ᠮᠠᠨ ᠤ ᠬᠤᠰᠢᠭᠤ ᠭᠠᠯ ᠳᠠᠬᠢᠯᠭ᠎ᠠ ᠶᠢᠨ ᠬᠠᠮᠲᠤ ᠶᠢᠨ ᠵᠢᠴᠢ ᠴᠠᠭᠠᠨ ᠰᠦᠯᠳᠡ ᠶᠢᠨ ᠠᠷᠢᠭᠤᠨ ᠭᠠᠯ ᠤᠨ ᠳᠠᠬᠢᠯᠭ᠎ᠠ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2020-01-19
     1 ᠰᠠᠷ᠎ᠠ ᠶᠢᠨ 17᠎ ᠤ ᠡᠳᠦᠷ᠂ ᠮᠠᠨ ᠤ ᠬᠤᠰᠢᠭᠤᠨ ᠤ ᠭᠠᠯ ᠳᠠᠬᠢᠯᠭ᠎ᠠ ᠶᠢᠨ ᠬᠠᠮᠲᠤ ᠶᠢᠨ ᠵᠢᠴᠢ ᠴᠠᠭᠠᠨ ᠰᠦᠯᠳᠡ ᠶᠢᠨ ᠠᠷᠢᠭᠤᠨ ᠭᠠᠯ ᠤᠨ ᠳᠠᠬᠢᠯᠭ᠎ᠠ ᠶᠢᠨ ᠠᠵᠢᠯᠯᠠᠭ᠎ᠠ ᠴᠠᠭᠠᠨ ᠰᠦᠯᠳᠡ ᠳᠠᠬᠢᠯᠭ᠎ᠠ ᠶᠢᠨ ᠲᠠᠯᠠᠪᠠᠢ ᠳᠤ ᠶᠠᠪᠤᠭᠳᠠᠵᠠᠶ᠃
     ᠲᠤᠰ ᠤᠳᠠᠭᠠᠨ ᠤ ᠠᠵᠢᠯᠯᠠᠭᠠᠨ ᠳᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠢ ᠯᠦ᠂ ᠬᠤᠰᠢᠭᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠮᠠᠨ ᠤ ᠬᠤᠰᠢᠭᠤᠨ ᠤ ᠰᠢᠶᠠᠨ ᠤ ᠳᠡᠰ ᠤᠨ ᠭᠡᠷ ᠲᠡᠭᠡᠨ ᠪᠠᠶᠢᠭ᠎ᠠ ᠤᠳᠤᠷᠢᠳᠦᠯᠭ᠎ᠠ ᠨᠠᠷ ᠵᠢᠴᠢ ᠴᠠᠭᠠᠨ ᠰᠦᠯᠳᠡ ᠶᠢᠨ ᠦᠭᠯᠢᠭᠡ ᠶᠢᠨ ᠡᠵᠡᠳ᠂ ᠮᠠᠯᠴᠢᠨ ᠲᠦᠮᠡᠨ ᠤᠷᠤᠯᠴᠠᠵᠤ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠯᠠᠨ ᠵᠠᠰᠠᠵᠤ ᠨᠠᠷᠢᠨ ᠨᠢᠮᠪᠠᠢ ᠪᠡᠯᠡᠳᠬᠡᠭᠰᠡᠨ ᠲᠠᠬᠢᠯᠭ᠎ᠠ ᠶᠢᠨ ᠡᠳ᠋ ᠪᠠᠨ ᠠᠪᠴᠤ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠵᠤ ᠤᠯᠠᠨ ᠢᠶᠠᠷ ᠢᠶᠠᠨ ᠥᠪᠡᠷ ᠥᠪᠡᠷ ᠤᠨ ᠳᠠᠬᠢᠯᠭ᠎ᠠ ᠶᠢᠨ ᠡᠳ᠋ ᠪᠠᠨ ᠭᠠᠯ ᠳᠤ ᠡᠷᠭᠦᠨ ᠲᠠᠬᠢᠵᠤ ᠲᠦᠷᠥ ᠲᠦᠪᠰᠢᠨ ᠲᠦᠮᠡᠨ ᠠᠮᠤᠭᠤᠯᠠᠩ᠂ ᠨᠠᠷᠠ ᠬᠤᠷ᠎ᠠ ᠲᠡᠩᠴᠡᠭᠦᠤ᠂ ᠨᠤᠳᠤᠭ ᠤᠰᠣ ᠬᠦᠭᠵᠢᠯ ᠪᠠᠳᠠᠷᠠᠯ ᠲᠠᠢ ᠪᠠᠶᠢᠬᠤ ᠪᠠᠨ ᠭᠠᠯ ᠤᠨ ᠪᠤᠷᠬᠠᠨ ᠳᠤ ᠵᠠᠯᠪᠢᠷᠠᠨ ᠳᠠᠭᠠᠳᠬᠠᠵᠠᠭᠠᠪᠠ᠃
     ᠮᠠᠨ ᠤ ᠬᠤᠰᠢᠭᠤ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢᠶᠠᠷ ᠭᠦᠨ ᠵᠤᠵᠠᠭᠠᠨ ᠣᠷᠣᠨ ᠤ ᠨᠢᠭᠡ ᠪᠠᠶᠢᠵᠤ ᠴᠢᠩᠭᠢᠰ ᠬᠠᠭᠠᠨ ᠤ ᠴᠠᠭᠠᠨ ᠰᠦᠯᠳᠡ ᠶᠢᠨ ᠲᠠᠬᠢᠯᠭ᠎ᠠ ᠨᠢ ᠠᠳᠡ ᠪᠦᠷᠢᠨ ᠪᠦᠲᠦᠨ ᠤᠯᠠᠮᠵᠢᠯᠠᠭᠳᠠᠨ ᠴᠠᠭᠠᠨ ᠰᠦᠯᠳᠡ ᠶᠢᠨ ᠠᠷᠢᠭᠤᠨ ᠭᠠᠯ ᠤᠨ ᠲᠠᠬᠢᠯᠭ᠎ᠠ ᠪᠣᠯ ᠦᠦᠰᠢᠨ ᠬᠤᠰᠢᠭᠤᠨ ᠤ ︽ᠴᠠᠭᠠᠨ ᠰᠦᠯᠳᠡ ᠶᠢᠨ ᠲᠠᠬᠢᠯᠭ᠎ᠠ︾᠎ ᠶᠢᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ ᠪᠢᠯᠢᠭ ᠤᠨ ᠤᠯᠠᠷᠢᠯ ᠤᠨ ᠦᠭᠡᠯᠵᠢᠨ ᠰᠠᠷ᠎ᠠ ᠶᠢᠨ ᠬᠤᠷᠢᠨ ᠭᠤᠷᠪᠠᠨ ᠳᠤ ᠲᠠᠬᠢᠳᠠᠭ ᠪᠢᠯᠡ᠃ ᠭᠠᠯ ᠲᠠᠭᠢᠯᠭ᠎ᠠ ᠨᠢ ᠮᠣᠩᠭᠤᠯᠴᠤᠳ ᠤᠨ ᠤᠯᠠᠮᠵᠢᠯᠠᠯᠲᠤ ᠰᠣᠶᠣᠯ ᠳᠤ ᠲᠦᠢᠯ ᠤᠨ ᠴᠢᠬᠤᠯᠠ ᠪᠠᠶᠢᠷᠢ ᠰᠠᠭᠤᠷᠢ ᠶᠢ ᠡᠵᠡᠯᠡᠵᠤ ᠮᠣᠩᠭᠤᠯᠴᠤᠳ ᠤᠨ ᠤᠶᠤᠨ ᠤ ᠰᠣᠶᠣᠯ ᠤᠨ ᠴᠢᠬᠤᠯᠠ ᠥᠪ ᠬᠦᠷᠦᠩᠬᠡ ᠪᠣᠯᠤᠨ᠎ᠠ᠃ ᠭᠠᠯ ᠪᠣᠯ ᠠᠷᠢᠭᠤᠨ ᠴᠡᠪᠡᠷ ᠤᠨ ᠪᠡᠯᠭᠡ ᠲᠡᠮᠳᠡᠭ ᠪᠠ ᠰᠠᠬᠢᠭᠤᠯᠤᠨ ᠤ ᠪᠦᠷᠢᠯᠸ᠎ᠠ ᠮᠥᠨ᠂ ᠭᠠᠯ ᠪᠣᠯ ᠦᠨᠳᠦᠰᠦᠲᠡᠨ᠂ ᠠᠶᠢᠮᠠᠭ ᠪᠠ ᠭᠡᠷ ᠪᠦᠯᠢ ᠶᠢᠨ ᠬᠠᠮᠠᠭᠠᠯᠠᠯᠲᠠ ᠶᠢᠨ ᠰᠠᠬᠢᠭᠤᠯᠰᠤᠨ ᠮᠥᠨ᠂ ᠬᠥᠮᠦᠰ ᠲᠤ ᠵᠣᠯ ᠵᠢᠷᠭᠠᠯ ᠪᠠ ᠡᠳ᠋ ᠪᠠᠶᠠᠯᠢᠭ ᠢ ᠰᠣᠶᠣᠷᠬᠠᠵᠤ ᠪᠣᠯᠬᠤ ᠪᠥᠭᠡᠳ ᠪᠠᠰᠠ ᠴᠤ ᠬᠥᠮᠦᠨ ᠪᠦᠬᠦᠨ ᠬᠥᠭᠵᠢᠨ ᠮᠠᠨᠳᠤᠵᠤ ᠤᠳᠤᠮ ᠤᠭᠰᠠᠭ᠎ᠠ ᠵᠠᠯᠭᠠᠬᠤ ᠶᠢᠨ ᠡᠬᠢ ᠪᠤᠯᠠᠭ ᠮᠥᠨ ᠭᠡᠵᠦ ᠮᠣᠩᠭᠤᠯᠴᠤᠳ ᠦᠵᠡᠳᠡᠭ᠃
 
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号