ᠰᠢ ᠶᠢᠨ ᠫᠢᠩ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠦ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠬᠦᠯᠵᠦ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2019-09-06
    9 ᠰᠠᠷ᠎ᠠ ᠶᠢᠨ 3 ᠤ ᠡᠳᠦᠷ᠂ 2019 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 3 ᠤ ᠴᠠᠬᠢᠯᠭᠠᠨ ᠮᠡᠳᠡᠭᠡ 2019 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ 3 ᠤ ᠡᠳᠦᠷ ᠲᠦᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠤᠰᠤᠯᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠦ᠂ ᠦᠷᠭᠡᠨ ᠤᠯᠠᠨ ᠺᠠᠳ᠋ᠷ ᠢᠯᠠᠩᠭᠤᠶ᠎ᠠ ᠵᠠᠯᠠᠭᠤ ᠺᠠᠳ᠋ᠷᠴᠤᠳ ᠲᠦᠪ ᠴᠢᠩᠭ᠎ᠠ ᠦᠵᠡᠯ ᠰᠠᠨᠠᠭᠠᠨ ᠤ ᠲᠠᠪᠳᠠᠨ ᠪᠤᠯᠪᠠᠰᠤᠷᠠᠭᠤᠯᠤᠯᠳᠠ᠂ ᠤᠯᠤᠰ ᠲᠦᠷᠦ ᠶᠢᠨ ᠲᠠᠪᠳᠠᠨ ᠪᠤᠯᠪᠠᠰᠤᠷᠠᠭᠤᠯᠤᠯᠳᠠ᠂ ᠦᠢᠯᠡᠳᠦᠯᠭᠡ ᠶᠢᠨ ᠳᠠᠪᠳᠠᠨ ᠪᠤᠯᠪᠠᠰᠤᠷᠠᠭᠤᠯᠤᠯᠳᠠ ᠶᠢ ᠬᠦᠯᠢᠶᠡᠵᠤ᠂ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠬᠦᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠵᠠᠢ᠃      ᠰᠢ ᠶᠢᠨ ᠫᠢᠩ᠂ ᠮᠠᠷᠺᠰ ᠤᠨ ᠦᠵᠡᠯ ᠤᠨ ᠡᠬᠦᠰᠦᠭᠰᠡᠨ ᠪᠠ ᠬᠦᠭᠵᠢᠭᠰᠡᠨ᠂ ᠨᠡᠶᠢᠭᠡᠮ ᠵᠢᠷᠤᠮᠲᠦ ᠤᠯᠤᠰ ᠤᠨ ᠮᠡᠨᠳᠤᠯᠡᠭᠰᠡᠨ ᠪᠠ ᠬᠦᠭᠵᠢᠭᠰᠡᠨ ᠲᠡᠦᠭᠡᠨ ᠶᠠᠪᠤᠴᠠ ᠪᠡᠷᠭᠡ ᠬᠠᠳᠠᠭᠤᠵᠢᠯᠳᠠᠢ ᠲᠡᠮᠡᠴᠡᠯ ᠢᠶᠠᠷ ᠲᠦᠬᠦᠷᠦᠭᠰᠡᠨ ᠪᠠᠶᠢᠳᠠᠭ᠃ ᠳᠤᠮᠳᠠᠳᠤ ᠤᠯᠤᠰ ᠤᠨ ᠡᠪ ᠬᠠᠮᠳᠦ ᠨᠠᠮ ᠢ ᠪᠠᠶᠢᠭᠤᠯᠤᠭᠰᠠᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠭᠰᠠᠨ᠂ ᠦᠭᠡᠷᠡᠴᠢᠯᠡᠯᠳᠠ ᠨᠡᠭᠡᠭᠡᠯᠳᠠ ᠬᠢᠭᠰᠡᠨ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠤᠭᠰᠠᠨ ᠨᠢ ᠴᠦᠮ ᠲᠡᠮᠡᠴᠡᠯ ᠤᠨ ᠳᠤᠮᠳᠠ ᠮᠡᠨᠳᠤᠯᠡᠵᠦ᠂ ᠲᠡᠮᠡᠴᠡᠯ ᠤᠨ ᠳᠤᠮᠳᠠ ᠬᠦᠭᠵᠢᠵᠦ᠂ ᠳᠡᠮᠡᠴᠡᠯ ᠤᠨ ᠳᠤᠮᠳᠠ ᠪᠤᠵᠠᠭᠠᠶᠢᠷᠠᠭᠰᠠᠨ ᠶᠤᠮ᠃ ᠤᠳᠤᠬᠠᠨ ᠤ ᠳᠡᠯᠡᠭᠡᠢ ᠶᠢᠷᠳᠢᠨᠴᠦ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠳᠤ ᠲᠤᠯᠭᠠᠷᠠᠵᠤ ᠪᠤᠢ᠂ ᠮᠠᠨ ᠤ ᠨᠠᠮ ᠤᠨ ᠤᠳᠤᠷᠢᠳᠤᠬᠰᠠᠨ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠬᠦᠳᠦ ᠶᠠᠭ ᠢᠳᠠ ᠬᠦᠴᠦ ᠲᠠᠢ ᠶᠠᠪᠤᠭᠲᠠᠵᠤ᠂ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠪᠡᠷᠭᠡ ᠬᠠᠳᠠᠭᠤᠵᠢᠯᠳᠠᠢ ᠬᠦᠨᠳᠦ ᠨᠦᠰᠡᠷ ᠪᠠᠶᠢᠨ᠎ᠠ᠂ ᠪᠢᠳᠠ ᠬᠤᠪᠤᠷ ᠲᠤᠬᠢᠶᠠᠯᠳᠤᠬᠤ ᠲᠡᠦᠭᠡ ᠶᠢᠨ ᠠᠵᠠ ᠲᠤᠬᠢᠶᠠᠯ ᠳᠤ ᠤᠴᠠᠷᠠᠵᠦ ᠪᠠᠶᠢᠭ᠎ᠠ ᠪᠦᠭᠡᠳ ᠪᠠᠰᠠ ᠠᠯᠢ ᠤᠯᠠᠨ ᠬᠦᠨᠳᠦ ᠶᠡᠭᠡ ᠠᠶᠦᠯ ᠲᠦᠭᠰᠢᠬᠦᠷᠢ ᠶᠢᠨ ᠰᠢᠯᠭᠠᠯᠳᠠ ᠳᠤ ᠤᠴᠠᠷᠠᠵᠦ ᠪᠤᠢ᠃ ᠮᠠᠨ ᠤ ᠨᠠᠮ ᠤᠨ ᠲᠤᠭᠳᠠᠭᠠᠭᠰᠠᠨ ᠬᠠᠷᠠᠯᠳᠠ ᠡᠬᠦᠷᠭᠡ ᠶᠢ ᠠᠮᠵᠢᠯᠳᠠᠳᠠᠢ ᠪᠡᠶᠡᠯᠡᠬᠦᠯᠬᠦ ᠳᠤ ᠡᠷᠭᠡᠪᠰᠢ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠲᠡᠮᠡᠴᠡᠯ ᠤᠨ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠡᠶᠢᠮᠦ ᠬᠢᠯᠪᠠᠷᠬᠠᠨ ᠢᠶᠠᠷ᠂ ᠬᠤᠭᠤᠰᠤᠨ ᠤᠷᠢᠶ᠎ᠠ ᠬᠠᠰᠭᠢᠷᠤᠭᠠᠳ ᠯᠠ ᠪᠡᠶᠡᠯᠡᠭᠦᠯᠴᠢᠬᠡᠬᠦ ᠪᠢᠰᠢ ᠶᠤᠮ᠂ ᠠᠭᠤᠤ ᠶᠡᠭᠡ ᠬᠦᠰᠡᠯ ᠵᠡᠬᠦᠳᠤ ᠪᠠᠨ ᠳᠡᠷᠬᠡᠯᠰᠢᠬᠦᠯᠬᠦ ᠳᠤ ᠡᠷᠬᠡᠪᠰᠢ ᠠᠭᠤᠤ ᠶᠡᠭᠡ ᠳᠡᠮᠡᠴᠡᠯ ᠦᠷᠨᠢᠬᠦᠯᠬᠦ ᠬᠡᠷᠡᠭᠳᠡᠢ᠃ ᠤᠷᠤᠬᠰᠢᠯᠠᠨ ᠳᠠᠪᠰᠢᠬᠤ ᠵᠠᠮ ᠲᠡᠭᠡᠷ᠎ᠡ ᠪᠢᠳᠡᠨ ᠳᠤ ᠳᠤᠯᠭᠠᠷᠠᠬᠤ ᠠᠶᠤᠯ ᠳᠦᠭᠰᠢᠬᠦᠷᠢ ᠰᠢᠯᠭᠠᠯᠳᠠ ᠯᠠᠪᠳᠠᠢ ᠶᠠᠪᠤᠬᠤ ᠳᠤᠳᠤᠮ ᠡᠬᠡᠳᠡᠷᠡᠬᠡᠨ ᠪᠤᠳᠤᠯᠢᠶᠠᠨᠳᠠᠢ ᠪᠤᠯᠵᠥ᠂ ᠴᠢᠨᠠᠬᠰᠢᠯᠠᠨ ᠰᠡᠳᠬᠢᠵᠥ ᠳᠡᠶᠢᠯᠤᠰᠢ ᠦᠬᠡᠢ ᠳᠤᠬᠰᠢᠨ ᠳᠠᠪᠠᠯᠭᠠᠨ ᠰᠢᠷᠦᠬᠦᠨ ᠳᠤᠯᠬᠢᠶᠠᠨ ᠳᠤ ᠳᠤᠬᠢᠶᠠᠯᠳᠤᠵᠤ ᠮᠡᠲᠡᠨ᠎ᠡ᠃ ᠪᠢᠳᠡᠨ ᠳᠤ ᠳᠤᠯᠭᠠᠷᠠᠵᠥ ᠪᠠᠶᠢᠭ᠎ᠠ ᠡᠯ᠎ᠡ ᠵᠦᠢᠯ ᠤᠨ ᠳᠡᠮᠡᠴᠡᠯ ᠨᠢ ᠤᠬᠤᠷ ᠬᠤᠭᠤᠴᠠᠭᠠᠨ ᠤ ᠪᠢᠰᠢ ᠬᠠᠷᠢᠨ ᠤᠷᠳᠤ ᠬᠤᠭᠤᠴᠠᠭᠠᠨ ᠤ ᠬᠢ ᠶᠤᠮ᠂ ᠲᠠᠲᠠᠵᠤ ᠬᠡᠯᠡᠬᠦ ᠳᠤ ᠪᠢᠳᠡᠨ ᠤ ᠬᠤᠶᠠᠳᠤᠭᠠᠷ ᠵᠠᠭᠤᠨ ᠵᠢᠯ ᠤᠨ ᠬᠠᠷᠠᠯᠳᠠ ᠶᠢ ᠪᠡᠶᠡᠯᠡᠬᠦᠯᠬᠦ ᠪᠦᠬᠦ ᠶᠠᠪᠤᠴᠠ ᠳᠤ ᠳᠠᠭᠠᠯᠳᠤᠬᠤ ᠪᠤᠯᠤᠨ᠎ᠡ᠃ ᠡᠶᠢᠨ ᠬᠦ ᠪᠢᠲᠠ ᠡᠷᠬᠡᠪᠰᠢ ︽ᠳᠦᠷᠪᠡᠨ ᠤᠬᠠᠮᠰᠠᠷ︾ ᠢᠶᠠᠨ ᠴᠢᠩᠭᠠᠳᠬᠠᠵᠥ᠂ ︽ᠳᠦᠷᠪᠡᠨ ᠢᠳᠡᠬᠡᠯ︾ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠳᠡᠮᠡᠴᠡᠯ ᠤᠨ ᠡᠷᠴᠢ ᠵᠤᠷᠢᠭ ᠢᠶᠠᠨ ᠪᠠᠲᠤᠳᠬᠠᠵᠤ᠂ ᠬᠦᠨᠳᠤ ᠬᠡᠴᠡᠬᠦᠦ ᠪᠠᠶᠢᠳᠠᠯ ᠪᠤᠯᠤᠨ ᠳᠡᠮᠡᠴᠡᠯ ᠤᠨ ᠡᠬᠦᠷᠬᠡ ᠳᠤᠯᠭᠠᠷᠠᠵᠥ ᠢᠷᠡᠬᠦ ᠦᠶ᠎ᠡ ᠳᠤ᠂ ᠰᠢᠨᠳᠠᠰᠦ ᠡᠷᠴᠢᠯᠡᠨ ᠵᠤᠷᠢᠬᠳᠠᠢ ᠪᠠᠷ ᠳᠠᠭᠠᠷᠢᠯᠳᠠ ᠬᠢᠵᠥ᠂ ᠵᠤᠷᠢᠬᠲᠠᠢ ᠪᠠᠷ ᠪᠠᠶᠢᠯᠳᠤᠵᠤ ᠴᠢᠲᠠᠮᠠᠭᠠᠢ ᠪᠠᠷ ᠢᠯᠠᠯᠳᠠ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠡᠪ ᠬᠠᠮᠳᠤᠴᠤᠳ ᠤᠨ ᠳᠡᠮᠡᠴᠡᠯ ᠪᠤᠯ ᠴᠢᠭᠯᠡᠯ ᠲᠠᠢ᠂ ᠵᠤᠬᠰᠤᠯᠲᠠ ᠲᠠᠢ᠂ ᠵᠠᠷᠴᠢᠮ ᠲᠠᠢ ᠶᠤᠮ᠂ ᠶᠡᠭᠡ ᠴᠢᠭᠯᠡᠯ ᠪᠤᠯ ᠳᠠᠷᠤᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠬᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠬᠡᠢ ᠪᠠᠷᠢᠮᠳᠠᠯᠠᠬᠤ ᠶᠠᠪᠤᠳᠠᠯ ᠪᠤᠯᠤᠨ᠎ᠡ᠃ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠬᠡᠮ ᠵᠢᠷᠤᠮ ᠤᠨ ᠪᠠᠶᠢᠭᠤᠯᠤᠯ ᠳᠤ ᠬᠤᠤᠷ ᠬᠦᠨᠦᠬᠡᠯ ᠤᠴᠠᠷᠠᠭᠤᠯᠬᠤ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ᠂ ᠮᠠᠨ ᠤ ᠤᠯᠤᠰ ᠤᠨ ᠡᠷᠭᠡ ᠮᠡᠳᠡᠯ᠂ ᠠᠮᠤᠷ ᠳᠦᠪᠰᠢᠨ᠂ ᠬᠦᠭᠵᠢᠯᠳᠡ ᠶᠢᠨ ᠠᠰᠢᠬ ᠳᠤᠰᠠ ᠶᠢ ᠬᠦᠨᠦᠬᠡᠬᠦ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ᠂ ᠮᠠᠨ ᠤ ᠤᠯᠤᠰ ᠤᠨ ᠭᠤᠤᠯᠯᠠᠬᠤ ᠠᠰᠢᠬ ᠲᠤᠰᠠ ᠪᠠ ᠴᠢᠬᠤᠯᠠ ᠶᠡᠭᠡ ᠵᠠᠷᠴᠢᠮ ᠢ ᠬᠤᠬᠢᠷᠠᠭᠤᠯᠬᠤ ᠡᠯ᠎ᠠ ᠵᠦᠢᠯ ᠤᠨ ᠠᠶᠦᠯ ᠲᠦᠭᠰᠢᠬᠦᠷᠢ ᠦᠷᠢᠰᠦᠯᠳᠦᠭᠡᠨ᠂ ᠮᠠᠨ ᠤ ᠤᠯᠤᠰ ᠤᠨ ᠠᠷᠠᠳ ᠳᠦᠮᠡᠨ ᠤ ᠦᠨᠳᠦᠰᠦᠨ ᠠᠰᠢᠬ ᠳᠤᠰᠠ ᠶᠢ ᠬᠦᠨᠦᠬᠡᠬᠦ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ᠂ ᠮᠠᠨ ᠤ ᠤᠯᠤᠰ ᠤᠨ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠢ ᠬᠠᠷᠰᠢᠯᠡᠬᠤ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ ᠳᠤᠯᠭᠠᠷᠠᠪᠠᠯ᠂ ᠪᠢᠳᠡ ᠡᠷᠬᠡᠪᠰᠢ ᠡᠷᠡᠰ ᠰᠢᠭᠤᠷᠬᠠᠢ ᠪᠠᠷ ᠳᠡᠮᠡᠴᠡᠯ ᠬᠢᠬᠦ ᠪᠦᠬᠡᠳ ᠳᠡᠮᠡᠴᠡᠯ ᠤᠨ ᠢᠯᠡᠯᠳᠡ ᠶᠢ ᠵᠠᠪᠠᠯ ᠤᠯᠬᠤ ᠬᠡᠷᠡᠭᠳᠡᠢ᠃ ᠪᠢᠳᠡ ᠡᠷᠬᠡᠪᠰᠢ ᠳᠠᠷᠢᠬᠢ ᠳᠤᠯᠤᠭᠠᠢ ᠪᠠᠨ ᠤᠨᠴᠠ ᠰᠡᠷᠬᠡᠭ᠂ ᠵᠤᠬᠰᠤᠯᠲᠠ ᠪᠠᠨ ᠳᠦᠢᠯ ᠤᠨ ᠡᠷᠡᠰ ᠪᠠᠳᠤ ᠪᠠᠶᠢᠯᠭᠠᠵᠤ᠂ ᠵᠦᠪ ᠤᠨᠤᠪᠴᠢᠳᠠᠢ ᠳᠡᠮᠡᠴᠡᠯ ᠤᠨ ᠴᠢᠭᠯᠡᠯ ᠢ ᠪᠠᠳᠤ ᠡᠵᠡᠮᠳᠡᠵᠥ᠂ ᠡᠯ᠎ᠡ ᠵᠦᠢᠯ ᠤᠨ ᠴᠢᠬᠤᠯᠠ ᠶᠡᠭᠡ ᠳᠡᠮᠡᠴᠡᠯ ᠤᠨ ᠰᠢᠯᠭᠠᠯᠳᠠ ᠶᠢᠨ ᠡᠮᠤᠨ᠎ᠡ ︽ᠪᠠᠷᠠᠭᠠᠨ ᠡᠬᠦᠯᠡ ᠬᠠᠷᠠᠭ᠎ᠠ ᠬᠠᠯᠬᠠᠯᠠᠬᠤ ᠠᠴᠠ ᠦᠯᠦ ᠡᠮᠢᠶᠡᠬᠦ︾᠂ ︽ᠰᠠᠯᠬᠢ ᠬᠤᠶᠢᠯᠠᠷᠠᠨ ᠡᠭᠦᠯᠡ ᠡᠪᠬᠡᠷᠡᠪᠡᠴᠦ ᠦᠯᠦ ᠰᠦᠷᠳᠡᠬᠦ︾ ᠬᠡᠷᠡᠭᠳᠡᠢ ᠬᠡᠵᠥ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠡᠪ ᠬᠠᠮᠳᠤᠴᠤᠳ ᠤᠨ ᠳᠡᠮᠡᠴᠡᠯ ᠪᠤᠯ ᠶᠡᠷᠦ ᠠᠴᠠ ᠵᠦᠷᠢᠴᠡᠯ ᠲᠠᠢ ᠠᠰᠠᠭᠤᠳᠠᠯ᠂ ᠠᠶᠤᠯ ᠳᠦᠭᠰᠢᠬᠦᠷᠢ ᠦᠷᠢᠰᠦᠯᠳᠤᠬᠡᠨ ᠳᠤ ᠰᠢᠭᠤᠳ ᠬᠠᠨᠳᠤᠵᠦ ᠪᠠᠶᠢᠳᠠᠬ᠃ ᠤᠳᠤᠬᠠᠨ ᠪᠡ ᠬᠤᠶᠢᠰᠢᠳᠠ ᠶᠢᠨ ᠭᠡᠰᠡᠭ ᠬᠤᠭᠤᠴᠠᠭᠠᠨ ᠳᠤ᠂ ᠮᠠᠨ ᠤ ᠤᠯᠤᠰ ᠤᠨ ᠬᠦᠭᠵᠢᠯᠳᠡ ᠡᠯ᠎ᠠ ᠵᠦᠢᠯ ᠤᠨ ᠠᠶᠤᠯ ᠳᠦᠭᠰᠢᠬᠦᠷᠢ ᠪᠤᠯᠤᠨ ᠦᠷᠢᠰᠦᠯᠳᠦᠬᠡᠨ ᠳᠠᠰᠤᠷᠠᠯᠳᠠ ᠦᠬᠡᠢ ᠬᠤᠷᠠᠮᠳᠤᠬᠤ᠂ ᠴᠢᠨᠠᠬᠰᠢᠯᠠᠪᠠᠯ ᠳᠦᠪᠯᠡᠷᠡᠩᠬᠦᠢ ᠢᠯᠡᠷᠡᠬᠦ ᠴᠠᠬ ᠦᠶ᠎ᠠ ᠳᠤ ᠤᠷᠤᠵᠦ᠂ ᠴᠢᠬᠤᠯᠠ ᠶᠡᠭᠡ ᠳᠡᠮᠡᠴᠡᠯ ᠪᠠᠭ᠎ᠠ ᠪᠤᠰᠤ ᠳᠤᠯᠭᠠᠷᠠᠨ᠎ᠠ᠂ ᠠᠵᠤ ᠠᠬᠤᠢ᠂ ᠤᠯᠤᠰ ᠳᠦᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠤᠯᠤᠰ ᠤᠨ ᠪᠠᠳᠤᠯᠠᠨ ᠬᠠᠮᠠᠭᠠᠯᠠᠯᠳᠠ ᠬᠢᠬᠡᠳ ᠴᠡᠷᠢᠭ ᠠᠩᠬᠢ ᠶᠢᠨ ᠪᠠᠶᠢᠭᠤᠯᠤᠯᠳᠠ᠂ ᠰᠢᠶᠠᠩᠭᠠᠩ ᠤᠤᠮᠸᠠ ᠳᠠᠶᠢᠸᠠᠨ ᠤ ᠠᠵᠢᠯ᠂ ᠭᠠᠳᠠᠭᠠᠳᠤ ᠬᠠᠷᠢᠯᠴᠠᠭᠠᠨ ᠤ ᠠᠵᠢᠯ᠂ ᠨᠠᠮ ᠤᠨ ᠪᠠᠶᠢᠭᠤᠯᠤᠯᠳᠠ ᠵᠡᠷᠬᠡ ᠳᠠᠯ᠎ᠠ ᠪᠠᠷ ᠪᠦᠷ ᠳᠤᠯᠭᠠᠷᠠᠬᠤ ᠮᠦᠷᠳᠡᠬᠡᠨ ᠶᠠᠪᠤᠬᠤ ᠳᠤᠳᠤᠮ ᠨᠠᠷᠢᠨ ᠪᠤᠳᠤᠯᠢᠶᠠᠨᠳᠠᠢ ᠪᠤᠯᠤᠨ᠎ᠠ᠃ ᠤᠳᠤᠷᠢᠳᠬᠤ ᠺᠠᠳ᠋ᠷᠴᠤᠳ ᠡᠷᠬᠡᠪᠰᠢ ᠪᠠᠶᠢᠲᠠᠯ ᠤᠨ ᠬᠦᠭᠵᠢᠯᠲᠡ ᠬᠠᠨᠲᠤᠰᠢ ᠬᠢᠭᠡᠳ ᠲᠡᠭᠦᠨ ᠳᠤ ᠨᠢᠭᠤᠭᠲᠠᠵᠤ ᠪᠠᠶᠢᠭ᠎ᠠ ᠲᠠᠯᠲᠠ ᠠᠶᠤᠯ ᠲᠦᠭᠰᠢᠬᠦᠷᠢ ᠦᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠮᠠᠭᠠᠳᠯᠠᠵᠤ᠂ ᠠᠶᠤᠯ ᠳᠦᠭᠰᠢᠬᠦᠷᠢ ᠬᠠᠮᠢᠭ᠎ᠠ ᠤᠷᠤᠰᠢᠵᠦ ᠪᠠᠶᠢᠬᠤ᠂ ᠢᠯᠡᠷᠡᠵᠦ ᠪᠦᠬᠦᠢ ᠬᠡᠯᠪᠡᠷᠢ ᠨᠢ ᠶᠠᠮᠠᠷ ᠪᠤᠯᠬᠤ᠂ ᠬᠦᠭᠵᠢᠵᠦ ᠪᠠᠶᠢᠭ᠎ᠠ ᠬᠠᠨᠳᠤᠰᠢ ᠨᠢ ᠶᠠᠮᠠᠷ ᠰᠢᠤᠬᠠᠨ ᠪᠠᠶᠢᠬᠤ ᠶᠢ ᠤᠶᠢᠢᠯᠠᠭᠠᠨ ᠮᠡᠳᠡᠵᠦ᠂ ᠳᠡᠮᠡᠴᠡᠯ ᠬᠢᠬᠦ ᠴᠢᠬᠤᠯᠠ ᠲᠠᠢ ᠪᠠᠶᠢᠪᠠᠰᠤ ᠡᠷᠬᠡᠪᠰᠢ ᠳᠡᠮᠡᠴᠡᠯ ᠬᠢᠬᠦ ᠬᠡᠷᠡᠭᠳᠡᠢ ᠬᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠡᠮᠡᠴᠡᠯ ᠬᠢᠬᠦ ᠪᠤᠯ ᠨᠢᠬᠡᠨ ᠵᠦᠢᠯ ᠤᠨ ᠤᠷᠠᠯᠢᠭ ᠪᠤᠯᠬᠤ ᠤᠴᠢᠷ ᠠᠴᠠ ᠡᠷᠬᠡᠪᠰᠢ ᠳᠡᠮᠡᠴᠡᠯ ᠬᠢᠬᠦ ᠳᠡᠭᠡᠨ ᠴᠢᠳᠠᠮᠠᠭᠠᠢ ᠪᠠᠶᠢᠬᠤ ᠬᠡᠷᠡᠭᠳᠡᠢ᠃ ᠡᠯ᠎ᠠ ᠵᠦᠢᠯ ᠤᠨ ᠴᠢᠬᠤᠯᠠ ᠶᠡᠭᠡ ᠳᠡᠮᠡᠴᠡᠯ ᠳᠤ᠂ ᠪᠢᠳᠠ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠬᠤ ᠪᠠ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠪᠠᠳᠤᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠦ᠂ ᠪᠠᠶᠢᠯᠳᠤᠬᠤ ᠪᠤᠳᠤᠯᠭ᠎ᠠ ᠶᠢᠨ ᠮᠠᠭᠠᠳᠯᠠᠯᠳᠠ ᠪᠤᠯᠤᠨ ᠪᠠᠶᠢᠯᠳᠤᠬᠤ ᠠᠷᠭ᠎ᠠ ᠶᠢᠨ ᠡᠷᠡᠰ ᠳᠠᠰᠤ ᠪᠠᠶᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠦ᠂ ᠳᠡᠮᠡᠴᠡᠯ ᠤᠨ ᠶᠠᠪᠤᠴᠠ ᠪᠤᠯᠤᠨ ᠳᠡᠮᠡᠴᠡᠯ ᠤᠨ ᠪᠤᠳᠠᠳᠤ ᠦᠷ᠎ᠠ ᠪᠦᠳᠦᠮᠵᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠬᠤ ᠬᠡᠷᠡᠭᠳᠡᠢ᠃ ᠤᠳᠤᠷᠢᠳᠬᠤ ᠺᠠᠳ᠋ᠷᠴᠤᠳ ᠡᠷᠬᠡᠪᠰᠢ ᠠᠵᠢᠯ ᠤᠨ ᠬᠠᠷᠢᠭᠤᠴᠠᠯᠭ᠎ᠠ ᠪᠠᠨ ᠰᠠᠬᠢᠵᠦ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠳᠠᠭᠤᠳᠠᠪᠠᠰᠤ ᠢᠷᠡᠵᠦ᠂ ᠢᠷᠡᠪᠡᠰᠦ ᠪᠠᠶᠢᠯᠳᠤᠵᠦ᠂ ᠪᠠᠶᠢᠯᠳᠤᠪᠠᠰᠤ ᠢᠯᠠᠬᠤ ᠬᠡᠷᠡᠭᠳᠡᠢ ᠬᠡᠵᠦ ᠴᠢᠬᠤᠯᠠᠴᠢᠯᠠᠪᠠ᠃      ᠰᠢ ᠶᠢᠨ ᠫᠢᠩ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠠᠷᠭ᠎ᠠ ᠶᠢ ᠴᠢᠬᠤᠯᠠᠴᠢᠯᠠᠨ ᠦᠵᠡᠵᠦ᠂ ᠳᠠᠮᠡᠴᠡᠯ ᠬᠢᠬᠦ ᠤᠷᠠᠯᠢᠭ ᠢ ᠡᠷᠬᠢᠮᠯᠡᠬᠦ ᠬᠡᠷᠡᠭᠳᠡᠢ᠃ ᠭᠤᠤᠯ ᠵᠦᠷᠢᠴᠡᠯ ᠢ ᠠᠳᠬᠤᠵᠦ᠂ ᠵᠦᠷᠢᠴᠡᠯ ᠤᠨ ᠭᠤᠤᠯ ᠳᠠᠯ᠎ᠠ ᠶᠢ ᠠᠳᠬᠤᠵᠦ᠂ ᠶᠤᠰᠤ ᠲᠠᠢ ᠠᠰᠢᠬ ᠲᠠᠢ ᠬᠡᠮᠵᠢᠶ᠎ᠠ ᠲᠠᠢ ᠪᠠᠶᠢᠬᠤ ᠶᠢ ᠪᠠᠷᠢᠮᠳᠠᠯᠠᠵᠦ᠂ ᠵᠦᠢ ᠵᠤᠬᠢᠰᠳᠠᠢ ᠪᠠᠷ ᠳᠡᠮᠡᠴᠡᠯ ᠬᠢᠬᠦ ᠠᠷᠭ᠎ᠠ ᠬᠡᠯᠪᠡᠷᠢ ᠶᠢ ᠰᠤᠩᠭᠤᠵᠦ᠂ ᠳᠡᠮᠡᠴᠡᠯ ᠬᠢᠬᠦ ᠢᠳᠡ ᠬᠦᠭ ᠢ ᠡᠵᠡᠮᠰᠢᠵᠦ᠂ ᠵᠠᠷᠴᠢᠮ ᠤᠨ ᠠᠰᠠᠭᠤᠳᠠᠯ ᠲᠡᠭᠡᠷ᠎ᠡ ᠦᠴᠦᠬᠡᠨ ᠴᠤ ᠨᠠᠶᠢᠷ ᠳᠠᠯᠪᠢᠬᠤ ᠦᠬᠡᠢ ᠪᠠᠶᠢᠵᠦ᠂ ᠠᠷᠭ᠎ᠠ ᠪᠤᠳᠤᠯᠭ᠎ᠠ ᠶᠢᠨ ᠠᠰᠠᠭᠤᠳᠠᠯ ᠲᠡᠭᠡᠷ᠎ᠡ ᠠᠮᠢᠳᠤᠯᠢᠬ ᠪᠠᠶᠢᠬᠤ ᠬᠡᠷᠡᠭᠳᠡᠢ᠃ ᠪᠠᠶᠢᠳᠠᠯ ᠭᠡᠷᠡᠭᠴᠡᠭᠡ ᠶᠢ ᠦᠨᠳᠤᠰᠤᠯᠠᠵᠤ᠂ ᠲᠤᠬᠢᠷᠠᠮᠵᠢᠳᠠᠢ ᠴᠠᠬ᠂ ᠲᠤᠬᠢᠷᠠᠮᠵᠢᠳᠠᠢ ᠬᠡᠮᠵᠢᠶ᠎ᠠ᠂ ᠪᠦᠲᠦᠮᠵᠢᠲᠡᠢ ᠪᠠᠶᠢᠯᠭᠠᠬᠤ ᠶᠢ ᠡᠵᠡᠮᠳᠠᠵᠤ᠂ ᠲᠡᠮᠡᠴᠡᠯ ᠤᠨ ᠠᠷᠭ᠎ᠠ ᠪᠤᠳᠤᠯᠭ᠎ᠠ ᠳᠤ ᠴᠠᠬ ᠲᠤᠬᠠᠢ ᠳᠤᠨᠢ ᠲᠤᠬᠢᠷᠠᠭᠤᠯᠤᠯᠳᠠ ᠬᠢᠬᠦ ᠭᠡᠷᠡᠭᠳᠠᠢ᠃ ᠪᠦᠯᠬᠦᠮᠳᠡᠵᠤ ᠪᠤᠯᠬᠤ ᠬᠦᠴᠤᠨ ᠪᠦᠬᠦᠨ ᠲᠠᠢ ᠪᠦᠯᠬᠦᠮᠳᠠᠵᠤ᠂ ᠠᠯᠢᠪᠠ ᠢᠳᠡᠪᠬᠢ ᠬᠦᠴᠤᠨ ᠵᠦᠢᠯ ᠢ ᠲᠠᠶᠢᠴᠢᠯᠠᠵᠤ᠂ ᠲᠠᠮᠡᠴᠠᠯ ᠤᠨ ᠲᠤᠮᠳᠠ ᠪᠦᠯᠬᠦᠮᠳᠡᠯ ᠢ ᠴᠢᠷᠮᠠᠶᠢᠨ ᠪᠡᠶᠡᠯᠡᠬᠦᠯᠵᠤ᠂ ᠲᠡᠮᠡᠴᠡᠯ ᠤᠨ ᠲᠤᠮᠳᠠ ᠬᠠᠮᠳᠤᠷᠠᠯᠴᠠᠭ᠎ᠠ ᠶᠢ ᠡᠷᠢᠯᠬᠢᠯᠠᠵᠤ᠂ ᠲᠡᠮᠡᠴᠡᠯ ᠤᠨ ᠲᠤᠮᠳᠠ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠲᠡᠮᠡᠴᠡᠯ ᠤᠨ ᠵᠤᠷᠢᠬ ᠰᠠᠨᠠᠭ᠎ᠠ᠂ ᠲᠡᠮᠡᠴᠡᠯ ᠤᠨ ᠴᠢᠳᠠᠪᠤᠷᠢ ᠭᠡᠵᠤ ᠲᠦᠷᠤᠯᠬᠢ ᠶᠢᠨ ᠪᠠᠶᠢᠲᠠᠭ ᠪᠢᠰᠢ ᠶᠤᠮ᠃ ᠤᠳᠤᠷᠢᠳᠬᠤ ᠺᠠᠳ᠋ᠷ ᠲᠦᠪ ᠴᠢᠩᠭ᠎ᠠ ᠦᠵᠡᠯ ᠰᠠᠨᠠᠭᠠᠨ ᠤ ᠲᠠᠪᠳᠠᠨ ᠪᠤᠯᠪᠠᠰᠤᠷᠠᠭᠤᠯᠤᠯᠳᠠ᠂ ᠤᠯᠤᠰ ᠲᠦᠷᠤ ᠶᠢᠨ ᠲᠠᠪᠳᠠᠨ ᠪᠤᠯᠪᠠᠰᠤᠷᠠᠭᠤᠯᠤᠯᠳᠠ᠂ ᠤᠶᠢᠯᠡᠳᠤᠯᠬᠡ ᠶᠢᠨ ᠲᠠᠪᠳᠠᠨ ᠪᠤᠯᠪᠠᠰᠤᠷᠠᠭᠤᠯᠤᠯᠳᠠ ᠶᠢ ᠦᠩᠭᠡᠷᠡᠬᠦᠯᠵᠦ᠂ ᠨᠠᠷᠢᠨ ᠪᠤᠳᠤᠯᠢᠶᠠᠨᠳᠠᠢ ᠲᠡᠮᠡᠴᠡᠯ ᠤᠨ ᠲᠤᠮᠳᠠ ᠰᠠᠯᠬᠢ ᠪᠤᠷᠤᠭᠠᠨ ᠢ ᠲᠤᠭᠤᠯᠵᠤ᠂ ᠤᠴᠢᠷ ᠶᠠᠪᠤᠳᠠᠯ ᠢ ᠦᠩᠬᠡᠷᠡᠬᠡᠵᠤ᠂ ᠰᠢᠨᠲᠠᠰᠦ ᠵᠤᠷᠢᠭ ᠢᠶᠠᠨ ᠬᠠᠳᠠᠭᠤᠵᠢᠭᠤᠯᠵᠤ᠂ ᠰᠢᠷᠤᠬᠦᠨ ᠭᠠᠯ ᠳᠤ ᠰᠢᠵᠢᠷ ᠠᠯᠳᠠ ᠪᠤᠯᠵᠤ ᠬᠢᠯᠠᠷᠠᠬᠤ ᠭᠡᠷᠡᠭᠳᠠᠢ᠃ ᠨᠠᠮ ᠤᠨ ᠰᠢᠨ᠎ᠠ ᠶᠢ ᠡᠬᠦᠳᠬᠦ ᠤᠨᠤᠯ ᠢ ᠰᠠᠶᠢᠳᠤᠷ ᠤᠶᠢᠯᠠᠭᠠᠨ ᠲᠤᠭᠤᠷᠠᠳᠠᠯ᠎ᠠ ᠮᠡᠳᠡᠨ ᠪᠤᠳᠠᠳᠠᠢ ᠬᠢᠵᠦ᠂ ᠮᠠᠷᠺᠰ ᠤᠨ ᠦᠵᠡᠯ ᠤᠨ ᠵᠤᠬᠰᠤᠯᠳᠠ ᠦᠵᠡᠯᠳᠠ ᠠᠷᠭ᠎ᠠ ᠶᠢ ᠡᠵᠡᠮᠳᠠᠵᠤ᠂ ᠵᠤᠷᠢᠬᠳᠠᠢ ᠲᠡᠮᠡᠴᠡᠬᠦ᠂ ᠴᠢᠳᠠᠮᠠᠭᠠᠢ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠳᠤᠳᠬᠠᠵᠤ᠂ ᠤᠨᠤᠯ ᠤᠨ ᠲᠠᠯ᠎ᠠ ᠪᠠᠷ ᠲᠡᠷᠢᠬᠢ ᠲᠤᠯᠤᠭᠠᠢ ᠰᠡᠷᠭᠡᠭ ᠪᠠᠶᠢᠪᠠᠯ ᠰᠠᠶ᠋ᠢ ᠤᠯᠤᠰ ᠲᠦᠷᠤ ᠶᠢᠨ ᠲᠠᠯ᠎ᠠ ᠪᠠᠷ ᠡᠷᠡᠰ ᠪᠠᠳᠤ ᠪᠠᠶᠢᠵᠤ᠂ ᠲᠡᠮᠡᠴᠡᠯ ᠬᠢᠪᠠᠯ ᠰᠠᠶ᠋ᠢ ᠵᠤᠷᠢᠬᠳᠠᠢ ᠬᠦᠴᠤᠨ ᠲᠠᠢ ᠪᠠᠶᠢᠵᠤ ᠴᠢᠳᠠᠨ᠎ᠠ᠃ ᠴᠢᠬᠤᠯᠠ ᠶᠡᠭᠡ ᠲᠡᠮᠡᠴᠡᠯ ᠤᠨ ᠲᠤᠮᠳᠠ ᠬᠠᠳᠠᠭᠤᠵᠢᠨ ᠪᠤᠯᠪᠠᠰᠤᠷᠠᠬᠤ ᠶᠢ ᠪᠠᠷᠢᠮᠳᠠᠯᠠᠵᠤ᠂ ᠬᠦᠴᠢᠷᠳᠠᠯ ᠬᠡᠳᠦᠢ ᠶᠡᠭᠡ᠂ ᠵᠦᠷᠢᠴᠠᠯ ᠬᠡᠳᠦᠢ ᠤᠯᠠᠨ᠂ ᠪᠠᠶᠢᠳᠠᠯ ᠬᠡᠳᠦᠢ ᠬᠡᠴᠡᠬᠦᠤ᠂ ᠪᠠᠶᠢᠳᠠᠯ ᠬᠡᠳᠦᠢ ᠪᠤᠳᠤᠯᠢᠶᠠᠨᠳᠠᠢ ᠪᠤᠯᠬᠤ ᠦᠶ᠎ᠠ ᠳᠤ᠂ ᠤᠯᠠᠮ ᠰᠦᠰᠤ ᠵᠤᠷᠢᠬ ᠢᠶᠠᠨ ᠲᠠᠪᠳᠠᠨ ᠪᠤᠯᠪᠠᠰᠤᠷᠠᠭᠤᠯᠵᠤ᠂ ᠡᠷᠴᠢ ᠵᠤᠷᠢᠬ ᠢᠶᠠᠨ ᠬᠠᠳᠠᠭᠤᠵᠢᠭᠤᠯᠪᠠᠯ ᠰᠠᠶᠢ ᠴᠢᠳᠠᠪᠤᠷᠢ ᠪᠠᠨ ᠲᠡᠭᠡᠭᠰᠢᠯᠡᠬᠦᠯᠵᠤ ᠴᠢᠳᠠᠨ᠎ᠠ᠃ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠡᠯ᠎ᠠ ᠵᠦᠢᠯ ᠤᠨ ᠲᠡᠮᠡᠴᠡᠯ ᠳᠤ ᠭᠠᠪᠰᠢᠭᠠᠶᠢᠯᠠᠵᠤ᠂ ᠵᠦᠪ ᠪᠤᠷᠤᠭᠤ ᠶᠠᠪᠤᠳᠠᠯ ᠤᠨ ᠡᠮᠤᠨ᠎ᠠ ᠬᠤᠷᠴᠠ ᠰᠡᠯᠡᠮ᠎ᠡ ᠭᠠᠷᠭᠠᠵᠤ᠂ ᠵᠦᠷᠢᠴᠠᠯ ᠮᠦᠷᠬᠦᠯᠳᠤᠬᠡᠨ ᠤ ᠡᠮᠤᠨ᠎ᠠ ᠵᠤᠷᠢᠬᠳᠠᠢ ᠪᠠᠷ ᠬᠦᠴᠢᠷ ᠢ ᠰᠦᠷᠤᠨ ᠤᠷᠤᠬᠰᠢᠯᠠᠵᠤ᠂ ᠬᠢᠮᠤᠷᠠᠯ ᠬᠦᠴᠢᠷᠳᠠᠯ ᠤᠨ ᠡᠮᠤᠨ᠎ᠠ ᠴᠡᠬᠡᠵᠢ ᠲᠦᠷᠤᠨ ᠤᠷᠤᠵᠤ᠂ ᠭᠠᠵᠢᠭᠤ ᠰᠤᠷᠳᠠᠯ ᠤᠨ ᠡᠮᠤᠨ᠎ᠠ ᠵᠤᠷᠢᠬᠳᠠᠢ ᠪᠠᠷ ᠲᠡᠮᠡᠴᠡᠯ ᠬᠢᠬᠦ ᠭᠡᠷᠡᠭᠳᠠᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠨᠡᠶᠢᠬᠡᠮ ᠵᠦᠷᠢᠴᠠᠯ ᠤᠨ ᠲᠤᠮᠳᠠ ᠤᠷᠤᠬᠰᠢᠯᠠᠵᠤ ᠪᠤᠢ᠂ ᠵᠦᠷᠢᠴᠠᠯ ᠪᠠᠶᠢᠪᠠᠯ ᠳᠠᠷᠤᠢ ᠲᠡᠮᠡᠴᠠᠯ ᠪᠠᠶᠢᠨ᠎ᠠ᠃ ᠤᠳᠤᠷᠢᠳᠬᠤ ᠺᠠᠳ᠋ᠷ ᠶᠠᠮᠠᠷ ᠠᠵᠢᠯ ᠤᠨ ᠪᠠᠶᠢᠷᠢᠨ ᠳᠤ ᠪᠠᠶᠢᠬᠰᠠᠨ ᠴᠤ ᠬᠠᠮᠢᠶ᠎ᠠ ᠦᠬᠡᠢ᠂ ᠶᠠᠮᠠᠷ ᠡᠬᠦᠷᠬᠡ ᠲᠤᠰᠢᠶᠠᠯ ᠬᠠᠷᠢᠭᠤᠴᠠᠵᠤ ᠪᠠᠶᠢᠬᠰᠠᠨ ᠴᠤ ᠬᠠᠮᠢᠶ᠎ᠠ ᠦᠬᠡᠢ᠂ ᠴᠦᠮ ᠵᠤᠷᠢᠬᠳᠠᠢ ᠡᠬᠦᠷᠬᠡᠯᠠᠵᠤ᠂ ᠵᠤᠷᠢᠬᠳᠠᠢ ᠪᠠᠷ ᠪᠤᠭᠤᠮᠳᠠ ᠰᠢᠪᠳᠤᠯᠤᠨ ᠬᠦᠴᠢᠷ ᠢ ᠲᠤᠭᠤᠯᠵᠤ᠂ ᠵᠢᠯᠤᠭᠤᠳᠤᠬᠴᠢ ᠪᠤᠯᠬᠤ ᠪᠠᠷ ᠪᠠᠷᠠᠬᠤ ᠦᠬᠡᠢ ᠪᠠᠰᠠ ᠪᠠᠶᠢᠯᠳᠤᠬᠴᠢ ᠪᠤᠯᠵᠤ᠂ ᠴᠦᠬᠦᠷᠡᠰᠢ ᠦᠬᠡᠢ ᠲᠡᠮᠡᠴᠡᠬᠦ ᠵᠤᠷᠢᠬ ᠰᠠᠨᠠᠭ᠎ᠠ᠂ ᠨᠤᠭᠤᠷᠠᠰᠢ ᠦᠬᠡᠢ ᠲᠡᠮᠡᠴᠡᠬᠦ ᠡᠷᠴᠢ ᠵᠤᠷᠢᠬ᠂ ᠴᠠᠭᠠᠷᠠᠬᠰᠠᠨ ᠲᠡᠮᠡᠴᠡᠯ ᠤᠨ ᠴᠢᠳᠠᠪᠤᠷᠢ ᠶᠢ ᠬᠦᠮᠤᠵᠢᠬᠦᠯᠵᠤ ᠪᠠᠷᠢᠮᠳᠠᠯᠠᠬᠤ ᠭᠡᠷᠡᠭᠳᠠᠢ᠃ ᠪᠢᠳᠡᠨ ᠤ ᠠᠵᠢᠯ ᠤᠨ ᠳᠤᠮᠳᠠ ᠲᠤᠬᠢᠶᠠᠯᠳᠤᠬᠤ ᠲᠡᠮᠡᠴᠡᠯ ᠪᠤᠯ ᠤᠯᠠᠨ ᠲᠠᠯ᠎ᠠ ᠶᠢᠨ ᠶᠤᠮ᠂ ᠦᠭᠡᠷᠡᠴᠢᠯᠡᠯᠲᠡ ᠬᠦᠭᠵᠢᠯᠲᠡ ᠲᠤᠬᠲᠠᠭᠤᠨ᠂ ᠳᠤᠲᠤᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠲᠦᠷᠦ ᠶᠢ ᠵᠠᠰᠠᠬᠤ ᠴᠡᠷᠢᠭ ᠢ ᠵᠠᠰᠠᠬᠤ ᠳᠤ ᠪᠦᠷ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠱᠠᠭᠠᠷᠲᠠᠨ᠎ᠠ᠃ ᠪᠦᠬᠦ ᠲᠠᠯ ᠎ᠠ ᠪᠠᠷ ᠨᠠᠮ ᠢ ᠴᠢᠩᠭ᠎ᠠ ᠵᠠᠰᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠲᠠᠯᠠᠬᠤ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ᠮᠦᠡᠭᠭᠦᠨ ᠭᠦᠢᠯᠭᠡᠭᠡᠨ ᠤ ᠬᠦᠷᠢᠶᠡᠨ ᠳᠠᠬᠢ ᠭᠡᠮ ᠰᠤᠭᠤᠭ ᠢ ᠠᠷᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠶᠠᠳᠠᠭᠤ ᠠᠴᠠ ᠠᠩᠭᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠠᠮᠢ ᠠᠬᠤᠢ ᠤᠷᠴᠢᠨ ᠲᠤᠭᠤᠷᠢᠨ ᠢ ᠵᠠᠰᠠᠬᠤ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠭᠠᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢ ᠵᠠᠰᠠᠬᠤ᠂ ᠪᠦᠯᠬᠦᠮ ᠪᠦᠯᠦᠭᠴᠢᠯᠡᠭᠰᠡᠡ ᠴᠢᠨᠠᠷᠲᠠᠢ ᠬᠡᠷᠡᠭ ᠢ ᠰᠢᠢᠳᠪᠦᠷᠢᠯᠡᠬᠦ᠂ ᠬᠠᠷ᠎ᠠ ᠪᠦᠯᠦᠭᠲᠡᠨ ᠬᠠᠷᠬᠢᠰ ᠬᠦᠴᠦᠨ ᠳᠤ ᠴᠤᠬᠢᠯᠲᠠ ᠦᠭᠬᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠳᠤ ᠪᠦᠷ ᠵᠤᠷᠢᠬᠲᠠᠢ ᠪᠠᠷ ᠲᠡᠮᠡᠴᠡᠯ ᠬᠢᠵᠦ᠂ ᠴᠢᠳᠠᠮᠠᠭᠠᠢ ᠪᠠᠷ ᠲᠡᠮᠡᠴᠡᠯ ᠬᠢᠬᠦ ᠬᠡᠷᠡᠭᠲᠡᠢ᠃ ᠤᠳᠤᠷᠢᠳᠬᠤ ᠺᠠᠳ᠋ᠷ ᠵᠤᠷᠢᠬᠲᠠᠢ ᠪᠠᠷ ᠲᠡᠮᠡᠴᠡᠯ ᠬᠢᠵᠦ᠂ ᠴᠢᠳᠠᠮᠠᠭᠠᠢ ᠪᠠᠷ ᠲᠡᠮᠡᠴᠡᠯ ᠬᠢᠬᠦ ᠪᠠᠶᠢᠯᠳᠤᠬᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠧᠨ ᠰᠢ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠃ ᠲᠡᠷᠡ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠦᠨᠳᠦᠰᠦᠨ ᠡᠭᠦᠷᠭᠡ ᠪᠤᠯᠭᠠᠵᠤ᠂ ᠪᠦᠬᠦ ᠠᠵᠢᠯ ᠤᠨ ᠢᠶᠠᠨ ᠭᠤᠤᠯ ᠰᠡᠳᠦᠪ ᠭᠤᠤᠯ ᠱᠤᠭᠤᠮ ᠪᠤᠯᠭᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠪᠠᠷ ᠰᠤᠷᠤᠯᠴᠠᠵᠤ᠂ ᠴᠠᠭ ᠲᠤᠬᠠᠢ ᠳᠤᠨᠢ ᠲᠠᠭᠠᠨ ᠰᠤᠷᠤᠯᠴᠠᠵᠤ᠂ ᠪᠤᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠪᠠᠲᠤ ᠢᠲᠡᠭᠡᠵᠦ ᠯᠠᠪᠳᠠᠭᠤᠨ ᠪᠠᠲᠤᠲᠠᠢ ᠰᠤᠷᠤᠯᠴᠠᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠯ ᠲᠠᠢ ᠤᠯᠤᠰ ᠲᠦᠷᠦ ᠶᠢᠨ ᠬᠡᠪ ᠴᠢᠨᠠᠷ ᠢ ᠪᠤᠯᠪᠠᠰᠤᠷᠠᠭᠤᠯᠵᠤ᠂ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠪᠠᠨ ᠲᠤᠬᠠᠶᠢᠯᠠᠬᠰᠠᠨ ᠠᠵᠢᠯ ᠤᠨ ᠪᠠᠶᠢᠷᠢ ᠪᠠ ᠦᠭᠡ ᠶᠠᠷᠢᠶ᠎ᠠ ᠦᠢᠯᠡ ᠠᠵᠢᠯᠯᠠᠭ᠎ᠠ ᠪᠦᠷᠢ ᠳᠡᠭᠡᠨ ᠨᠠᠶᠢᠳᠠᠪᠤᠷᠢᠵᠢᠭᠤᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠭᠠᠷᠭᠠᠪᠠᠰᠤ ᠵᠤᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠢᠯᠡᠳᠭᠡᠪᠡ᠃      ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠪᠠ᠃      2019 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠬᠢ ᠶᠢᠨ ᠰᠤᠷᠤᠯᠭᠠᠲᠠᠳ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠵᠤ᠂ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠢᠴᠢᠶᠡᠯ ᠡᠬᠢᠯᠡᠬᠦ ᠶᠤᠰᠤᠯᠠᠯ ᠳᠤ ᠰᠤᠯᠠ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号