9 ᠰᠠᠷ᠎ᠠ ᠶᠢᠨ 2 ᠤᠨ ᠡᠳᠦᠷ᠂ ᠮᠠᠨ ᠤ ᠬᠤᠰᠢᠭᠤ 2019 ᠤᠨ ᠤ ᠪᠦᠬᠦ ᠬᠤᠰᠢᠭᠤᠨ ᠤ ᠠᠮᠢᠳᠠᠨ ᠤ | ᠨᠠᠮᠣᠷ ᠤᠨ ᠣᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠳᠠᠶᠢᠴᠢᠯᠠᠨ ᠪᠠᠶᠢᠷᠢᠯᠠᠭᠤᠯᠬᠤ | ᠬᠤᠷᠠᠯ ᠢ ᠬᠤᠷᠠᠯᠳᠤᠭᠤᠯᠪᠠ᠃ ᠬᠤᠰᠢᠭᠤ ᠮᠠᠯ ᠳᠠᠷᠢᠶᠠᠯᠠᠩ ᠠᠵᠣ ᠠᠬᠤᠢ ᠶᠢᠨ ᠳᠣᠪᠴᠢᠶ᠎ᠠ᠂ ᠠᠮᠢᠳᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠳᠦᠪ᠂ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠳᠠᠯᠪᠢᠬᠤ ᠭᠠᠵᠠᠷ ᠤᠨ | ᠬᠠᠷᠢᠭᠤᠴᠠᠯᠭᠠᠳᠠᠳ ᠵᠢᠴᠢ ᠡᠯ᠎ᠡ ᠰᠣᠮᠣ ᠪᠠᠯᠭᠠᠰᠣᠨ ᠤ ᠮᠠᠯ ᠳᠠᠷᠢᠶᠠᠯᠠᠩ ᠤᠨ ᠠᠵᠢᠯ ᠢ ᠬᠠᠮᠢᠶᠠᠷᠴᠦ ᠪᠠᠶᠢᠭ᠎ᠠ | ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠣᠨ ᠤ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠳᠠᠯᠪᠢᠬᠤ ᠭᠠᠵᠠᠷ | ᠤᠨ ᠠᠵᠢᠯᠳᠠᠳ᠂ ᠡᠯ᠎ᠡ ᠭᠠᠴᠠᠭ᠎ᠠ ᠳᠣᠰᠬᠤᠨ ᠤ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯᠳᠠᠳ ᠪᠠ ᠮᠠᠯ ᠤᠨ | ᠡᠮᠴᠢ ᠨᠡᠷ ᠬᠤᠷᠠᠯ ᠳᠤ ᠣᠷᠣᠯᠴᠠᠪᠠ᠃ | ᠬᠤᠷᠠᠯ ᠠᠴᠠ ᠱᠠᠭᠠᠷᠳᠠᠬᠤ ᠳᠠᠭᠠᠨ᠂ ᠠᠮᠢᠳᠠᠨ ᠤ ᠨᠠᠮᠣᠷ ᠤᠨ ᠣᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠠᠵᠢᠯ ᠢ ᠪᠦᠬᠦ ᠳᠠᠯ᠎ᠠ ᠪᠠᠷ ᠰᠠᠶᠢᠳᠣᠷ ᠬᠢᠵᠦ ᠰᠡᠷᠭᠡᠶᠢᠯᠡᠨ ᠡᠵᠡᠮᠳᠡᠬᠦ ᠦᠵᠡᠯ ᠣᠬᠠᠮᠰᠠᠷ ᠢᠶᠠᠨ | ᠳᠡᠭᠡᠭᠰᠢᠯᠡᠬᠦᠯᠵᠦ᠂ ᠠᠮᠢᠳᠠᠨ ᠤ ᠡᠷᠡᠬᠦᠯ ᠬᠠᠮᠠᠭᠠᠯᠠᠯ ᠳᠤ ᠬᠢᠨᠠᠯᠳᠠ ᠳᠠᠯᠪᠢᠬᠤ ᠠᠵᠢᠯ ᠢ ᠴᠢᠩᠭᠠᠳᠬᠠᠨ ᠭᠠᠳᠠᠨ᠎ᠠ | ᠣᠷᠣᠨ ᠠᠴᠠ ᠠᠮᠢᠳᠠᠨ ᠤ ᠬᠢᠵᠢᠭ ᠡᠪᠡᠳᠴᠢᠨ ᠬᠠᠯᠳᠠᠪᠣᠷᠢᠯᠠᠬᠤ ᠶᠢ ᠴᠢᠩᠭ᠎ᠠ ᠰᠡᠷᠭᠡᠶᠢᠯᠡᠵᠦ ᠳᠡᠵᠢᠬᠡᠨ ᠦᠷᠡᠵᠢᠬᠦᠯᠬᠦ | ᠦᠢᠯᠡᠰ᠂ ᠮᠠᠯ ᠳᠠᠷᠢᠶᠠᠯᠠᠩ ᠤᠨ ᠪᠦᠳᠦᠬᠡᠭᠳᠡᠬᠦᠨ ᠤ ᠶᠠᠰᠣ ᠴᠢᠨᠠᠷ᠂ ᠨᠡᠶᠢᠳᠡ ᠶᠢᠨ ᠡᠷᠡᠬᠦᠯ ᠬᠠᠮᠠᠭᠠᠯᠠᠯ ᠤᠨ | ᠠᠶᠣᠯᠬᠦᠢ ᠪᠠᠶᠢᠬᠤ ᠶᠢ ᠪᠠᠳᠤᠯᠠᠨ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠵᠦ᠂ ᠪᠣᠳᠠᠳᠣ | ᠠᠵᠢᠯ ᠤᠨ ᠦᠷ᠎ᠡ ᠪᠦᠲᠦᠮᠵᠢ ᠣᠯᠬᠤ ᠶᠢ ᠪᠠᠳᠣᠯᠠᠬᠤ ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ | ᠴᠢᠩᠭ᠎ᠠ ᠠᠳᠬᠤᠬᠤ ᠨᠢ ᠴᠢᠬᠤᠯᠠ ᠣᠯᠣᠰ ᠳᠦᠷᠦ ᠶᠢᠨ ᠡᠬᠦᠷᠭᠡ ᠮᠦᠨ᠃ ᠣᠳᠣᠬᠠᠨ ᠳᠤ ᠠᠹᠷᠢᠺᠡ ᠳᠢᠪ ᠤᠨ | ᠭᠠᠭ᠋ᠠᠢ ᠶᠢᠨ ᠬᠢᠵᠢᠭ ᠮᠡᠳᠦ ᠶᠢᠨ ᠠᠮᠢᠳᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠬᠡᠰᠡᠭ ᠬᠤᠭᠤᠴᠠᠭᠠᠨ ᠤ | ᠠᠮᠵᠢᠯᠳᠠ ᠣᠯᠣᠭᠰᠠᠨ ᠴᠣ᠋ ᠰᠡᠷᠭᠡᠶᠢᠯᠡᠨ ᠡᠵᠡᠮᠳᠡᠬᠦ ᠠᠵᠢᠯ ᠪᠠᠰᠠ ᠯᠠ ᠬᠦᠨᠳᠦ ᠪᠠᠶᠢᠭᠰᠠᠭᠠᠷ ᠶᠣᠮ᠃ ᠦᠪᠡᠷᠳᠡᠭᠡᠨ | ᠵᠠᠰᠠᠬᠤ ᠣᠷᠣᠨ᠂ ᠬᠤᠳᠠ ᠶᠢᠨ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠬᠤᠷᠠᠯ | ᠤᠨ ᠵᠣᠷᠢᠭ ᠰᠠᠨᠠᠭ᠎ᠠ ᠪᠠ ᠠᠵᠢᠯ ᠤᠨ ᠪᠠᠶᠢᠷᠢᠯᠠᠭᠤᠯᠣᠯᠳᠠ ᠶᠢ ᠡᠷᠡᠰ ᠳᠣᠭᠤᠰᠢᠯᠠᠭᠤᠯᠵᠣ ᠠᠷᠭ᠎ᠠ ᠪᠠᠷᠢᠯ ᠢᠶᠠᠨ | ᠰᠢᠨᠠᠳᠭᠡᠨ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠦ ᠬᠢᠵᠢᠭ ᠡᠪᠡᠳᠴᠢᠨ ᠬᠠᠯᠳᠠᠪᠣᠷᠢᠯᠠᠬᠤ ᠦᠬᠡᠢ ᠪᠠᠶᠢᠬᠤ ᠶᠢ | ᠪᠠᠳᠣᠯᠠᠨ ᠮᠠᠨ ᠤ ᠬᠤᠰᠢᠭᠤᠨ ᠤ ᠣᠯᠠᠨ ᠨᠡᠶᠢᠳᠡ ᠶᠢᠨ ᠡᠷᠡᠬᠦᠯ ᠬᠠᠮᠠᠭᠠᠯᠠᠯ᠂ ᠳᠡᠵᠢᠬᠡᠨ ᠦᠷᠡᠵᠢᠬᠦᠯᠬᠦ ᠦᠢᠯᠡᠰ ᠪᠠ | ᠮᠠᠯ ᠳᠠᠷᠢᠶᠠᠯᠠᠩ ᠤᠨ ᠪᠦᠳᠦᠭᠡᠭᠳᠡᠬᠦᠨ ᠤ ᠠᠶᠣᠯᠬᠦᠢ ᠶᠢ ᠪᠠᠳᠣᠯᠠᠵᠦ ᠮᠠᠯ ᠳᠠᠷᠢᠶᠠᠯᠠᠩ ᠤᠨ ᠦᠢᠯᠡᠰ ᠤᠨ ᠡᠷᠡᠬᠦᠯ ᠢᠶᠠᠷ | ᠬᠦᠭᠵᠢᠨ ᠨᠡᠩ ᠪᠠᠶᠠᠨ ᠴᠢᠨᠡᠬᠡᠯᠢᠭ ᠨᠣᠮᠢᠨ ᠳᠠᠩᠰᠤᠭ ᠦᠦᠰᠢᠨ ᠢ ᠪᠠᠶᠢᠭᠤᠯᠬᠤ ᠳᠤ ᠵᠣᠬᠢᠬᠤ ᠬᠤᠪᠢ ᠨᠡᠮᠡᠷᠢ ᠪᠠᠨ | ᠦᠵᠡᠬᠦᠯᠰᠦᠬᠡᠢ ᠬᠡᠪᠡ᠃ | ᠬᠤᠷᠠᠯ ᠤᠨ ᠳᠠᠷᠠᠭ᠎ᠠ ᠪᠦᠬᠦ ᠬᠤᠰᠢᠭᠤᠨ ᠤ ᠮᠠᠯ ᠤᠨ ᠡᠮᠴᠢ ᠶᠢᠨ ᠠᠵᠢᠯ ᠡᠷᠬᠢᠯᠡᠭᠴᠢᠳ ᠤᠨ ᠳᠣᠬᠠᠶᠢᠯᠠᠭᠰᠠᠨ | ᠠᠵᠢᠯ ᠮᠡᠷᠭᠡᠵᠢᠯ ᠤᠨ ᠮᠡᠳᠡᠯᠬᠡ ᠵᠢᠴᠢ ᠮᠠᠯ ᠤᠨ ᠡᠮᠴᠢ ᠶᠢᠨ ᠨᠡᠶᠢᠬᠡᠮᠴᠢᠯᠡᠭᠰᠡᠨ ᠦᠢᠯᠡᠴᠢᠯᠡᠭᠡ ᠶᠢᠨ ᠠᠬᠢᠭᠤᠯᠣᠯᠳᠠ | ᠶᠢᠨ ᠪᠣᠯᠪᠠᠰᠣᠷᠠᠯ ᠬᠢᠭᠰᠡᠨ ᠪᠠᠶᠢᠨ᠎ᠠ᠃ | |