ᠭᠠᠯᠠᠭᠤᠳᠦ ᠪᠠᠯᠭᠠᠰᠤ ᠪᠤᠯᠪᠠᠰᠤᠨ ᠰᠤᠷᠳᠠᠯ ᠢ ᠱᠤᠭᠤᠵᠤ ᠮᠠᠯᠴᠢᠨ ᠲᠠᠷᠢᠶᠠᠴᠢᠳ ᠤᠨ ᠵᠤᠯ ᠵᠢᠷᠭᠠᠯᠲᠦ ᠰᠢᠨ᠎ᠡ ᠠᠮᠢᠳᠤᠷᠡᠯ ᠢ ᠴᠤᠬᠴᠠᠯᠠᠨ᠎ᠠ
ᠨᠡᠶᠢᠲᠡᠯᠡᠭᠰᠡᠨ ᠴᠠᠭ᠄
2019-09-06
     ᠵᠢᠯ ᠤᠨ ᠡᠬᠢᠨ ᠠᠴᠠ ᠨᠠᠭᠠᠰᠢ᠂ ᠦᠤᠰᠢᠨ ᠬᠤᠰᠢᠭᠤᠨ ᠤ ᠭᠠᠯᠠᠭᠤᠲᠦ ᠪᠠᠯᠭᠠᠰᠤ ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠳᠤ ᠬᠦᠴᠦ ᠨᠡᠮᠡᠷᠢᠯᠡᠨ᠂ ︽ᠮᠢᠩᠭᠠᠨ ᠭᠠᠴᠠᠭ᠎ᠠ ᠲᠤᠰᠬᠤᠨ ᠵᠢᠱᠢᠶ ᠎ᠠ ᠦᠵᠡᠬᠦᠯᠵᠦ᠂ ᠲᠦᠮᠡᠨ ᠭᠠᠴᠠᠭ᠎ᠠ ᠲᠤᠰᠬᠤᠨ ᠠᠵᠢᠯᠯᠠᠭ᠎ᠠ ᠦᠷᠨᠢᠬᠦᠯᠬᠦ︾ ᠮᠠᠯᠴᠢᠨ ᠲᠠᠷᠢᠶᠠᠴᠢᠨ ᠤ ᠬᠡᠪ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠵᠤ᠂ ᠮᠠᠯᠴᠢᠠ ᠲᠠᠷᠢᠶᠠᠴᠢᠨ ᠤ ᠰᠤᠶᠤᠯ ᠪᠤᠯᠪᠠᠰᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠣᠭᠡᠳ ᠪᠤᠯᠪᠠᠰᠤᠨ ᠰᠤᠷᠳᠠᠯ ᠢ ᠱᠤᠭᠤᠵᠤ ᠮᠠᠯᠴᠢᠨ ᠲᠠᠷᠢᠶᠠᠴᠢᠳ ᠤᠨ ᠵᠤᠯ ᠵᠢᠷᠭᠠᠯᠲᠦ ᠰᠢᠨ᠎ᠡ ᠠᠮᠢᠳᠤᠷᠡᠯ ᠢ ᠴᠤᠬᠴᠠᠯᠠᠵᠤ ᠪᠠᠶᠢᠨ᠎ᠠ᠃     ᠤᠨᠤᠯ ᠢᠶᠠᠷ ᠵᠡᠪᠰᠡᠭᠯᠡᠬᠦ ᠶᠢ ᠲᠤᠪᠤᠶᠢᠯᠭᠠᠵᠦ᠂ ᠦᠵᠡᠯ ᠰᠠᠨᠠᠭᠠᠨ ᠤ ᠬᠡᠪ ᠰᠤᠷᠳᠠᠯ ᠢ ᠲᠡᠭᠡᠭᠰᠢᠯᠡᠬᠦᠯᠪᠡ᠃ ᠭᠠᠯᠠᠭᠤᠳᠦ ᠪᠠᠯᠭᠠᠰᠦ ᠰᠢᠨ᠎ᠠ ᠴᠠᠭ ᠦᠶ ᠎ᠠ ᠶᠢᠨ ᠪᠤᠯᠪᠠᠰᠤᠨ ᠤ ᠦᠢᠯᠡᠳᠦᠯᠬᠡ ᠶᠢᠨ ᠦᠷᠳᠡᠭᠡ ᠪᠠ ᠰᠤᠷᠤᠯᠴᠠᠯᠭ᠎ᠠ ᠶᠢᠨ ᠲᠠᠩᠬᠢᠮ ᠵᠡᠷᠬᠡ ᠲᠠᠪᠴᠠᠩ ᠳᠤ ᠲᠦᠰᠢᠭᠯᠡᠨ ︽ᠨᠠᠮ ᠤᠨ ᠬᠡᠰᠢᠬᠦᠨ ᠤ ᠲᠤᠭᠳᠠᠮᠠᠯ ᠠᠵᠢᠯᠯᠠᠭ᠎ᠠ ᠶᠢᠨ ᠡᠳᠦᠷᠯᠢᠭ︾ ᠤᠨ ᠠᠵᠢᠯᠯᠠᠭ᠎ᠠ ᠲᠠᠢ ᠤᠶᠠᠯᠳᠤᠭᠤᠯᠤᠨ᠂ ᠰᠢ ᠶᠢᠨ ᠫᠢᠡᠭ ᠤᠨ ᠰᠢᠨ᠎ᠠ ᠴᠠᠭ ᠦᠶ ᠎ᠠ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠡᠢ᠃ ᠨᠠᠮ ᠤᠨ ᠬᠡᠰᠢᠬᠦᠨ ᠤ ᠦᠢᠯᠡᠳᠦᠯ ᠢ ᠲᠠᠰᠤᠷᠠᠯᠳᠡ ᠦᠬᠡᠢ ᠲᠡᠭᠡᠭᠰᠢᠯᠡᠬᠦᠯᠵᠦ᠂ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠮᠠᠯᠴᠢᠨ ᠲᠠᠷᠢᠶᠠᠴᠢᠨ ᠤ ᠨᠠᠮ ᠳᠠᠭᠠᠨ ᠲᠠᠯᠠᠷᠬᠠᠬᠤ᠂ ᠨᠠᠮ ᠤᠨ ᠦᠬᠡ ᠶᠢ ᠰᠤᠨᠤᠰᠬᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠤᠭᠤᠳᠴᠦ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠪᠡ᠃    ᠦᠢᠯᠡ ᠠᠵᠢᠯᠯᠠᠭ᠎ᠠ ᠪᠠᠷ ᠦᠢᠯᠡᠳᠦᠯᠬᠡᠵᠢᠬᠦᠯᠬᠦ ᠶᠢ ᠲᠤᠪᠤᠶᠢᠯᠭᠠᠵᠦ᠂ ᠪᠤᠯᠪᠠᠰᠤᠨ ᠬᠡᠪ ᠰᠤᠷᠳᠠᠯ ᠢ ᠲᠡᠭᠡᠭᠰᠢᠯᠡᠬᠦᠯᠪᠡ᠃ ᠭᠠᠯᠠᠭᠤᠳᠦ ᠪᠠᠯᠭᠠᠰᠦ  ᠦᠵᠡᠰᠭᠦᠯᠡᠩᠳᠤ  ᠰᠠᠶᠢᠬᠠᠨ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠶᠢᠨ ᠲᠤᠰᠠᠳᠡ ︽ᠵᠤᠷᠯᠤᠩ ᠤᠨ ᠬᠤᠪᠢᠰᠬᠠᠯ︾ ᠢ ᠠᠬᠢᠭᠤᠯᠤᠨ᠂ ᠬᠦᠳᠡᠭᠡ ᠳᠤᠰᠬᠤᠨ ᠤ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ ᠰᠢᠢᠳᠪᠦᠷᠢᠯᠡᠨ ᠴᠡᠪᠡᠷᠯᠡᠵᠦ᠂ ᠴᠡᠪᠡᠷ ᠠᠷᠢᠭᠤᠨ ᠤᠷᠴᠢᠨ ᠲᠤᠭᠤᠷᠢᠨ ᠢ ᠪᠤᠢ ᠪᠤᠯᠭᠠᠵᠦ᠂ ᠮᠠᠯᠴᠢᠨ ᠲᠠᠷᠢᠶᠠᠴᠢᠳ ᠤᠨ ᠠᠮᠢ ᠠᠬᠤᠢ ᠶᠢᠨ ᠪᠤᠯᠪᠠᠰᠤᠨ ᠪᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠲᠡᠭᠡᠭᠰᠢᠯᠡᠬᠦᠯᠵᠦ ᠪᠤᠢ᠃ ᠷᠠᠰᠢᠶᠠᠨ ᠲᠤᠬᠤᠢ ᠲᠤᠰᠬᠤᠨ᠂ ᠰᠠᠰᠠ ᠶᠢᠨ ᠴᠠᠶᠢᠳᠠᠮ ᠲᠤᠰᠬᠤᠨ᠂ ᠮᠤᠳᠤᠨ ᠴᠠᠶᠢᠳᠠᠮ ᠲᠤᠰᠬᠤᠨ ᠵᠡᠷᠬᠡ ᠵᠢᠱᠢᠶ ᠎ᠠ ᠦᠵᠡᠬᠦᠯᠬᠦ ᠲᠤᠰᠬᠤᠨ ᠢ ᠪᠠᠶᠢᠭᠤᠯᠵᠦ᠂ ᠲᠤᠰᠬᠤᠨ ᠪᠦᠷᠢ ᠲᠤᠰᠬᠤᠨ ᠤ ᠲᠤᠭᠳᠠᠭᠠᠯ᠂ ᠠᠷᠠᠳ ᠤᠨ ᠬᠡᠷ ᠎ᠠ ᠶᠢ ᠰᠢᠨ᠎ᠠ ᠪᠠᠷ ᠵᠠᠰᠠᠪᠤᠷᠢ ᠤᠷᠤᠭᠤᠯᠤᠨ ᠲᠡᠭᠦᠯᠳᠡᠷᠵᠢᠬᠦᠯᠦᠭᠰᠡᠨ ᠪᠠᠶᠢᠨ᠎ᠠ᠃ ᠡᠬᠦᠨ ᠠᠴᠠ ᠭᠠᠳᠠᠨ᠎ᠠ ᠭᠠᠯᠠᠭᠤᠳᠦ ᠪᠠᠯᠭᠠᠰᠦ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠦᠯᠬᠡ ᠶᠢᠨ ᠡᠷᠦᠬᠡ᠂ ᠰᠠᠶᠢᠨ ᠬᠠᠳᠠᠮ ᠡᠵᠢ᠂ ᠰᠠᠶᠢᠨ ᠪᠡᠷᠢ᠂ ᠪᠤᠯᠪᠠᠰᠤᠨ ᠭᠡᠷ ᠪᠦᠯᠢ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠣᠭᠰᠠᠨ ᠵᠢᠱᠢᠶ ᠎ᠠ ᠦᠵᠡᠬᠦᠯᠬᠦ ᠡᠷᠦᠬᠡ᠂ ᠲᠡᠷᠬᠡᠳᠡᠬᠢ ᠰᠠᠶᠢᠨ ᠬᠦᠮᠦᠨ ᠵᠡᠷᠬᠡ ᠶᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠠᠢ ᠦᠷᠨᠢᠬᠦᠯᠵᠠᠢ᠃     ᠰᠤᠶᠤᠯ ᠤᠨ ᠵᠢᠯᠤᠭᠤᠳᠤᠮᠵᠢ ᠶᠢ ᠲᠤᠪᠤᠶᠢᠯᠭᠠᠵᠦ᠂ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠪᠠ᠃ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠦᠯᠬᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠭᠠᠯᠠᠭᠤᠳᠦ ᠪᠠᠯᠭᠠᠰᠤᠨ ᠤ ᠰᠢᠨ᠎ᠠ ᠴᠠᠭ ᠦᠶ᠎ᠡ ᠶᠢᠨ ᠪᠤᠯᠪᠠᠰᠤᠨ ᠤ ᠦᠢᠯᠡᠳᠦᠯᠬᠡ ᠶᠢᠨ ᠭᠠᠵᠠᠷ ᠢ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠳᠡᠭᠡ ᠳᠤ ᠲᠦᠰᠢᠭᠯᠡᠨ ᠪᠠᠶᠢᠭᠤᠯᠵᠡᠢ᠃ ᠦᠷᠳᠡᠬᠡᠨ ᠤ ᠲᠤᠳᠤᠷᠠᠬᠢ ᠨᠤᠮ ᠤᠡᠭᠰᠢᠬᠤ ᠲᠠᠰᠤᠭ᠂ ᠲᠠᠮᠢᠷ ᠤᠨ ᠠᠵᠢᠯᠯᠠᠭᠠᠨ ᠤ ᠲᠠᠰᠤᠭ᠂ ᠪᠡᠶ᠎ᠠ ᠴᠢᠬᠢᠷᠠᠭᠵᠢᠭᠤᠯᠬᠤ ᠲᠤᠭᠤᠷᠢᠭ ᠵᠡᠷᠬᠡ ᠶᠢ ᠨᠡᠬᠡᠬᠡᠨ ᠬᠡᠷᠡᠭᠯᠡᠵᠦ᠂ ᠤᠯᠠᠨ ᠲᠦᠮᠡᠨ ᠤ ᠰᠤᠶᠤᠯ ᠤᠨ ᠬᠡᠷᠡᠭᠴᠡᠭᠡ ᠶᠢ ᠬᠠᠨᠭ᠍ᠭᠠᠵᠦ᠂ ᠬᠠᠮᠳᠤ ᠪᠠᠷ ᠪᠠᠶᠢᠭᠤᠯᠵᠦ ᠬᠠᠮᠳᠤ ᠪᠠᠷ ᠡᠳ᠋ᠯᠡᠬᠦ ᠬᠦᠨ ᠵᠤᠵᠠᠭᠠᠨ ᠰᠤᠶᠤᠯ ᠤᠨ ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ᠃     ᠬᠠᠯᠠᠮᠵᠢᠯᠠᠨ ᠲᠤᠰᠠᠯᠠᠵᠦ ᠬᠠᠪᠰᠤᠷᠤᠨ ᠲᠡᠳᠬᠦᠬᠦ ᠶᠢ ᠲᠤᠪᠤᠶᠢᠯᠭᠠᠵᠦ᠂ ᠬᠠᠶᠢᠷ᠎ᠠ ᠬᠠᠯᠠᠮᠵᠢ ᠶᠢᠨ ᠬᠡᠪ ᠪᠤᠯᠪᠠᠰᠤᠷᠠᠯ ᠢ ᠲᠡᠭᠡᠭᠰᠢᠯᠡᠬᠦᠯᠪᠠ᠃ ᠰᠢᠨ᠎ᠠ ᠴᠠᠭ ᠦᠶ ᠎ᠠ ᠶᠢᠨ ᠪᠤᠯᠪᠠᠰᠤᠨ ᠤ ᠦᠢᠯᠡᠳᠦᠯᠬᠡ ᠶᠢᠨ ᠦᠷᠳᠡᠭᠡ ᠶᠢᠨ ᠠᠵᠢᠯ ᠢ ᠢᠳᠡᠪᠬᠢᠳᠡᠢ ᠠᠬᠢᠭᠤᠯᠵᠦ᠂ ᠠᠷᠠᠳ ᠤᠯᠠᠨ ᠰᠡᠳᠬᠢᠯ ᠬᠠᠨᠤᠮᠵᠢᠳᠡᠢ ᠪᠠᠶᠢᠬᠤ ᠪᠠᠷ ᠪᠠᠷᠢᠮᠵᠢᠶ ᠎ᠠ ᠪᠤᠯᠭᠠᠵᠦ᠂ ᠬᠠᠯᠠᠮᠵᠢᠯᠠᠨ ᠲᠡᠳᠬᠦᠬᠦ ᠶᠢ ᠲᠤᠪᠤᠶᠢᠯᠭᠠᠵᠦ᠂ ᠤᠯᠠᠨ ᠲᠦᠮᠡᠨ ᠤ ᠢᠯᠡᠳᠬᠡᠬᠦ ᠡᠷᠬᠡ᠂ ᠤᠷᠤᠯᠴᠠᠬᠤ ᠡᠷᠬᠡ ᠶᠢ ᠬᠦᠢᠴᠡᠳ ᠪᠠᠳᠠᠷᠠᠭᠤᠯᠵᠦ᠂ ᠬᠠᠷᠢᠯᠴᠠᠨ ᠬᠤᠯᠪᠤᠭᠠᠯᠠᠠ ᠬᠠᠷᠢᠯᠴᠠᠨ ᠨᠡᠪᠳᠡᠷᠡᠯᠴᠡᠵᠦ᠂ ᠬᠠᠷᠢᠯᠴᠠᠨ ᠠᠬᠢᠭᠤᠯᠤᠨ ᠬᠠᠷᠢᠯᠴᠠᠨ ᠵᠤᠷᠢᠭᠵᠢᠭᠤᠯᠬᠤ ᠠᠵᠢᠯ ᠤᠨ ᠲᠤᠭᠳᠠᠯᠴᠠᠭ᠎ᠠ ᠶᠢ ᠬᠦᠴᠦᠯᠡᠨ ᠪᠠᠶᠢᠭᠤᠯᠵᠤ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号