᠭᠤᠴᠠᠭᠠᠨ ᠳᠠᠬᠢ ᠡᠯ᠎ᠡ ᠲᠥᠷᠤᠯ ᠤᠨ | ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠡᠷᠳᠡᠨᠢᠪᠢᠯᠢᠭ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯ ᠢ ᠰᠠᠶᠢᠲᠤᠷ ᠠᠳᠬᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠭᠦᠨᠵᠡᠭᠡᠶ | ᠰᠤᠷᠤᠯᠴᠠᠨ ᠣᠶᠢᠯᠠᠭᠠᠵᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ | ᠠᠵᠢᠯ ᠬᠢᠵᠦ ᠥᠢᠯᠡᠰ ᠪᠣᠰᠬᠠᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠬᠤᠰᠢᠭᠤ | ᠨᠠᠮ ᠤᠨ ᠬᠤᠷᠢᠶᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠠᠯᠪᠠᠨ ᠭᠡᠷ ᠮᠠᠨ ᠤ ᠬᠤᠰᠢᠭᠤᠨ ᠤ ᠭᠤᠤᠯ | ᠰᠡᠳᠦᠪᠲᠦ ᠬᠥᠮᠦᠵᠢᠯ ᠤᠨ ᠶᠠᠪᠤᠴᠠ ᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠰᠠᠶᠢᠲᠤᠷ ᠳ᠋ᠦᠩᠨᠡᠨ | ᠤᠬᠠᠭᠤᠯᠵᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠬᠢᠨᠠᠨ ᠵᠢᠯᠣᠭᠤᠳᠴᠤ ᠪᠠᠶᠢᠴᠠᠭᠠᠬᠤ ᠪᠠᠨ | ᠴᠢᠩᠭᠠᠳᠬᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠳᠤᠮᠳᠠ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠪᠠᠶᠢᠴᠠᠭᠠᠨ ᠴᠡᠭᠴᠡᠯᠡᠬᠦ ᠠᠵᠢᠯ ᠢ ᠭᠦᠨᠵᠡᠭᠡᠶ ᠥᠷᠨᠢᠭᠦᠯᠵᠦ ᠪᠣᠳᠠᠲᠠᠶ ᠠᠰᠠᠭᠤᠳᠠᠯ ᠢ | ᠰᠢᠢᠳᠪᠦᠷᠢᠯᠡᠨ ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ | ᠴᠣᠭᠴᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦ᠂ ᠬᠥᠮᠦᠨ ᠤᠯᠠᠨ | ᠴᠤᠭᠯᠠᠷᠠᠭᠰᠠᠨ ᠲᠠᠯᠠᠪᠤᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠶᠡᠭᠡ ᠪᠠᠶᠢᠴᠠᠭᠠᠯᠲᠠ ᠬᠢᠵᠦ ᠤᠯᠤᠰ ᠤᠨ | ᠪᠠᠶᠠᠷ ᠤᠨ ᠬᠤᠭᠤᠴᠠᠭᠠᠨ ᠤ ᠠᠶᠤᠯᠭᠦᠶ ᠥᠢᠯᠡᠳᠪᠤᠷᠢᠯᠠᠯ ᠢ ᠪᠠᠲᠤᠯᠠᠬᠤ ᠬᠡᠷᠡᠭᠲᠡᠶ᠃ ᠦᠵᠡᠯ ᠤᠬᠠᠮᠰᠠᠷ ᠤᠨ | ᠬᠡᠯᠪᠡᠷᠢ ᠶᠢᠨ ᠭᠤᠤᠯᠯᠠᠬᠤ ᠡᠷᠬᠡ ᠶᠢ ᠴᠢᠩᠭ᠎ᠠ ᠠᠳᠬᠤᠵᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ | ᠬᠡᠷᠡᠭᠲᠡᠶ᠃ ᠨᠡᠶᠢᠭᠡᠮ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠤᠯ ᠤᠨ | ᠵᠥᠷᠢᠴᠡᠯ ᠢ ᠲᠣᠬᠢᠲᠠᠶ ᠰᠢᠢᠳᠪᠦᠷᠢᠯᠡᠨ ᠨᠡᠶᠢᠭᠡᠮ ᠤᠨ ᠠᠮᠤᠷ ᠲᠦᠪᠰᠢᠨ ᠢ ᠪᠠᠲᠤᠯᠠᠵᠤ ᠲᠥᠪ ᠤᠨ ︽ᠨᠠᠢᠮᠠᠨ | ᠲᠥᠷᠤᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠬᠤ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠵᠡᠷᠭᠡ ᠠᠵᠢᠯ ᠢ ᠴᠢᠩᠭᠠᠳᠬᠠᠨ ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠢ | ᠨᠢᠭᠡᠨ ᠪᠠᠶᠠᠷ ᠬᠥᠷ ᠲᠠᠢ᠂ ᠡᠶ᠎ᠡ ᠨᠠᠶᠢᠷᠠᠮᠳᠠᠭᠤ᠂ ᠠᠮᠤᠷ ᠠᠮᠤᠭᠤᠯᠠᠩ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ | ᠭᠡᠵᠡᠢ᠃ | | |