ᠮᠠᠨ ᠤ ᠬᠤᠰᠢᠭᠤᠨ ᠳᠤ ᠠᠶᠠᠨᠴᠢᠳ ᠤᠨ ᠭᠠᠯᠲᠤ ᠲᠡᠷᠭᠡ ᠨᠡᠪᠲᠡᠷᠡᠯ᠎ᠡ
ᠨᠡᠶᠢᠲᠡᠯᠡᠭᠰᠡᠨ ᠴᠠᠭ᠄
2020-01-16
     ᠤᠶᠢᠷ᠎ᠠ ᠶᠢᠨ ᠡᠳᠦᠷ᠂ ᠮᠠᠨ ᠤ ᠬᠤᠰᠢᠭᠤᠨ ᠠᠴᠠ ᠪᠤᠭᠤᠲᠤ ᠬᠤᠲᠠ ᠶᠢᠨ ᠵᠡᠭᠦᠨ ᠦᠷᠲᠡᠭᠡ ᠬᠦᠷᠬᠦ ᠠᠶᠠᠨᠴᠢᠳ ᠤᠨ ᠭᠠᠯᠲᠤ ᠲᠡᠷᠭᠡ ᠨᠡᠪᠲᠡᠷᠡᠵᠤ ᠮᠠᠨ ᠤ ᠬᠤᠰᠢᠭᠤ ᠮᠠᠨ ᠤ ᠬᠤᠲᠠ ᠶᠢᠨ ᠪᠠᠷᠠᠭᠤᠨ ᠳᠥᠷᠪᠡᠨ ᠬᠤᠰᠢᠭᠤᠨ ᠤ ᠠᠩᠬᠠᠳᠠᠭᠴᠢ ᠠᠶᠠᠨᠴᠢᠳ ᠤᠨ ᠭᠠᠯᠲᠤ ᠲᠡᠷᠭᠡ ᠨᠡᠪᠲᠡᠷᠡᠭᠰᠡᠨ ᠬᠤᠰᠢᠭᠤ ᠲᠣᠭᠤᠷᠢᠭ ᠪᠣᠯᠣᠭᠰᠠᠨ ᠮᠦᠷᠳᠡᠭᠡᠨ ᠮᠠᠨ ᠤ ᠬᠤᠰᠢᠭᠤᠨ ᠳᠤ ᠠᠶᠠᠨᠴᠢᠨ ᠤ ᠭᠠᠯᠲᠤ ᠲᠡᠷᠭᠡ ᠥᠬᠡᠶ ᠪᠠᠶᠢᠭᠰᠠᠨ ᠲᠡᠥᠬᠡ ᠶᠢ ᠡᠴᠦᠰᠯᠡᠭᠦᠯᠦᠯ᠎ᠡ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠠᠩᠬᠠᠳᠠᠭᠴᠢ ᠴᠤᠪᠤᠭ᠎ᠠ ᠭᠠᠯᠲᠤ ᠲᠡᠷᠭᠡᠨ ᠳᠤ ᠰᠠᠭᠤᠨ ᠪᠠᠶᠠᠴᠢᠯᠠᠨ ᠤᠶᠢᠯᠠᠭᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠲᠠᠷᠤᠭ᠎ᠠ ᠯᠢ ᠵᠥᠩ ᠯᠢᠨ ᠪᠤᠯᠤᠨ ᠬᠤᠰᠢᠭᠤ ᠤᠳᠤᠷᠢᠳᠤᠯᠭ᠎ᠠ ᠵᠸᠤ ᠱᠤᠸᠠᠢ᠂ ᠯᠢᠤ ᠵᠧᠩ ᠵᠢᠴᠢ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠪᠠ᠃
    ᠮᠠᠨ ᠤ ᠬᠤᠰᠢᠭᠤᠨ ᠠᠴᠠ ᠪᠤᠭᠤᠲᠤ ᠬᠤᠲᠠ ᠶᠢᠨ ᠵᠡᠭᠦᠨ ᠦᠷᠲᠡᠭᠡ ᠬᠦᠷᠬᠦ K6860 ᠡᠭᠡᠯᠵᠢ ᠠᠶᠠᠨᠴᠢᠨ ᠤ ᠭᠠᠯᠳᠣ ᠲᠡᠷᠭᠡᠨ ᠳᠤ 2 ᠲᠠᠰᠤᠯᠭ᠎ᠠ ᠬᠠᠲᠠᠭᠤ ᠣᠷᠣ᠂ 4 ᠳᠠᠰᠣᠯᠭ᠎ᠠ ᠬᠠᠲᠠᠭᠤ ᠰᠠᠭᠤᠳᠠᠯ᠂ 1 ᠳᠠᠰᠣᠯᠭ᠎ᠠ ᠬᠤᠭᠤᠯᠠᠨ ᠤ ᠸᠠᠭᠤᠨ ᠪᠣᠯᠣᠨ 1 ᠴᠠᠬᠢᠯᠭᠠᠨ ᠭᠠᠷᠭᠠᠬᠤ ᠸᠠᠭᠤᠨ ᠵᠡᠷᠭᠡ ᠠᠭᠠᠷ ᠲᠣᠬᠢᠷᠠᠭᠤᠯᠤᠭᠴᠢ ᠲᠠᠢ 8 ᠸᠠᠭᠤᠨ ᠲᠤᠬᠢᠷᠠᠭᠤᠯᠵᠤ  500 ᠭᠠᠷᠤᠶ ᠠᠶᠠᠨᠴᠢᠨ ᠤ ᠰᠠᠭᠤᠳᠠᠯ ᠲᠠᠢ᠂ ᠡᠳᠦᠷ ᠪᠣᠯᠭᠠᠨ ᠤ ᠦᠳᠡ ᠶᠢᠨ ᠬᠤᠶᠢᠨ᠎ᠠ ᠶᠢᠨ 15 : 37 ᠮᠢᠨᠦ᠋ᠲ ᠲᠤ ᠦᠦᠰᠢᠨ ᠬᠤᠰᠢᠭᠤᠨ ᠤ ᠦᠷᠲᠡᠭᠡ ᠠᠴᠠ ᠭᠠᠷᠴᠤ ᠬᠤᠷᠳᠤᠴᠠ ᠨᠢ ᠴᠠᠭ ᠪᠦᠷᠢ 120 ᠺᠢᠯᠣᠮᠧᠲᠷ ᠪᠠᠶᠢᠵᠤ ᠳ᠋ᠦᠩᠱᠧᠩ᠂ ᠲᠡᠯᠡᠳ ᠵᠡᠷᠭᠡ ᠦᠷᠲᠡᠭᠡ ᠪᠠᠷ ᠳᠠᠮᠵᠢᠨ 20᠄ 53 ᠮᠢᠨᠦ᠋ᠲ ᠲᠤ ᠪᠤᠭᠤᠲᠤ ᠬᠤᠲᠠ ᠶᠢᠨ ᠵᠡᠬᠦᠨ ᠦᠷᠲᠡᠭᠡ ᠬᠦᠷᠴᠣ ᠪᠦᠬᠦ ᠠᠶᠠᠯᠠᠬᠤ ᠱᠤᠭᠤᠮ ᠨᠢ 336 ᠺᠢᠯᠣᠮᠧᠲᠷ ᠪᠣᠯᠤᠨ᠎ᠠ᠃ ᠡᠭᠦᠨ ᠳᠤ K6859 ᠡᠭᠡᠯᠵᠢ ᠶᠢᠨ ᠭᠠᠯᠲᠤ ᠲᠡᠷᠭᠡ 9 : 38 ᠮᠢᠨᠦ᠋ᠲ ᠲᠤ ᠪᠤᠭᠤᠲᠤ ᠶᠢᠨ ᠵᠡᠭᠦᠨ ᠦᠷᠲᠡᠭᠡ ᠠᠴᠠ ᠭᠠᠷᠴᠤ ᠪᠤᠭᠤᠲᠤ᠂ ᠳᠠᠯᠠᠳ᠂ ᠳ᠋ᠦᠩᠱᠧᠩ᠂ ᠲᠤᠭ᠂ ᠶᠡᠭᠡ ᠨᠡᠬᠦᠳᠡᠯ᠂ ᠤᠯᠠᠭᠠᠨᠲᠤᠯᠤᠭᠠᠢ ᠵᠡᠷᠭᠡ ᠥᠷᠲᠡᠭᠡ ᠪᠠᠷ ᠳᠠᠮᠵᠢᠨ 14 : 57 ᠮᠢᠨᠦ᠋ᠲ ᠲᠤ ᠮᠠᠨ ᠤ ᠬᠤᠰᠢᠭᠤᠨ ᠳᠤ ᠢᠷᠡᠨ ᠮᠠᠨ ᠤ ᠬᠤᠰᠢᠭᠤᠨ ᠤ ᠠᠶᠠᠨᠴᠢᠳ ᠤᠨ ᠶᠠᠪᠣᠵᠣ ᠠᠶᠠᠯᠠᠬᠤ ᠳᠤ ᠲᠦᠬᠦᠮ ᠪᠤᠯᠤᠭᠰᠠᠨ ᠪᠠᠶᠢᠨ᠎ᠠ᠃
     ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠵᠠᠰᠠᠮᠠᠯ ᠵᠠᠮ ᠢ ᠳᠣᠭᠳᠠᠭᠤᠨ ᠪᠡᠳᠣᠳᠡᠢ ᠬᠦᠭᠵᠢᠭᠦᠯᠦᠭᠰᠡᠨ ᠰᠠᠭᠤᠷᠢᠨ ᠳᠡᠭᠡᠷ᠎ᠡ ᠲᠡᠮᠦᠷ ᠵᠠᠮ ᠤᠨ ᠳᠡᠭᠡᠭᠡᠪᠣᠷᠢ ᠶᠢᠨ ᠣᠶᠢᠯᠡᠰ ᠢ ᠬᠦᠭᠵᠢᠬᠦᠯᠬᠦ ᠶᠢᠨ ᠳᠠᠭᠠᠣ ᠪᠠᠰᠠ ᠠᠶᠠᠨᠴᠢᠳ ᠤᠨ ᠭᠠᠯᠲᠤ ᠲᠡᠷᠭᠡ ᠨᠡᠪᠳᠡᠷᠡᠭᠦᠯᠣᠨ ᠬᠢᠮᠢ ᠶᠢᠨ ᠠᠵᠣ ᠣᠶᠢᠯᠡᠳᠪᠣᠷᠢ᠂ ᠰᠣᠶᠣᠯ ᠵᠣᠭᠠᠴᠠᠯ᠂ ᠮᠠᠯ ᠲᠠᠷᠢᠶᠠᠯᠠᠩ ᠤᠨ ᠪᠦᠳᠣᠭᠡᠭᠳᠡᠬᠦᠨ ᠤ ᠰᠣᠯᠢᠯᠴᠠᠭ᠎ᠠ ᠬᠦᠭᠵᠢᠯᠳᠡ ᠳᠤ ᠴᠢᠬᠤᠯᠡ ᠣᠶᠢᠯᠡᠳᠣᠯ ᠲᠠᠢ  ᠪᠤᠯᠤᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号