ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-01-16
     1 ᠰᠠᠷ᠎ᠠ ᠶᠢᠨ10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ ᠵᠢᠴᠢ ᠡᠯ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠰᠠᠭᠠᠲᠠᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠡᠷᠭᠡ ᠪᠦᠬᠦ ᠬᠤᠰᠢᠭᠤᠨ ᠤ ᠭᠡᠷ ᠲᠡᠭᠡᠨ ᠪᠠᠶᠢᠭ᠎ᠠ ᠰᠢᠶᠠᠨ ᠤ ᠳᠡᠰ ᠤᠨ ᠤᠳᠤᠷᠢᠳᠤᠯᠭ᠎ᠠ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ︵ᠬᠦᠷᠢᠶᠡᠯᠡᠩ ᠲᠣᠭᠤᠷᠢᠭ︶᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤ ᠨᠠᠮ ᠤᠨ ᠬᠤᠷᠢᠶᠠᠨ ᠤ ᠱᠦᠵᠢ ᠪᠣᠯᠤᠨ ᠬᠤᠰᠢᠭᠤ ᠳᠠᠷᠤᠭ᠎ᠠ ᠶᠢᠨ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠶᠠᠷᠢᠬᠤ ᠶᠠᠷᠢᠶᠠᠨ ᠤ ᠨᠣᠣᠷᠠᠭ ᠢ ᠶᠠᠷᠢᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶᠠᠨ ᠤ ︿ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠵᠤ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠡᠭᠦᠷᠭᠡ ᠶᠢᠨ ᠬᠤᠪᠢᠶᠠᠷᠢᠯᠠᠯᠲᠠ ᠶᠢᠨ ᠲᠥᠰᠥᠪ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠶᠠᠷᠢᠯᠴᠠᠵᠤ ᠮᠠᠨ  ᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠳᠤ ᠲᠣᠬᠢᠷᠠᠭᠤᠯᠤᠯᠲᠠ ᠬᠢᠭᠰᠡᠨ ᠨᠡᠷᠡᠰ ᠢ ᠬᠢᠨᠠᠨ ᠵᠥᠪᠯᠡᠪᠡ᠃ ᠨᠢᠩ ᠶᠠᠨ ᠯᠢᠩ᠂ ᠱᠢ ᠲᠠᠢ ᠹᠧᠩ ᠨᠥᠬᠦᠷ ᠤᠨ ᠲᠥᠪ ᠤᠨ ᠨᠠᠶᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠥᠷᠨᠢᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ︽ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠬᠤᠷᠠᠯ  ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠤᠨ ᠲᠤᠬᠠᠶ ᠮᠡᠳᠡᠭᠳᠡᠯ︾ ᠢ ᠤᠯᠠᠮᠵᠢᠯᠠᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠤᠨ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃      ᠬᠤᠷᠠᠯ ᠠᠴᠠ ᠵᠢᠭᠠᠭᠰᠠᠨ ᠨᠢ᠂ ᠨᠠᠮ ᠤᠨ ᠬᠤᠷᠢᠶᠠᠨ ᠤ ᠠᠯᠪᠠᠨ ᠭᠡᠷ ᠪᠠ ᠵᠠᠰᠠᠭ ᠤᠨ ᠣᠷᠳᠣᠨ ᠤ ᠠᠯᠪᠠᠨ ᠭᠡᠷ ᠨᠢ ᠬᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ ᠦᠨᠡᠨ ᠢ ᠡᠷᠢᠨ ᠪᠣᠳᠠᠲᠠᠶ ᠶᠢ ᠡᠷᠬᠢᠮᠯᠡᠬᠦ ᠵᠠᠷᠴᠢᠮ ᠢ ᠪᠠᠷᠢᠮᠲᠠᠯᠠᠵᠤ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ  ᠶᠢᠨ ᠠᠵᠢᠯ ᠤᠨ ᠬᠤᠷᠠᠯ ᠤᠨ ᠢᠯᠡᠳᠬᠡᠯ ᠳᠤ ᠨᠠᠷᠢᠨ ᠬᠢᠨᠠᠮᠠᠭᠠᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠭᠦᠨ ᠤ ᠬᠠᠮᠲᠤ ᠬᠤᠷᠠᠯ ᠤᠨ ᠬᠠᠮᠢᠶ᠎ᠠ ᠪᠦᠬᠦᠢ ᠪᠡᠯᠡᠳᠬᠡᠯ ᠠᠵᠢᠯ ᠢ ᠱᠠᠯᠠᠪᠳᠠᠨ ᠰᠠᠶᠢᠲᠤᠷ ᠬᠢᠵᠦ ᠲᠤᠰ ᠤᠳᠠᠭᠠᠨ  ᠤ ᠬᠤᠷᠠᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠡᠭᠦᠰ ᠠᠮᠵᠢᠯᠲᠠ ᠲᠠᠢ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ 2020 ᠣᠨ ᠳᠤ ᠪᠥᠬᠦ ᠬᠤᠰᠢᠭᠤᠨ ᠤ ᠬᠢᠨ ︽ᠨᠠᠮ ᠤᠨ ᠪᠠᠶᠢᠭᠤᠯᠤᠯᠲᠠ ᠢᠶᠠᠷ ᠵᠢᠯᠣᠭᠤᠳᠤᠭᠤᠯᠵᠤ᠂ ᠨᠤᠮᠢᠨ ᠲᠠᠩᠰᠤᠭ ᠬᠥᠭᠵᠢᠨ ᠮᠠᠨᠳᠤᠯᠲᠠ ᠶᠢ ᠪᠡᠶᠡᠯᠡᠬᠦᠯᠬᠦ︾ ᠨᠠᠷᠠᠲᠤ ᠲᠡᠮᠳᠡᠭ ᠢ ᠪᠣᠶ ᠪᠣᠯᠭᠠᠬᠤ ᠶᠢ ᠦᠷᠭᠦᠯᠵᠢᠯᠡᠨ ᠠᠬᠢᠭᠤᠯᠵᠤ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢᠨ ᠠᠵᠢᠯ  ᠢᠶᠠᠷ ᠶᠡᠷᠦᠩᠬᠡᠶᠢᠯᠡᠨ ᠵᠢᠯᠣᠭᠤᠳᠣᠭᠤᠯᠵᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ︔ ᠮᠠᠯ ᠲᠠᠷᠢᠶᠠᠯᠠᠩ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ  ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠦᠨ ᠣᠷᠳᠣᠰ ᠨᠠᠷᠢᠨ ᠨᠣᠣᠰᠣᠲᠤ ᠬᠤᠨᠢᠨ ᠤ ᠠᠵᠤ ᠦᠶᠯᠡᠰ ᠢ ᠬᠠᠮᠠᠭᠠᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ︔ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠬᠤ ᠲᠡᠰᠢ ᠬᠤᠪᠢᠷᠠᠭᠤᠯᠬᠤ ᠶᠢ ᠠᠬᠢᠭᠤᠯᠵᠤ ᠬᠤᠳᠠ ᠶᠢᠨ ᠴᠢᠨᠠᠷ ᠳᠡᠰ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠰᠠᠭᠤᠭᠠᠯᠢ ᠠᠷᠠᠳ ᠤᠯᠠᠨ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ︔ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠵᠤ ᠠᠷᠠᠳ ᠣᠯᠠᠨ ᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠪᠠᠷ ᠡᠯ᠎ᠡ ᠵᠦᠶᠯ ᠤᠨ ᠠᠵᠢᠯ ᠤᠨ ᠦᠷ᠎ᠡ ᠳ᠋ᠦᠩ ᠪᠣᠯᠭᠠᠵᠤ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠬᠦᠴᠦᠯᠡᠨ ᠳᠡᠭᠡᠭᠰᠢᠯᠡᠭᠦᠯᠬᠦ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ︔ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ︽ᠮᠠᠯᠵᠢᠬᠤ ᠳ᠋ᠠᠵᠠᠶ︾ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ ᠠᠮᠢ ᠠᠬᠤᠶ ᠶᠢᠨ ᠲᠥᠷᠥ ᠶᠢᠨ ᠪᠣᠳᠣᠯᠭ᠎ᠠ ᠶᠢᠨ ︽ᠡᠷᠬᠢᠨ ᠬᠠᠷᠠᠬᠤ︾ ᠠᠵᠢᠯ ᠢ ᠥᠷᠨᠢᠭᠦᠯᠵᠦ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠨ ᠮᠠᠨᠳᠤᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠬᠠᠤᠯᠢ ᠲᠣᠭᠲᠠᠭᠠᠯ ᠶᠣᠰᠣᠭᠠᠷ ᠠᠷᠭ᠎ᠠ ᠪᠦᠬᠦᠨ ᠢ ᠰᠦᠪᠡᠭᠴᠢᠯᠡᠨ ᠲᠡᠦᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠶᠳᠪᠦᠷᠢᠯᠡᠵᠦ ᠬᠠᠷᠢᠭᠤᠴᠠᠯᠭ᠎ᠠ  ᠶᠢ ᠤᠯᠠᠮ ᠨᠢᠭᠡ ᠠᠯᠬᠤᠮ ᠴᠢᠩᠭᠠᠳᠬᠠᠵᠤ ᠨᠢᠭᠡᠳᠦᠯᠲᠡᠶ ᠲᠥᠯᠥᠪᠯᠡᠬᠦ ᠶᠢ ᠠᠳᠬᠤᠨ ᠲᠣᠭᠲᠠᠴᠠ ᠶᠢ ᠪᠠᠶᠢᠭᠤᠯᠬᠤ ᠬᠡᠷᠡᠭᠲᠡᠶ︔ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠪᠣᠯᠤᠨ ᠦᠵᠡᠯ ᠤᠬᠠᠮᠰᠠᠷ ᠤᠨ ᠬᠡᠯᠪᠡᠷᠢ  ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠷᠠᠳ ᠤᠨ ᠰᠡᠳᠬᠢᠯ ᠢ ᠨᠢᠭᠲᠠᠷᠠᠭᠤᠯᠤᠨ ᠰᠢᠨ᠎ᠡ ᠴᠠᠭ ᠤᠨ ᠰᠢᠯᠢᠳᠡᠭ ᠬᠥᠮᠥᠨ ᠢ ᠬᠥᠮᠦᠵᠢᠭᠦᠯᠵᠦ ᠰᠣᠶᠣᠯ ᠢ ᠬᠥᠭᠵᠢᠭᠦᠯᠦᠨ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠤ ᠠᠷᠠᠳ ᠢᠷᠭᠡᠨ ᠤ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠶ ᠭᠡᠵᠡᠶ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠦᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ ︽ᠳᠦᠷᠪᠡᠨ ᠤᠬᠠᠮᠰᠠᠷ︾ ᠢᠶᠠᠨ ᠴᠢᠩᠭᠠᠳᠬᠠᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ︽ᠡᠷᠬᠢᠨ ᠬᠠᠷᠠᠬᠤ︾ ᠠᠵᠢᠯ ᠢ ᠦᠳᠲᠡᠷ ᠲᠦᠷᠭᠡᠨ ᠥᠷᠨᠢᠭᠦᠯᠵᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠪᠠ ᠬᠠᠷᠢᠭᠤ ᠳᠤᠰᠬᠠᠭᠰᠠᠨ ᠠᠰᠠᠭᠤᠳᠠᠯ ᠢ ᠳᠠᠷᠤᠢ ᠲᠦᠷᠭᠡᠨ ᠴᠡᠭᠴᠡᠯᠡᠵᠤ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ ᠡᠨᠡ ᠤᠳᠠᠭ᠎ᠠ  ᠶᠢᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠡᠭᠦᠷᠭᠡ ᠬᠠᠷᠢᠭᠤᠴᠠᠯᠭ᠎ᠠ ᠶᠢ ᠬᠦᠴᠦᠲᠡᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠠᠬᠢᠨ ᠱᠠᠯᠠᠪᠳᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠲᠠᠬᠢᠨ ᠪᠠᠬᠢᠵᠢᠭᠦᠯᠵᠦ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠬᠤ ᠬᠠᠨᠳᠤᠰᠢ ᠪᠠ ᠡᠷᠴᠢᠮ ᠢ ᠪᠠᠲᠤᠯᠠᠵᠤ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠨᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠪᠣᠯ ᠺᠠᠳ᠋ᠷ ᠤᠨ ᠡᠩᠨᠡᠭᠡᠨ ᠤ ᠠᠵᠢᠯ ᠤᠨ ᠰᠠᠬᠢᠯᠭ᠎ᠠ ᠪᠠᠲᠤ᠂ ᠤᠶᠤᠨ ᠰᠠᠨᠠᠭᠠᠨ ᠤ ᠳᠦᠷᠰᠦ ᠪᠠᠶᠢᠳᠠᠯ ᠢ ᠬᠡᠷᠡᠭᠵᠢᠭᠦᠯᠬᠦ ᠴᠢᠬᠤᠯᠠ ᠢᠯᠡᠷᠡᠯ ᠪᠣᠯᠤᠨ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠭᠦᠨ ᠢᠶᠠᠷ ᠴᠡᠭᠡᠷᠯᠡᠯ ᠪᠣᠯᠭᠠᠵᠤ ᠨᠢᠭᠡ  ᠠᠴᠠ ᠨᠦᠬᠦᠭᠡ ᠶᠢ ᠵᠦᠢᠴᠢᠯᠡᠵᠦ᠂ ᠬᠤᠷᠠᠯ ᠤᠨ ᠰᠤᠷᠲᠠᠯ ᠢ ᠲᠥᠪ ᠪᠣᠯᠭᠠᠨ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠳᠠᠪᠤᠷᠢ ᠶᠢ ᠳᠡᠭᠡᠭᠰᠢᠯᠡᠭᠦᠯᠬᠦ ᠪᠠ ᠰᠤᠷᠲᠠᠯ ᠢ ᠰᠠᠶᠢᠵᠢᠷᠠᠭᠤᠯᠬᠤ ᠶᠢᠨ ᠴᠢᠬᠤᠯᠠ ᠠᠭᠤᠯᠭ᠎ᠠ ᠪᠣᠯᠭᠠᠨ ᠠᠳᠬᠤᠵᠤ ᠬᠤᠷᠠᠯ ᠤᠨ ᠡᠯ᠎ᠡ ᠵᠦᠢᠯ ᠤᠨ ᠲᠦᠷᠢᠮ ᠪᠣᠯᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠬᠡᠷ ᠨᠢ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ ᠴᠢᠯᠦᠭᠡ ᠭᠤᠶᠤᠬᠤ ᠲᠦᠷᠢᠮ ᠢ ᠬᠡᠷᠡᠭᠵᠢᠭᠦᠯᠬᠦ ᠥᠬᠡᠶ᠂ ᠬᠤᠷᠠᠯ  ᠤᠨ ᠲᠠᠯᠠᠪᠠᠶ ᠶᠢᠨ ᠰᠠᠬᠢᠯᠭ᠎ᠠ ᠪᠠᠲᠤ ᠶᠢ ᠵᠢᠷᠤᠮᠯᠠᠬᠤ ᠥᠬᠡᠶ᠂ ᠬᠤᠷᠠᠯ ᠳᠤ ᠣᠷᠣᠯᠴᠠᠭᠰᠠᠨ ᠪᠠᠶᠢᠳᠠᠯ ᠢᠶᠠᠷ ᠠᠨᠠᠶ ᠪᠠᠶᠢᠬᠤ ᠵᠡᠷᠭᠡ ᠠᠰᠠᠭᠤᠳᠠᠯ   ᠳᠤ ᠴᠢᠭᠯᠡᠬᠦᠯᠦᠨ ᠪᠣᠯᠵᠣᠨ ᠶᠠᠷᠢᠯᠴᠠᠵᠤ ᠰᠠᠨᠠᠭᠤᠯᠬᠤ᠂ ᠨᠡᠷ᠎ᠡ ᠳᠤᠷᠠᠳᠤᠨ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠦᠷᠭᠦᠯᠵᠢᠯᠡᠨ ᠴᠢᠩᠳᠠᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号