ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠭᠢᠬᠤ ᠡᠮᠤᠨ᠎ᠠ ᠹᠷᠣᠨᠲ ᠤᠨ ᠺᠠᠳ᠋ᠷ ᠠᠵᠢᠯᠲᠠᠨ ᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2020-01-17
     ᠴᠠᠭᠠᠨ ᠰᠠᠷ᠎ᠠ ᠬᠦᠷᠴᠦ ᠢᠷᠡᠬᠦ ᠠᠴᠠ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠳᠡᠳ᠋ ᠳᠠᠷᠤᠭ᠎ᠠ ᠵᠧᠤ ᠱᠤᠸᠠᠶ᠂ ᠪᠠᠶᠠᠨᠴᠢᠮᠡᠭ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠢ ᠲᠠᠭᠠᠭᠤᠯᠤᠨ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠭᠢᠬᠤ ᠡᠮᠤᠨ᠎ᠠ ᠹᠷᠣᠨᠲ ᠤᠨ ᠺᠠᠳ᠋ᠷ ᠠᠵᠢᠯᠲᠠᠨ ᠢ ᠪᠣᠯᠭᠤᠭᠠᠨ ᠲᠣᠬᠤᠨᠢᠭᠤᠯᠵᠤ ᠴᠠᠭᠠᠨ ᠰᠠᠷ᠎ᠠ ᠶᠢᠨ ᠵᠥᠩᠨᠡᠯ ᠪᠣᠯᠤᠨ ᠪᠠᠶᠠᠷ ᠤᠨ ᠡᠳᠦᠷ ᠤᠨ ᠮᠠᠨᠳᠤᠴᠢᠯᠠᠯ ᠲᠠᠪᠰᠢᠭᠦᠯᠵᠤ ᠣᠯᠠᠨ ᠲᠠᠶᠠᠭᠠᠷ ᠤᠨ ᠰᠢᠨ᠎ᠡ ᠨᠢᠭᠡᠨ ᠵᠢᠯ ᠳᠤ ᠰᠡᠳᠬᠢᠯ ᠢᠶᠠᠨ ᠨᠢᠭᠡᠳᠤᠭᠦᠯᠤᠨ ᠬᠦᠴᠦ ᠪᠠᠨ ᠬᠠᠮᠲᠤᠳᠬᠠᠵᠤ ᠳᠠᠬᠢᠨ ᠰᠢᠨ᠎ᠠ ᠠᠮᠵᠢᠯᠲᠠ ᠭᠠᠷᠭᠠᠬᠤ ᠶᠢ ᠭᠥᠰᠡᠭᠰᠠᠨ ᠪᠠᠶᠢᠨ᠎ᠠ᠃
    ᠬᠦᠷᠦᠭᠰᠡᠨ ᠭᠠᠵᠠᠷ ᠪᠣᠯᠭᠠᠨ ᠳᠤ ᠡᠷᠳᠡᠨᠢᠪᠢᠯᠢᠭ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠠᠨ ᠡᠮᠦᠨ᠎ᠡ ᠹᠷᠣᠨᠲ ᠤᠨ ᠺᠠᠳ᠋ᠷ ᠠᠵᠢᠯᠲᠠᠨ ᠲᠠᠢ ᠳᠣᠲᠣᠨᠣ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠨ ᠨᠢᠭᠡ ᠵᠢᠯ ᠤᠨ ᠲᠤᠷᠰᠢᠬᠢ ᠠᠵᠢᠯ ᠢ ᠡᠷᠭᠢᠴᠡᠭᠦᠯᠵᠦ ᠤᠯᠠᠨ ᠲᠠᠶᠠᠭᠠᠷ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠤᠯᠭᠤᠭᠠᠨ ᠲᠤᠬᠤᠨᠢᠭᠤᠯᠬᠤ ᠶᠢᠨ ᠬᠠᠮᠳᠤ ᠰᠢᠨ᠎ᠡ ᠵᠢᠯ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠴᠠᠶ᠃ ᠰᠢᠨ᠎ᠡ ᠨᠢᠭᠡ ᠵᠢᠯ ᠳᠤ ᠰᠢᠨ᠎ᠡ ᠤᠢᠢᠯᠠᠭᠠᠭᠳᠠᠬᠤᠨ ᠢ ᠪᠠᠲᠤ ᠪᠤᠢ ᠪᠣᠯᠭᠠᠵᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠭᠥᠰᠡᠭᠰᠠᠨ ᠤ ᠬᠠᠮᠳᠤ ᠲᠣᠬᠤᠨᠢᠭᠤᠯᠬᠤ ᠨᠢᠭᠡᠴᠢ ᠳᠤ ᠲᠣᠬᠤᠨᠢᠭᠤᠯᠬᠤ ᠮᠥᠩᠭᠦ ᠬᠦᠷᠭᠡᠭᠰᠡᠨ ᠪᠠᠶᠢᠨ᠎ᠠ᠃
     ᠪᠠᠶᠠᠷ ᠤᠨ ᠡᠳᠦᠷ ᠤᠨ ᠬᠤᠭᠤᠴᠠᠭᠠᠨ ᠳᠤ᠂ ᠪᠥᠬᠦ ᠬᠤᠰᠢᠭᠤᠨ ᠤ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠠᠵᠢᠯ ᠤᠨ ᠪᠠᠶᠢᠷᠢ ᠪᠠᠨ ᠪᠠᠲᠤ ᠰᠠᠬᠢᠵᠤ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠴᠠᠭ ᠢᠮᠠᠭᠲᠠ ᠰᠢᠢᠳᠪᠦᠷᠢᠯᠡᠵᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠬᠤ ᠪᠣᠯᠤᠨ᠎ᠠ᠃ ᠡᠷᠳᠡᠨᠢᠪᠢᠯᠢᠭ ᠭᠠᠯᠠᠭᠤᠲᠤ ᠨᠢᠭᠡᠳᠦᠭᠡᠷ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠮᠢᠶᠠᠷᠤᠯᠳᠠ ᠶᠢᠨ ᠶᠡᠭᠡ ᠠᠩᠭᠢ᠂ ᠰᠠᠬᠢᠨ ᠬᠤᠷᠢᠬᠤ ᠭᠠᠵᠠᠷ ᠲᠤ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠤ ᠠᠮᠤᠷ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠪᠥᠬᠦ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠠᠨ ᠪᠥᠬᠦ ᠬᠤᠰᠢᠭᠤᠨ ᠤ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠤ ᠪᠠᠨ᠂ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦ᠂ ᠪᠣᠭᠤᠮᠲᠠ ᠰᠢᠪᠲᠤᠯᠬᠤ ᠳᠠᠭᠠᠨ ᠴᠢᠳᠠᠮᠠᠭᠠᠶ᠂ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠡᠶ᠎ᠡ ᠵᠤᠭᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠬᠦᠯᠵᠣ ᠰᠢᠨ᠎ᠡ ᠨᠢᠭᠡᠨ ᠵᠢᠯ ᠳᠤ ᠣᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ ᠰᠠᠶᠢᠨ ᠰᠠᠶᠢᠬᠠᠨ ᠠᠵᠢᠯ ᠤᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠡᠯ᠎ᠡ ᠲᠥᠷᠤᠯ ᠤᠨ ᠠᠵᠢᠯ ᠢᠶᠠᠨ ᠰᠠᠶᠢᠲᠤᠷ ᠬᠢᠵᠦ ᠪᠥᠭᠦ ᠬᠤᠰᠢᠭᠤᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠨ ᠥᠷᠭᠡᠨ ᠣᠯᠠᠨ ᠰᠠᠭᠤᠭᠠᠯᠢ ᠠᠷᠠᠳ ᠤᠨ ᠪᠠᠶᠠᠷ ᠬᠥᠷ ᠲᠠᠢ ᠵᠢᠯ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃
     ᠬᠤᠲᠠ ᠶᠢᠨ ᠠᠷᠢᠭᠤᠨ ᠴᠡᠪᠡᠷ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠬᠥᠳᠡᠯᠮᠦᠷᠢ ᠠᠴᠠ ᠰᠠᠯᠵᠤ ᠴᠢᠳᠠᠬᠤ ᠦᠭᠡᠢ ᠶᠤᠮ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠣᠯᠠᠩᠬᠢ ᠨᠢ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠲᠣᠬᠢᠶᠠᠯ ᠢᠶᠠᠨ ᠲᠠᠶᠠᠭᠳᠠᠵᠤ ᠠᠵᠢᠯ ᠤᠨ ᠪᠠᠶᠢᠷᠢ ᠪᠠᠨ ᠰᠠᠭᠢᠳᠠᠭ᠃ ᠡᠷᠳᠡᠨᠢᠪᠢᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠤᠩ ᠬᠠᠯᠠᠮᠵᠢᠯᠠᠨ ᠥᠵᠠᠵᠤ ᠬᠤᠰᠢᠭᠤ ᠨᠡᠶᠢᠲᠡ ᠶᠢᠨ ᠶᠠᠪᠤᠳᠠᠯ ᠤᠨ ᠭᠥᠭᠵᠢᠯᠳᠠ ᠶᠢᠨ ᠲᠥᠪ ᠲᠤ ᠬᠦᠷᠴᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠦᠬᠦ ᠬᠤᠰᠢᠭᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠡᠭᠢᠯᠡᠭᠰᠠᠨ ᠠᠴᠠ ᠨᠠᠰᠢ᠂ ᠪᠥᠭᠦ ᠬᠤᠰᠢᠭᠤᠨ ᠤ ᠤᠷᠴᠢᠨ ᠲᠤᠭᠤᠷᠢᠨ ᠰᠢᠨ᠎ᠠ ᠬᠤᠪᠢᠷᠠᠯᠳᠠ ᠲᠠᠢ ᠪᠤᠯᠤᠭᠰᠠᠨ ᠠᠮᠵᠢᠯᠲᠠ ᠪᠦᠲᠦᠮᠵᠢ ᠨᠢ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠭᠠᠪᠢᠶ᠎ᠠ ᠵᠢᠳᠬᠦᠯ ᠠᠴᠠ ᠰᠠᠯᠵᠤ ᠴᠢᠳᠠᠰᠢ ᠥᠭᠡᠢ ᠶᠤᠮ᠃ ᠣᠯᠠᠨ ᠢᠶᠠᠷ ᠢᠶᠠᠨ ᠵᠦᠳᠡᠷᠡᠯ᠎ᠡ︕ ᠰᠢᠨ᠎ᠡ ᠨᠢᠭᠡ ᠵᠢᠯ ᠳᠤ᠂ ᠲᠠᠶᠠᠭᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠬᠤᠲᠠ ᠶᠢᠨ ᠣᠷᠴᠢᠨ ᠲᠣᠭᠤᠷᠢᠨ ᠤ ᠳᠡᠭᠡᠭᠰᠢᠯᠡᠯᠲᠡ ᠳᠤ ᠳᠠᠬᠢᠨ ᠰᠢᠨ᠎ᠡ ᠬᠤᠪᠢ ᠨᠠᠮᠠᠷᠢ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃
    ᠵᠡᠪᠰᠡᠭᠲᠦ ᠴᠠᠭᠳᠠᠭᠠᠨ ᠤ ᠳᠤᠮᠳᠠ ᠠᠩᠭᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠡᠷᠳᠡᠨᠢᠪᠢᠯᠢᠭ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠭᠠᠷ ᠠᠳᠬᠤᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠠᠨ ᠴᠠᠭᠠᠨ ᠰᠠᠷ᠎ᠠ ᠶᠢᠨ ᠮᠠᠨᠳᠤᠴᠢᠯᠠᠯ ᠪᠠ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠦ ᠲᠡᠳᠡᠨ ᠤ ᠰᠢᠨ᠎ᠡ ᠵᠢᠯ ᠳᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠥᠢᠯᠠᠰ ᠤᠷᠤᠭᠰᠢᠲᠠᠶ ᠪᠠᠶᠢᠬᠤ ᠶᠢ ᠵᠥᠩᠨᠡᠭᠰᠠᠨ ᠪᠠᠶᠢᠨ᠎ᠠ᠃ ᠣᠯᠠᠨ ᠲᠠᠶᠠᠭᠠᠷ ᠤᠨ ᠰᠢᠨ᠎ᠡ ᠨᠢᠭᠡᠨ ᠵᠢᠯ ᠳᠤ ᠦᠦᠰᠢᠨ ᠤ ᠰᠣᠶᠣᠯ ᠢ ᠦᠷᠭᠦᠯᠵᠢᠯᠡᠨ ᠪᠠᠳᠠᠷᠠᠭᠤᠯᠵᠤ ᠡᠯ᠎ᠡ ᠲᠥᠷᠤᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠨ ᠮᠠᠨ ᠤ ᠬᠤᠰᠢᠭᠤᠨ ᠤ ᠴᠢᠨᠠᠷ ᠰᠠᠶᠢᠲᠠᠶ ᠭᠥᠭᠵᠢᠯᠳᠠ ᠶᠢ ᠠᠬᠢᠭᠤᠯᠵᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃
    ᠦᠤᠰᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠡᠷᠳᠡᠨᠢᠪᠢᠯᠢᠭ ᠨᠠᠷ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠭᠢᠬᠤ ᠡᠮᠴᠢ ᠰᠤᠪᠢᠯᠠᠭᠴᠢᠳ ᠲᠤ ᠴᠠᠭᠠᠨ ᠰᠠᠷ᠎ᠠ ᠶᠢᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠲᠡᠪᠰᠢᠭᠦᠯᠵᠤ ᠲᠠᠳᠠᠨ ᠤ ᠨᠠᠷᠢᠨ ᠬᠢᠨᠠᠮᠠᠭᠠᠢ ᠠᠵᠢᠯ ᠤᠨ ᠣᠪᠣᠷ ᠢᠶᠠᠷ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠳᠡᠭᠡᠳᠦ ᠬᠡᠮᠵᠢᠶᠡ ᠤ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠯᠢᠳᠡᠭ ᠡᠮᠴᠢᠯᠡᠭᠡᠨ ᠤ ᠥᠢᠯᠠᠴᠢᠯᠡᠭᠡ ᠬᠠᠩᠭᠠᠬᠤ ᠶᠢ ᠰᠠᠨᠠᠭᠤᠯᠵᠠᠢ᠃ ᠲᠡᠷᠡ ᠴᠢᠬᠤᠯᠠᠴᠢᠯᠠᠭᠰᠠᠨ ᠨᠢ᠂ ᠡᠮᠴᠢᠯᠡᠭᠡᠨ ᠤ ᠠᠵᠢᠯ ᠲᠦᠭ ᠲᠦᠮᠡᠨ ᠠᠶᠢᠯ ᠡᠷᠦᠬᠡ ᠪᠠ ᠣᠯᠠᠨ ᠲᠥᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠨᠢ ᠪᠠᠴᠢᠮ ᠪᠠᠶᠢᠳᠠᠯ ᠢ ᠰᠢᠢᠳᠪᠦᠷᠢᠯᠡᠬᠦ ᠡᠮ ᠤᠨ ᠪᠣᠳᠠᠰ ᠤᠨ ᠬᠠᠩᠭᠠᠯᠭ᠎ᠠ ᠪᠠ ᠠᠷᠠᠳ ᠣᠯᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ ᠶᠢ ᠪᠠᠲᠤᠯᠠᠵᠤ ᠥᠷᠭᠡᠨ ᠣᠯᠠᠨ ᠲᠥᠮᠡᠨ ᠤ ᠡᠷᠡᠭᠦᠯ ᠮᠡᠨᠳᠦ ᠠᠮᠤᠷ ᠠᠮᠤᠭᠤᠯᠠᠩ ᠡᠶ᠎ᠡ ᠨᠠᠶᠢᠷᠠᠮᠳᠠᠭᠤ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号