ᠬᠤᠷᠢᠨ ᠨᠢᠬᠡᠳᠣᠭᠡᠷ ᠬᠤᠭᠤᠴᠠᠭᠠᠨ ᠤ ︽ᠣᠯᠠᠨ ᠬᠤᠷᠠᠬᠤ︾ ᠣᠳᠬ᠎ᠠ ᠣᠷᠠᠯᠢᠭ ᠤᠨ ᠴᠢᠭᠤᠯᠭᠠᠨ ᠵᠢᠴᠢ 2019 ᠣᠨ ᠤ ᠭᠠᠯᠠᠭᠤᠳᠣ ᠪᠠᠯᠭᠠᠰᠣᠨ ᠤ ᠨᠠᠭᠠᠳᠣᠮ ᠤᠨ ᠬᠤᠷᠠᠯ ᠪᠣᠵᠠᠢ ᠭᠠᠴᠠᠭᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-09-06
     9 ᠰᠠᠷ᠎ᠠ ᠶᠢᠨ 3 ᠤ ᠡᠳᠣᠷ ᠠᠴᠠ 4 ᠤ ᠡᠳᠣᠷ ᠪᠣᠯᠳᠠᠯ᠎ᠠ᠂ ᠪᠦᠬᠦᠳᠡ ᠨᠠᠶᠢᠷᠠᠮᠳᠠᠬᠤ ᠳᠣᠮᠳᠠᠳᠣ ᠠᠷᠡᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠠᠶᠠᠷᠯᠡᠨ ᠪᠡᠯᠬᠡᠯᠡᠬᠦ ᠮᠠᠨ ᠤ ᠬᠤᠰᠢᠭᠤᠨ ᠤ ᠬᠤᠷᠢᠨ ᠨᠢᠭᠡᠳᠣᠭᠡᠷ ᠬᠤᠭᠤᠴᠠᠭᠠᠨ ᠤ ︽ᠣᠯᠠᠨ ᠬᠤᠷᠠᠬᠤ︾ ᠣᠳᠬ᠎ᠠ ᠣᠷᠠᠯᠢᠭ ᠤᠨ ᠴᠢᠭᠤᠯᠭᠠᠨ ᠵᠢᠴᠢ 2019 ᠣᠨ ᠤ ᠭᠠᠯᠠᠭᠤᠳᠣ ᠪᠠᠯᠭᠠᠰᠣᠨ ᠤ ᠨᠠᠭᠠᠳᠣᠮ ᠤᠨ ᠬᠤᠷᠠᠯ ᠭᠠᠯᠠᠭᠤᠳᠣ ᠪᠠᠯᠭᠠᠰᠣᠨ ᠤ ᠪᠣᠵᠠᠢ ᠭᠠᠴᠠᠭᠠᠨ ᠳᠤ ᠦᠪᠡᠳᠡᠭᠰᠢ ᠶᠡᠭᠡᠪᠡᠷ ᠶᠠᠪᠣᠭᠳᠠᠵᠣ ᠣᠯᠠᠨ ᠳᠦᠮᠡᠨ ᠤ ᠰᠣᠶᠣᠯ ᠣᠷᠠᠯᠢᠭ ᠤᠨ ᠠᠮᠢᠳᠣᠷᠠᠯ ᠢ ᠪᠠᠶᠠᠯᠢᠭᠵᠢᠭᠤᠯᠣᠨ ᠣᠳᠬ᠎ᠠ ᠣᠷᠠᠯᠢᠭᠴᠢᠨ᠂ ᠣᠷᠠᠨ ᠪᠦᠳᠣᠭᠡᠯᠴᠢᠳ ᠤᠨ ᠣᠷ᠎ᠠ ᠠᠪᠢᠶᠠᠰ᠂ ᠣᠶᠣᠨ ᠣᠬᠠᠭᠠᠨ ᠢᠶᠠᠨ ᠰᠣᠷᠢᠬᠤ ᠳᠠᠪᠴᠠᠩ ᠪᠣᠯᠣᠭᠰᠠᠨ ᠪᠠᠶᠢᠨ᠎ᠠ᠃ ᠣᠷᠣᠨ᠂ ᠬᠤᠳᠠ ᠬᠤᠶᠡᠷ ᠱᠡᠳᠣᠨ ᠤ ᠣᠳᠬ᠎ᠠ ᠣᠷᠠᠯᠢᠭ ᠤᠨ ᠬᠢᠨ ᠤ ᠬᠤᠯᠪᠣᠭ᠎ᠠ ᠶᠢᠨ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠡᠳ ᠤᠨ ᠳᠦᠯᠣᠬᠡᠯᠡᠭᠴᠢᠳ ᠶᠢᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠬᠤᠰᠢᠭᠤ ᠣᠯᠣᠰ ᠳᠦᠷᠣ ᠶᠢᠨ ᠵᠦᠪᠯᠡᠯᠬᠡᠨ ᠤ ᠲᠡᠷᠢᠭᠦᠯᠡᠭᠴᠢ ᠬᠤᠣ ᠸᠧᠢ ᠵᠡᠷᠭᠡ ᠭᠡᠷ ᠲᠤ ᠪᠠᠨ ᠪᠠᠶᠢᠭ᠎ᠠ ᠰᠢᠶᠠᠨ ᠤ ᠳᠡᠰ ᠤᠨ ᠤᠳᠤᠷᠢᠳᠤᠯᠭ᠎ᠠ ᠪᠤᠯᠤᠨ ᠮᠠᠨ ᠤ ᠬᠤᠰᠢᠭᠤ ᠶᠢ ᠳᠠᠭᠠᠭᠠᠴᠢᠯᠡᠨ ᠬᠠᠷᠢᠯᠴᠠᠵᠣ ᠪᠠᠶᠢᠭ᠎ᠠ ᠬᠤᠳᠠ ᠶᠢᠨ ᠰᠢᠭᠤᠣᠨ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ᠂ ᠬᠤᠰᠢᠭᠤ ᠡᠯ᠎ᠡ ᠰᠠᠯᠠᠭ᠎ᠠ ᠮᠦᠴᠢᠷ᠂ ᠡᠯ᠎ᠡ ᠰᠣᠮᠣ ᠪᠠᠯᠭᠠᠰᠣ᠂ ᠳᠣᠬᠠᠢ ᠶᠢᠨ ᠭᠠᠵᠠᠷ ᠲᠤ ᠰᠠᠭᠤᠷᠢᠰᠢᠵᠣ ᠪᠠᠶᠢᠭ᠎ᠠ ᠭᠡᠰᠡᠭ ᠪᠦᠯᠣᠭ᠌ ᠠᠵᠣ ᠠᠬᠤᠶᠢᠯᠡᠯ ᠤᠨ ᠬᠠᠷᠢᠭᠤᠴᠠᠯᠭᠠᠳᠠᠨ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠣᠬᠠᠭᠤᠯᠬᠤ ᠬᠡᠯᠳᠡᠰ ᠤᠨ ᠳᠠᠷᠤᠭ᠎ᠠ ᠹᠸᠡᠭ ᡁᠢ ᠮᠢᠩ ᠶᠠᠷᠢᠶ᠎ᠠ ᠳᠡᠯᠪᠢᠵᠦ ᠵᠢᠭᠠᠬᠤ ᠳᠤ ᠪᠠᠨ᠂ ︽ᠣᠯᠠᠨ ᠬᠤᠷᠠᠬᠤ︾ ᠣᠳᠬ᠎ᠠ ᠣᠷᠠᠯᠢᠭ ᠤᠨ ᠴᠢᠭᠤᠯᠭᠠᠨ ᠨᠢ ᠦᠪᠡᠷᠳᠡᠬᠡᠨ ᠵᠠᠰᠠᠬᠤ ᠣᠷᠣᠨ ᠳᠤ ᠪᠠᠨ ᠵᠣᠬᠢᠬᠤ ᠨᠦᠯᠣᠬᠡᠯᠡᠬᠦ ᠬᠦᠴᠣᠨ ᠪᠣᠯᠣᠨ ᠨᠠᠷ᠎ᠠ ᠠᠯᠳᠠᠷᠰᠢᠯ ᠲᠠᠢ ᠰᠣᠶᠣᠯ ᠣᠷᠠᠯᠢᠭ ᠤᠨ ᠴᠢᠭᠤᠯᠭᠠᠨ ᠤ ᠨᠠᠷᠡᠲᠤ ᠳᠡᠮᠳᠡᠭ ᠪᠣᠯᠵᠣ ᠨᠢᠬᠡ ᠪᠦᠯᠣᠭ᠌ ᠰᠣᠶᠣᠯ ᠣᠷᠠᠯᠢᠭ ᠤᠨ ᠠᠪᠢᠶᠠᠰᠳᠠᠨ ᠢ ᠴᠣᠯᠭᠤᠷᠠᠭᠤᠯᠤᠨ ᠭᠠᠷᠭᠠᠵᠣ ᠨᠢᠬᠡ ᠪᠦᠯᠣᠭ᠌  ᠦᠨᠳᠣᠰᠣᠳᠡᠨ ᠤ ᠣᠨᠴᠠᠯᠢᠭᠳᠣ ᠰᠢᠯᠢᠳᠡᠭ ᠰᠣᠳᠣᠨ ᠪᠦᠳᠣᠭᠡᠯ ᠢ ᠡᠭᠦᠳᠣᠨ ᠪᠦᠳᠣᠬᠡᠭᠰᠠᠨ ᠪᠠᠶᠢᠨ᠎ᠠ᠃ ᠡᠨ᠋ᠨ ᠣᠳᠠᠭᠠᠨ ᠤ ᠴᠢᠭᠤᠯᠭᠠᠨ ᠨᠢ ᠪᠦᠬᠦᠳᠡ ᠨᠠᠶᠢᠷᠠᠮᠳᠠᠬᠤ ᠳᠣᠮᠳᠠᠳᠣ ᠠᠷᠡᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠠᠶᠠᠷᠯᠡᠨ ᠪᠡᠯᠬᠡᠯᠡᠬᠦ ᠰᠢᠷᠢᠰ ᠠᠵᠢᠯᠯᠠᠭᠠᠨ ᠤ ᠴᠢᠬᠤᠯᠠ ᠠᠭᠤᠯᠭ᠎ᠠ ᠪᠣᠯᠵᠣ ᠨᠣᠮᠢᠨ ᠳᠠᠩᠰᠤᠭ ᠦᠣᠰᠢᠨ ᠤ ᠦᠪᠡᠷᠮᠢᠴᠡ ᠣᠨᠴᠠᠯᠢᠭᠳᠣ ᠦᠨᠳᠣᠰᠣᠳᠡᠨ ᠤ ᠵᠠᠩ ᠣᠶᠢᠯᠡ ᠶᠢᠨ ᠰᠣᠶᠣᠯ ᠢ ᠪᠦᠷᠢᠮᠣᠰᠣᠨ ᠬᠠᠷᠠᠭᠤᠯᠤᠨ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠨ  ᠪᠦᠯᠬᠦᠮᠳᠡᠨ ᠳᠠᠮᠠᠴᠠᠬᠦ ᠶᠢ ᠮᠠᠭᠳᠠᠨ ᠳᠠᠭᠤᠯᠠᠵᠣ ᠰᠣᠶᠣᠯ ᠤᠨ ᠰᠣᠯᠢᠯᠴᠠᠭ᠎ᠠ ᠶᠢ ᠠᠬᠢᠭᠤᠯᠣᠨ ᠰᠣᠶᠣᠯ ᠣᠷᠠᠯᠢᠭ ᠤᠨ ᠣᠶᠢᠯᠡᠰ ᠢ ᠬᠦᠭᠵᠢᠬᠦᠯᠣᠨ ᠪᠠᠳᠠᠷᠠᠭᠤᠯᠣᠭᠰᠠᠨ ᠪᠠᠶᠢᠨ᠎ᠠ ᠭᠡᠵᠡᠢ᠃
     ᠡᠬᠢᠯᠡᠯᠳᠡ ᠶᠢᠨ ᠳᠠᠯᠠᠪᠠᠢ ᠳᠤ ᠣᠷᠣᠬᠤ ᠶᠣᠰᠣᠯᠠᠯ ᠳᠡᠭᠡᠷ᠎ᠡ ᠡᠯ᠎ᠡ ᠰᠣᠮᠣ ᠪᠠᠯᠭᠠᠰᠣᠨ ᠤ ᠳᠦᠯᠣᠭᠡᠯᠡᠭᠴᠢᠳ  ᠤᠨ ᠪᠦᠯᠬᠦᠮ᠂ ︽ᠣᠯᠠᠨ ᠬᠤᠷᠠᠬᠤ︾ ᠣᠳᠬ᠎ᠠ ᠣᠷᠠᠯᠢᠭ ᠤᠨ ᠴᠢᠭᠤᠯᠭᠠᠨ ᠤ ᠳᠦᠯᠣᠭᠡᠯᠡᠭᠴᠢᠳ ᠤᠨ ᠪᠦᠯᠬᠦᠮ᠂ ᠣᠯᠠᠭᠠᠨᠮᠦ᠋ᠴᠢᠷ ᠤᠨ ᠳᠦᠯᠣᠭᠡᠯᠡᠭᠴᠢᠳ ᠤᠨ ᠪᠦᠯᠭᠦᠮ ᠵᠡᠷᠭᠡ ᠠᠩᠬᠢ ᠪᠦᠯᠬᠦᠮ ᠰᠦᠷ ᠵᠢᠪᠬᠤᠭᠠᠳᠠᠢ ᠪᠠᠷ ᠳᠠᠯᠠᠪᠡᠢ  ᠳᠤ ᠣᠷᠣᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠮᠠᠨ ᠤ ᠬᠤᠰᠢᠭᠤᠨ ᠤ ᠬᠤᠷᠢᠨ ᠨᠢᠬᠡᠳᠣᠭᠡᠷ ᠬᠤᠭᠤᠴᠠᠭᠠᠨ ᠤ ︽ᠣᠯᠠᠨ ᠬᠤᠷᠠᠬᠤ︾ ᠣᠳᠬ᠎ᠠ ᠣᠷᠠᠯᠢᠭ ᠤᠨ ᠴᠢᠭᠤᠯᠭᠠᠨ ᠵᠢᠴᠢ 2019 ᠣᠨ ᠤ ᠭᠠᠯᠠᠭᠤᠳᠣ ᠪᠠᠯᠭᠠᠰᠣᠨ ᠤ ᠨᠠᠭᠠᠳᠣᠮ ᠤᠨ ᠬᠤᠷᠠᠯ ᠤᠨ ᠡᠬᠢᠯᠡᠭᠰᠡᠨ ᠢ ᠵᠠᠷᠯᠠᠪᠠ᠃ ᠵᠠᠯᠭᠠᠭᠠᠳ ᠲᠤᠬᠠᠢ ᠶᠢᠨ ᠲᠠᠯᠠᠪᠠᠢ ᠳᠤ ︽ᠣᠯᠠᠨ ᠬᠤᠷᠠᠬᠤ ᠶᠢᠨ ᠳᠠᠭᠤᠯᠠᠯ︾᠂ ︽ᠰᠡᠳᠬᠢᠯ ᠪᠠᠭ᠋ᠠᠳᠣᠯᠳᠣ ᠰᠢᠷᠬᠤᠰᠣ︾ ᠵᠡᠷᠭᠡ ᠳᠠᠭᠤᠣ ᠪᠦᠵᠢᠭ᠂ ᠨᠠᠶᠢᠷ ᠬᠦᠭᠵᠢᠮ ᠢ ᠪᠠᠭᠳᠠᠭᠠᠭᠰᠠᠨ ᠣᠷᠠᠨ ᠰᠠᠶᠢᠬᠠᠨ ᠤ ᠳᠣᠭᠯᠠᠯᠳᠠ ᠶᠢ ᠭᠠᠷᠭᠠᠵᠦ ᠣᠯᠠᠨ ᠲᠦᠮᠡᠨ ᠤ ᠬᠠᠷᠠᠭ᠎ᠠ ᠰᠤᠨᠤᠷ ᠢ ᠮᠢᠯᠢᠶᠠᠭᠰᠠᠨ ᠪᠠᠶᠢᠨ᠎ᠠ᠃
     ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠴᠢᠯᠠᠨ ᠡᠷᠬᠢᠯᠡᠵᠣ ᠬᠤᠰᠢᠭᠤ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ ᠭᠠᠯᠠᠭᠤᠳᠣ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ᠡᠨ᠋ᠨ ᠣᠳᠠᠭᠠᠨ ᠤ ᠠᠵᠢᠯᠯᠠᠭ᠎ᠠ ᠨᠢ ᠬᠤᠶᠠᠷ ᠡᠳᠣᠷ ᠤᠨ ᠬᠤᠭᠤᠴᠠᠭ᠎ᠠ ᠲᠠᠢ ᠶᠠᠪᠣᠭᠳᠠᠵᠦ ᠣᠳᠬ᠎ᠠ ᠣᠷᠠᠯᠢᠭ ᠤᠨ ᠴᠢᠭᠤᠯᠭᠠᠨ ᠳᠤ ᠰᠢᠯᠣᠭ᠌᠂ ᠶᠠᠷᠢᠶ᠎ᠠ ᠢᠯᠡᠳᠬᠡᠯ᠂ ᠳᠠᠭᠤᠣ᠂ ᠬᠦᠭᠵᠢᠮ᠂ ᠪᠦᠵᠢᠭ᠂ ᠢᠷᠣᠬᠡᠯ᠂ ᠦᠨᠳᠣᠰᠣᠳᠡᠨ ᠤ ᠬᠤᠪᠴᠠᠰᠣ ᠵᠠᠰᠠᠯ ᠵᠡᠷᠭᠡ 7 ᠳᠦᠷᠣᠯ ᠢ ᠪᠠᠭᠳᠠᠭᠠᠭᠰᠠᠨ ᠳᠠᠶᠢᠰᠠᠨ ᠤ ᠣᠷᠠᠯᠢᠭ ᠤᠨ ᠣᠷᠣᠯᠳᠣᠭᠠᠨ ᠪᠣᠯᠣᠨ ᠣᠷᠠᠨ ᠵᠢᠷᠤᠭ᠂ ᠣᠷᠠᠨ ᠪᠢᠴᠢᠯᠬᠡ᠂ ᠠᠷᠡᠰᠣᠨ ᠣᠷᠠᠯᠡᠯ᠂ ᠬᠠᠳᠬᠤᠮᠠᠯ᠂ ᠰᠠᠶᠢᠯᠣᠮᠠᠯ᠂ ᠭᠡᠷᠡᠯ ᠵᠢᠷᠤᠭ ᠵᠡᠷᠭᠡ 6 ᠳᠦᠷᠣᠯ ᠢ ᠪᠠᠭᠳᠠᠭᠠᠭᠰᠠᠨ ᠦᠵᠡᠬᠦᠯᠣᠯᠭᠡ ᠶᠢᠨ ᠣᠷᠣᠯᠳᠤᠭᠠᠨ  ᠢ ᠶᠠᠪᠣᠭᠳᠠᠭᠤᠯᠵᠣ 700 ᠭᠠᠷᠣᠢ ᠣᠷ᠎ᠠ ᠠᠪᠢᠶᠠᠰᠳᠡᠨ ᠤᠷᠤᠯᠴᠠᠵᠤ 108 ᠬᠦᠮᠣᠨ ᠰᠶᠢᠳᠪᠤᠷᠢᠲᠤ ᠣᠷᠣᠯᠳᠣᠭᠠᠨ  ᠳᠤ ᠣᠷᠣᠨ ᠠᠪᠢᠶᠠᠰ ᠴᠢᠳᠡᠪᠤᠷᠢ᠂ ᠣᠷ᠎ᠠ ᠣᠬᠠᠭᠠᠨ ᠢᠶᠠᠨ ᠭᠠᠶᠢᠬᠠᠭᠤᠯᠣᠭᠰᠠᠨ ᠪᠠᠶᠢᠨ᠎ᠠ᠃ ᠨᠠᠭᠠᠳᠣᠮ ᠤᠨ ᠬᠤᠷᠠᠯ  ᠳᠤ ᠪᠠᠰᠠ ᠡᠷ᠎ᠠ ᠶᠢᠨ ᠭᠤᠷᠪᠡᠨ ᠨᠠᠭᠠᠳᠣᠮ᠂ ᠣᠷᠠᠨ ᠰᠠᠶᠢᠬᠠᠨ ᠤ ᠦᠳᠡᠰᠢᠯᠡᠭᠡ᠂ ᠣᠷᠣᠨ ᠨᠣᠳᠤᠭ ᠤᠨ ᠣᠨᠴᠠᠯᠢᠭᠳᠣ ᠢᠳᠡᠭᠡᠨ ᠣᠮᠳᠠᠭᠠᠨ ᠢ ᠠᠮᠳᠠᠯᠠᠬᠤ᠂ ᠠᠳᠣᠭᠤᠨ ᠰᠣᠶᠣᠯ ᠢ ᠪᠠᠶᠠᠴᠢᠯᠡᠨ ᠣᠶᠢᠯᠠᠭᠠᠬᠤ᠂ ᠠᠷᠠᠯᠵᠢᠶ᠎ᠠ ᠬᠤᠳᠠᠯᠳᠤᠭ᠎ᠠ ᠴᠣᠭᠯᠠᠭ᠎ᠠ ᠮᠠᠶᠢᠮᠠᠢ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠳᠣᠬᠢᠷᠠᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号