1 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠢ ᠹᠧᠩ ᠯᠢᠦᠶ | ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠤᠩ ᠱᠧᠩ ᠬᠤᠳᠠᠯᠳᠤᠭᠠᠨ ᠤ ᠭᠠᠵᠠᠷ ᠲᠤ ᠬᠦᠷᠴᠦ | ᠴᠠᠭᠠᠨ ᠰᠠᠷ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠤᠳᠤᠷᠢᠳᠤᠯᠭ᠎ᠠ ᠪᠠᠶᠠᠨᠴᠢᠮᠡᠭ᠂ ᠯᠢᠦ | ᠵᠧᠩ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | ᠤᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠴᠠᠰᠤ ᠤᠨᠠᠵᠤ ᠬᠡᠰᠡᠭ ᠵᠠᠮ ᠬᠠᠭᠠᠭᠳᠠᠨ ᠵᠠᠮ | ᠬᠠᠷᠢᠯᠴᠠᠭ᠎ᠠ ᠲᠡᠭᠡᠭᠡᠪᠤᠷᠢ ᠶᠡᠬᠡᠲᠡ ᠨᠥᠯᠥᠭᠡᠯᠡᠭᠳᠡᠭᠰᠠᠨ ᠪᠠᠶᠢᠨ᠎ᠠ᠃ ᠡᠷᠳᠡᠨᠢᠪᠢᠯᠢᠭ ᠴᠠᠭᠠᠨ ᠰᠠᠷ᠎ᠠ ᠶᠢᠨ | ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠲᠦᠢᠯ ᠢᠶᠠᠷ ᠬᠠᠯᠠᠮᠵᠢᠯᠠᠨ ᠦᠵᠡᠵᠤ | ᠪᠠᠶᠢᠴᠠᠭᠠᠨ ᠰᠤᠳᠤᠯᠤᠯᠲᠠ ᠶᠢᠨ ᠳᠤᠮᠳᠠ ᠮᠢᠬᠠᠨ ᠵᠥᠢᠯ ᠤᠨ ᠦᠨ᠎ᠡ ᠬᠠᠩᠰᠢ᠂ ᠵᠢᠮᠢᠰ ᠬᠤᠯᠢᠰᠢᠨ ᠢᠳᠡᠭᠡᠨ ᠤ | ᠢᠷᠠᠯᠳᠠ ᠶᠢᠨ ᠵᠠᠮ ᠢ ᠬᠠᠯᠠᠮᠵᠢᠯᠠᠨ ᠠᠰᠠᠭᠤᠵᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ | ᠬᠠᠩᠭᠠᠯᠭ᠎ᠠ ᠪᠣᠯᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠨᠠᠷᠢᠨ | ᠣᠶᠢᠯᠠᠭᠠᠪᠠ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠬᠦᠴᠦ ᠪᠠᠨ ᠬᠠᠮᠲᠤᠳᠬᠠᠨ ᠴᠠᠭᠠᠨ | ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠥᠢᠴᠡᠳ ᠪᠠᠶᠢᠵᠤ ᠪᠠᠷᠠᠭ᠎ᠠ ᠶᠢᠨ ᠦᠨ᠎ᠡ ᠶᠢ | ᠲᠣᠭᠲᠠᠭᠤᠨ ᠪᠠᠶᠢᠯᠭᠠᠨ ᠢᠳᠡᠭᠡᠨ ᠤ ᠶᠠᠰᠤ ᠴᠢᠨᠠᠷ ᠢ ᠪᠠᠲᠤᠯᠠᠵᠤ ᠣᠯᠠᠨ ᠲᠦᠮᠡᠨ ᠤ ᠬᠡᠷᠡᠭᠴᠡᠭᠡ ᠶᠢ ᠰᠠᠶᠢᠲᠤᠷ | ᠬᠠᠩᠭᠠᠬᠤ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠡᠯ᠎ᠡ | ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠶᠠᠰᠤ ᠴᠢᠨᠠᠷ ᠤᠨ ᠠᠮᠤᠷ | ᠲᠦᠪᠰᠢᠨ ᠤ ᠲᠤᠭᠳᠠᠯᠴᠠᠭ᠎ᠠ ᠶᠢ ᠨᠠᠶᠢᠳᠠᠪᠤᠷᠢᠵᠢᠭᠤᠯᠤᠨ ᠦᠨ᠎ᠡ ᠬᠠᠩᠰᠢ ᠶᠢᠨ ᠬᠡᠯᠪᠡᠯᠵᠡᠯᠲᠡ ᠶᠢ ᠠᠩᠬᠠᠷᠴᠤ ᠡᠶ᠎ᠡ | ᠵᠣᠬᠢᠴᠠᠯ ᠲᠠᠢ ᠲᠣᠭᠲᠠᠭᠤᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠤᠢ | ᠪᠣᠯᠭᠠᠬᠤ ᠬᠡᠷᠡᠭᠲᠡᠶ᠃ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ | ᠪᠠᠶᠢᠭᠤᠯᠤᠯᠳᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ ᠵᠠᠬ᠎ᠠ ᠳᠡᠯᠭᠡᠭᠦᠷ ᠤᠨ ᠡᠵᠡᠩᠨᠡᠯᠲᠡ | ᠬᠠᠮᠢᠶᠠᠷᠤᠯᠲᠠ ᠪᠠ ᠬᠤᠳᠠᠯᠳᠤᠭᠠᠴᠢᠨ ᠡᠷᠦᠬᠡ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠴᠢᠩᠭᠠᠳᠬᠠᠵᠤ ᠡᠮᠬᠢ | ᠵᠢᠷᠤᠮ ᠲᠠᠢ᠂ ᠴᠡᠪᠡᠷ ᠲᠤᠭᠢᠯᠢᠭ ᠵᠠᠬ᠎ᠠ ᠳᠡᠯᠭᠡᠭᠦᠷ ᠤᠨ ᠣᠷᠴᠢᠨ ᠢ ᠪᠥᠷᠢᠯᠳᠤᠭᠦᠯᠭᠦ ᠬᠡᠷᠡᠭᠲᠡᠶ ᠭᠡᠵᠡᠢ᠃ |